︵2025 ᠣᠨ ᠤ 2 ᠰᠠᠷ᠎ᠠ ᠶᠢᠨ 20 ᠤ ᠡᠳᠦᠷ︶ | | 2025 ᠣᠨ ᠵᠢᠴᠢ ᠬᠤᠶᠢᠰᠢᠳᠠ ᠶᠢᠨ ᠨᠢᠭᠡ ᠬᠤᠭᠤᠴᠠᠭᠠᠨ ᠤ ︽ᠮᠠᠯ ᠠᠵᠤ ᠠᠬᠤᠶ ᠲᠠᠷᠢᠶᠠᠯᠠᠩ᠂ ᠮᠠᠯᠵᠢᠬᠤ | ᠲᠠᠷᠢᠶᠠᠯᠠᠬᠤ ᠣᠷᠣᠨ᠂ ᠮᠠᠯᠴᠢᠨ ᠲᠠᠷᠢᠶᠠᠴᠢᠨ︾ ᠤ ᠠᠵᠢᠯ ᠢ ᠰᠠᠶᠢᠲᠤᠷ ᠬᠢᠬᠦ ᠳᠤ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦ᠋ᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ | ᠪᠤᠯᠭᠠᠬᠤ ᠶᠢ ᠪᠠᠷᠢᠮᠳᠠᠯᠠᠨ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ | ᠬᠤᠶᠠᠳᠤᠭᠠᠷ ᠪᠦᠭᠦᠳᠡ ᠬᠤᠷᠠᠯ᠂ ᠭᠤᠷᠪᠠᠳᠤᠭᠠᠷ ᠪᠦᠭᠦᠳᠡ ᠬᠤᠷᠠᠯ ᠤᠨ ᠵᠤᠷᠢᠭ ᠰᠠᠨᠠᠭ᠎ᠠ ᠶᠢ ᠪᠦ᠋ᠬᠦ ᠲᠠᠯ᠎ᠠ ᠪᠠᠷ | ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ︽ᠬᠥᠳᠡᠭᠡ ᠠᠵᠤ ᠠᠬᠤᠢ ᠬᠥᠳᠡᠭᠡ ᠲᠣᠰᠬᠤᠨ | ᠲᠠᠷᠢᠶᠠᠴᠢᠨ︾ ᠤ ᠠᠵᠢᠯ ᠤᠨ ᠲᠤᠬᠠᠢ ᠴᠢᠬᠤᠯᠠ ᠥᠭᠦᠯᠡᠯᠲᠡ ᠪᠣᠯᠤᠨ ᠥᠪᠥᠷ ᠮᠣᠩᠭᠤᠯ ᠤᠨ ᠲᠤᠬᠠᠢ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠤᠯ ᠰᠢᠵᠢᠮ ᠤᠨ ᠲᠣᠭᠤᠷᠢᠨ ᠳᠤ᠂ ︽ᠮᠢᠩᠭ᠎ᠠ | ᠲᠦᠮᠡ ᠶᠢᠨ ᠢᠨᠵᠧᠨᠧᠷᠢᠩ︾ ᠤᠨ ᠲᠤᠷᠰᠢᠯᠭ᠎ᠠ ᠶᠢ ᠭᠦᠨᠵᠡᠭᠡᠶ ᠰᠤᠷᠤᠯᠴᠠᠨ ᠬᠡᠷᠡᠭᠯᠡᠵᠦ᠂ ᠤᠯᠤᠰ ᠤᠨ ᠴᠢᠬᠤᠯᠠ | ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠢ ᠴᠢᠨᠠᠷ ᠰᠠᠶᠢᠲᠠᠶ | ᠪᠦᠲᠦᠭᠡᠨ ᠪᠠᠶᠢᠭᠤᠯᠬᠤ ᠬᠠᠷᠠᠯᠲᠠ ᠶᠢ ᠡᠵᠡᠮᠳᠡᠵᠦ᠂ ᠮᠠᠯᠵᠢᠬᠤ ᠲᠠᠷᠢᠶᠠᠯᠠᠬᠤ ᠣᠷᠣᠨ ᠤ ᠥᠭᠡᠷᠡᠴᠢᠯᠡᠯᠲᠡ ᠶᠢ ᠤᠯᠠᠮ | ᠨᠢᠭᠡ ᠠᠯᠬᠤᠮ ᠭᠦᠨᠵᠡᠭᠡᠶᠢᠷᠡᠭᠦᠯᠦᠨ᠂ ᠲᠠᠪᠤᠨ ᠱᠠᠲᠤᠨ ᠤ ᠱᠦᠵᠢ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠠᠳᠬᠤᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠤᠯᠤᠰ ᠤᠨ ᠠᠮᠤ | ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠬᠦᠨᠳᠦ ᠡᠭᠦᠷᠭᠡ ᠶᠢ ᠪᠠᠲᠤ ᠡᠭᠦᠷᠭᠡᠯᠡᠵᠦ᠂ ᠬᠡᠪᠴᠢᠶᠡᠵᠢᠯ ᠤᠨ | ᠴᠢᠨᠠᠷᠲᠠᠶ ᠪᠠᠷ ᠳᠠᠬᠢᠨ ᠶᠠᠳᠠᠭᠤᠷᠠᠬᠤ ᠥᠬᠡᠶ ᠪᠠᠶᠢᠬᠤ ᠬᠤᠷᠢᠭ᠎ᠠ ᠱᠤᠭᠤᠮ ᠢ ᠪᠠᠲᠤ ᠰᠠᠬᠢᠵᠦ᠂ ᠣᠳᠣᠬᠢᠴᠢᠯᠠᠭᠰᠠᠨ | ᠲᠣᠮᠣ ᠮᠠᠯ ᠠᠵᠤ ᠠᠬᠤᠶ ᠲᠠᠷᠢᠶᠠᠯᠠᠩ ᠢ ᠲᠦᠷᠭᠡᠳᠭᠡᠨ ᠬᠥᠭᠵᠢᠭᠦᠯᠵᠦ᠂ ᠬᠥᠳᠡᠭᠡ ᠲᠣᠰᠬᠤᠨ ᠤ ᠠᠵᠤ ᠦᠢᠯᠡᠰ ᠤᠨ | ᠬᠥᠭᠵᠢᠯᠲᠡ ᠶᠢᠨ ᠲᠦᠪᠰᠢᠨ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠲᠦᠪᠰᠢᠨ᠂ ᠬᠥᠳᠡᠭᠡ | ᠲᠣᠰᠬᠤᠨ ᠤ ᠵᠠᠰᠠᠯᠲᠠ ᠶᠢᠨ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ᠃ ︽ᠬᠥᠳᠡᠭᠡ ᠲᠣᠰᠬᠤᠨ ᠤ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ ᠬᠥᠳᠡᠭᠡ ᠲᠣᠰᠬᠤᠨ ᠢ ᠪᠥᠬᠦ ᠲᠠᠯ᠎ᠠ ᠪᠠᠷ | ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠶ ᠠᠬᠢᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ᠢ ᠦᠨᠳᠦᠰᠦᠯᠡᠨ᠂ ᠥᠪᠡᠷᠲᠡᠭᠡᠨ | ᠵᠠᠰᠠᠬᠤ ᠣᠷᠣᠨ ᠤ ᠪᠣᠳᠠᠲᠠᠶ ᠲᠠᠢ ᠤᠶᠠᠯᠳᠤᠭᠤᠯᠵᠤ᠂ ᠡᠳᠦᠭᠡ ᠳᠤᠤᠷᠠᠬᠢ ᠮᠡᠲᠦ ᠰᠠᠨᠠᠯ ᠢ ᠳᠤᠷᠠᠳᠪᠠ᠃ | ᠨᠢᠭᠡ᠂ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠭᠠᠷᠤᠯᠲᠠ ᠶᠢ | ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠬᠤ ᠬᠠᠷᠢᠭᠤᠴᠠᠯᠭ᠎ᠠ ᠶᠢ ᠪᠠᠲᠤ ᠡᠭᠦᠷᠭᠡᠯᠡᠨ᠎ᠡ | ︵ᠨᠢᠭᠡ︶ ᠠᠮᠤ ᠪᠤᠳᠠᠭᠠᠨ ᠤ ᠦᠢᠯᠡᠳᠪᠦᠷᠢᠯᠡᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠨ᠎ᠠ᠃ ᠠᠮᠤ | ᠪᠤᠳᠠᠭᠠᠨ ᠤ ᠠᠮᠤᠷ ᠲᠦᠪᠰᠢᠨ ᠳᠤ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ ᠶᠢ ᠨᠠᠶᠢᠳᠠᠪᠤᠷᠢᠵᠢᠭᠤᠯᠵᠤ᠂ | ᠰᠢᠨ᠎ᠡ ᠨᠢᠭᠡ ᠡᠭᠡᠯᠵᠢ ᠶᠢᠨ ᠮᠢᠩᠭᠠᠨ ᠳ᠋ᠦᠩᠰᠢᠭᠤᠷ ᠵᠢᠩ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ | ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠶ ᠠᠬᠢᠭᠤᠯᠤᠨ᠎ᠠ᠃ ᠠᠮᠤ ᠪᠤᠳᠠᠭ᠎ᠠ ᠲᠣᠰᠣ ᠵᠡᠷᠭᠡ ᠲᠠᠷᠢᠮᠠᠯ ᠤᠨ ᠲᠠᠯᠠᠪᠠᠢ | ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠭᠤᠣᠯ ᠪᠣᠯᠬᠤ ᠲᠠᠷᠢᠮᠠᠯ ᠤᠨ | ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠵᠢᠱᠢᠶ᠎ᠡ ᠦᠵᠡᠭᠦᠯᠬᠦ ᠣᠷᠣᠨ ᠢ 1000 ᠲᠦᠮᠡᠨ ᠮᠦ ᠣᠷᠴᠢᠮ | ᠪᠠᠶᠢᠭᠤᠯᠤᠨ᠎ᠠ᠃ ᠡᠷᠳᠡᠨᠢ ᠰᠢᠰᠢ᠂ ᠰᠢᠷ᠎ᠠ ᠪᠤᠷᠴᠠᠭ᠂ ᠲᠥᠮᠥᠰᠥ ᠦᠢᠯᠡᠳᠪᠦᠷᠢᠯᠡᠭᠴᠢᠳ ᠲᠤ ᠨᠥᠬᠦᠪᠥᠷᠢ ᠥᠭᠬᠦ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠤᠨ ᠰᠢᠮ᠎ᠡ ᠬᠦᠴᠦ ᠶᠢ ᠬᠠᠮᠠᠭᠠᠯᠠᠬᠤ | ᠨᠥᠬᠦᠪᠥᠷᠢ ᠶᠢᠨ ᠣᠨᠣᠪᠴᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠭᠤᠷᠪᠠᠨ ᠶᠡᠭᠡ ᠭᠤᠤᠯ ᠪᠤᠯᠬᠤ ᠠᠮᠤ | ᠪᠤᠳᠠᠭᠠᠨ ᠤ ᠲᠠᠷᠢᠮᠠᠯ ᠤᠨ ᠲᠡᠭᠦᠰ ᠥᠪᠡᠷ ᠤᠨ ᠥᠷᠲᠡᠭ ᠤᠨ ᠳᠠᠭᠠᠳᠬᠠᠯ ᠪᠤᠶᠤ ᠲᠠᠷᠢᠮᠠᠯ ᠤᠨ ᠣᠷᠣᠯᠭ᠎ᠠ ᠶᠢᠨ | ᠳᠠᠭᠠᠳᠬᠠᠯ ᠢ ᠪᠦᠷᠢᠨ ᠪᠥᠷᠬᠦᠭᠦᠯᠬᠦ ᠶᠢ ᠠᠬᠢᠭᠤᠯᠵᠤ᠂ ᠰᠢᠷ᠎ᠠ ᠪᠤᠷᠴᠠᠭ ᠤᠨ ᠲᠡᠭᠦᠰ ᠥᠪᠡᠷ ᠤᠨ ᠥᠷᠲᠡᠭ ᠤᠨ | ᠳᠠᠭᠠᠳᠬᠠᠯ ᠪᠤᠶᠤ ᠲᠠᠷᠢᠮᠠᠯ ᠤᠨ ᠣᠷᠣᠯᠭ᠎ᠠ ᠶᠢᠨ ᠳᠠᠭᠠᠳᠬᠠᠯ ᠢ ᠦᠷᠭᠦᠯᠵᠢᠯᠡᠨ ᠬᠡᠷᠡᠭᠵᠢᠭᠦᠯᠦᠨ᠎ᠡ᠃ ᠲᠥᠪ ᠤᠨ ᠠᠮᠤ | ᠪᠤᠳᠠᠭ᠎ᠠ ᠲᠤᠰᠤᠯᠢᠭ ᠲᠠᠷᠢᠮᠠᠯ ᠤᠨ ᠲᠤᠰᠬᠠᠶ ᠵᠦᠢᠯ ᠤᠨ ᠵᠢᠭᠡᠯᠡᠯᠭᠡ ᠶᠢᠨ ᠳᠠᠮ ᠬᠦᠦ ᠮᠦᠡᠭᠬᠦ ᠶᠢᠨ ᠲᠤᠷᠰᠢᠯᠲᠠ ᠶᠢᠨ | ᠴᠡᠭ ᠢᠶᠠᠷ ᠢᠳᠡᠪᠬᠢᠳᠡᠢ ᠡᠷᠡᠮᠡᠯᠵᠡᠨᠠ᠃ ᠠᠮᠤ ᠪᠤᠳᠠᠭᠠᠨ ᠤ ᠭᠤᠣᠯ ᠭᠠᠷᠤᠯᠲᠠ ᠶᠢᠨ ᠣᠷᠣᠨ ᠤ ᠱᠠᠩᠨᠠᠯ ᠪᠠ | ᠨᠥᠬᠦᠪᠥᠷᠢ ᠶᠢᠨ ᠤᠷᠮᠠᠰᠢᠭᠤᠯᠬᠤ ᠳᠦᠷᠢᠮ ᠪᠠ ᠦᠢᠯᠡᠳᠪᠦᠷᠢᠯᠡᠯ ᠪᠣᠷᠣᠯᠠᠭᠤᠯᠭ᠎ᠠ ᠶᠢᠨ ᠣᠷᠣᠨ ᠤ ᠮᠤᠵᠢ ᠶᠢᠨ | ᠬᠤᠭᠤᠷᠣᠨᠳᠣᠬᠢ ᠬᠥᠨᠳᠡᠯᠡᠨ ᠴᠢᠭᠯᠡᠯ ᠤᠨ ᠠᠰᠢᠭ ᠲᠤᠰᠠ ᠶᠢᠨ ᠨᠥᠬᠦᠪᠥᠷᠢ ᠥᠭᠬᠦ ᠲᠣᠭᠲᠠᠴᠠ ᠶᠢ ᠰᠠᠶᠢᠲᠤᠷ | ᠬᠡᠷᠡᠭᠯᠡᠨ᠎ᠡ᠃ ᠠᠮᠤ ᠪᠤᠳᠠᠭ᠎ᠠ ᠬᠤᠳᠠᠯᠳᠤᠨ ᠠᠪᠬᠤ ᠪᠣᠷᠣᠯᠠᠭᠤᠯᠬᠤ ᠪᠠ ᠨᠥᠭᠡᠴᠡᠯᠡᠬᠦ ᠬᠠᠮᠢᠶᠠᠷᠤᠯᠲᠠ ᠶᠢᠨ ᠪᠠᠶᠢᠭᠤᠯᠤᠯ | ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ | ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠪᠤᠷᠢᠵᠢᠭᠤᠯᠬᠤ ᠪᠠ ᠨᠥᠭᠡᠴᠡᠯᠡᠬᠦ ᠳᠦᠷᠢᠮ ᠢ | ᠪᠦᠷᠢᠨᠰᠢᠭᠦᠯᠦᠨ᠎ᠡ᠃ ᠠᠮᠤ ᠪᠤᠳᠠᠭ᠎ᠠ ᠶᠢ ᠠᠷᠪᠢᠯᠠᠨ ᠭᠠᠮᠨᠠᠬᠤ ᠪᠠ ᠢᠳᠡᠭᠡᠨ ᠢ ᠪᠦᠷᠢᠯᠭᠡᠨ ᠰᠦᠢᠳᠭᠡᠬᠦ ᠶᠢ ᠡᠰᠡᠷᠭᠦᠴᠡᠬᠦ | ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ᠠᠮᠤ ᠪᠤᠳᠠᠭ᠎ᠠ ᠡᠳ᠋ᠰᠢᠭᠦᠯᠬᠦ᠂ ᠲᠡᠭᠡᠭᠡᠪᠦᠷᠢᠯᠡᠬᠦ ᠭᠤᠭᠴᠤᠭ᠎ᠠ ᠶᠢᠨ | ᠬᠤᠬᠢᠷᠠᠯ ᠢ ᠪᠦᠷᠢᠳᠭᠡᠨ ᠪᠠᠶᠢᠴᠠᠭᠠᠬᠤ ᠶᠢ ᠯᠠᠪᠳᠠᠭᠤᠨ ᠪᠠᠲᠤᠲᠠᠶ ᠥᠷᠨᠢᠭᠦᠯᠵᠦ᠂ ᠠᠮᠤ ᠪᠤᠳᠠᠭ᠎ᠠ ᠶᠢ ᠪᠦᠷᠢᠯᠭᠡᠨ | ᠰᠦᠢᠳᠭᠡᠬᠦ ᠪᠠ ᠢᠳᠡᠭᠡᠨ ᠢ ᠪᠦᠷᠢᠯᠭᠡᠨ ᠰᠦᠢᠳᠭᠡᠬᠦ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ | ︵ᠬᠤᠶᠠᠷ︶ ᠮᠠᠯ ᠠᠵᠤ ᠠᠬᠤᠢ ᠶᠢᠨ ᠲᠣᠭᠲᠠᠭᠤᠨ ᠬᠥᠭᠵᠢᠯᠲᠡ ᠶᠢ ᠠᠬᠢᠭᠤᠯᠤᠨ᠎ᠠ᠃ ᠠᠮᠢᠳᠤ ᠭᠠᠭ᠋ᠠᠶ ᠶᠢᠨ | ᠦᠢᠯᠡᠳᠪᠦᠷᠢᠯᠡᠯ ᠤᠨ ᠴᠢᠳᠠᠪᠤᠷᠢ ᠶᠢ ᠲᠣᠬᠢᠷᠠᠭᠤᠯᠤᠨ ᠡᠵᠡᠮᠳᠡᠬᠦ ᠰᠠᠭᠤᠷᠢᠨ ᠢ ᠪᠠᠶᠢᠭᠤᠯᠤᠨ᠎ᠠ᠃ ᠮᠠᠯ ᠠᠵᠤ | ᠠᠬᠤᠢ ᠶᠢᠨ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠦᠨ᠎ᠡ᠃ ᠰᠠᠭᠤᠷᠢ | ᠡᠬᠡ ᠮᠠᠯ ᠤᠨ ᠰᠦᠷᠦᠭ ᠢ ᠥᠷᠭᠡᠳᠭᠡᠨ ᠴᠢᠨᠠᠷ ᠢ ᠳᠡᠭᠡᠭᠰᠢᠯᠡᠭᠦᠯᠬᠦ ᠲᠥᠷᠥᠯ ᠵᠦᠢᠯ ᠪᠠ ᠵᠠᠭᠤᠨ ᠲᠦᠮᠡᠨ ᠮᠢᠬᠠᠨ ᠤ | ᠦᠬᠡᠷ ᠪᠣᠷᠳᠣᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠦᠨ᠎ᠡ᠃ ᠬᠠᠰᠢᠶᠠᠯᠠᠨ ᠲᠡᠵᠢᠭᠡᠬᠦ ᠶᠢ ᠶᠡᠭᠡ ᠪᠠᠷ | ᠬᠥᠭᠵᠢᠭᠦᠯᠵᠦ᠂ ᠮᠠᠯ ᠤᠨ ᠫᠧᠩ ᠬᠤᠷᠤᠭ᠎ᠠ ᠶᠢ 500 ᠲᠦᠮᠡᠨ ᠲᠡᠭᠰᠢ ᠳᠥᠷᠪᠡᠯᠵᠢᠨ ᠮᠧᠳ᠋ᠷ ᠪᠦᠲᠦᠭᠡᠨ ᠪᠠᠶᠢᠭᠤᠯᠵᠤ | ᠂ ᠮᠢᠬᠠᠨ ᠤ ᠦᠬᠡᠷ᠂ ᠮᠢᠬᠠᠨ ᠤ ᠬᠤᠨᠢᠨ ᠤ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠢ ︵ᠬᠦᠷᠢᠶᠡᠯᠡᠩ | ᠲᠣᠭᠤᠷᠢᠭ︶ ᠶᠢᠨ ᠪᠡᠯᠡᠳᠭᠡᠮᠵᠢ ᠲᠥᠬᠦᠭᠡᠷᠦᠮᠵᠢ ᠶᠢ ᠳᠡᠰ ᠳᠡᠪᠰᠢᠭᠦᠯᠦᠨ ᠥᠭᠡᠷᠡᠴᠢᠯᠡᠬᠦ ᠶᠢ ᠳᠠᠮᠵᠢᠨ᠎ᠠ᠃ 5 | ᠬᠤᠰᠢᠭᠤ ᠰᠢᠶᠠᠨ ᠳᠤ ᠪᠡᠯᠴᠢᠭᠡᠷ ᠤᠨ ᠮᠠᠯ ᠠᠵᠤ ᠠᠬᠤᠶ ᠶᠢᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ | ᠲᠤᠷᠰᠢᠯᠲᠠ ᠶᠢᠨ ᠴᠡᠭ ᠢ ᠭᠦᠨᠵᠡᠭᠡᠶ ᠥᠷᠨᠢᠭᠦᠯᠦᠨ᠎ᠡ᠃ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ | ᠨᠦᠬᠦᠪᠦᠷᠢ ᠪᠠ ᠱᠠᠩᠨᠠᠯ ᠤᠨ ᠪᠡᠯᠡ ᠮᠥᠩᠭᠦ ᠶᠢᠨ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠦᠨ᠂ ᠨᠤᠲᠤᠭ | ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠮᠠᠯᠵᠢᠬᠤ ᠠᠰᠠᠭᠤᠳᠠᠯ ᠢ ᠪᠦᠬᠦ ᠲᠠᠯ᠎ᠠ ᠪᠠᠷ ᠰᠢᠢᠳᠪᠦᠷᠢᠯᠡᠵᠦ᠂ | ᠪᠠᠶᠢᠭᠠᠯᠢ ᠨᠤᠲᠤᠭ ᠪᠡᠯᠴᠢᠭᠡᠷ ᠤᠨ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠵᠢᠭᠠᠯᠲᠠ ᠲᠤᠭ᠎ᠠ ᠶᠢ ᠪᠦᠬᠦᠨ ᠢ | 10% ᠠᠴᠠ ᠳᠣᠷᠣᠭᠰᠢ ᠪᠣᠯᠲᠠᠯ᠎ᠠ ᠪᠠᠭᠤᠷᠠᠭᠤᠯᠬᠤ ᠶᠢ ᠳᠠᠶᠢᠴᠢᠯᠠᠨ᠎ᠠ᠃ ᠬᠢᠩᠭᠠᠨ ᠠᠶᠢᠮᠠᠭ ᠤᠨ ᠤᠯᠤᠰ ᠤᠨ | ᠲᠠᠰ ᠤᠨ ᠣᠲᠣ ᠦᠶ᠎ᠡ ᠶᠢᠨ ᠮᠠᠯ ᠠᠵᠤ ᠠᠬᠤᠶ ᠶᠢᠨ ᠲᠤᠷᠰᠢᠯᠲᠠ ᠶᠢᠨ ᠣᠷᠣᠨ ᠪᠠᠶᠢᠭᠤᠯᠬᠤ ᠶᠢ ᠳᠡᠮᠵᠢᠨ᠎ᠡ᠃ ︽ | ᠳᠤᠮᠳᠠᠳᠤ ᠤᠯᠤᠰ ᠤᠨ ᠤᠮᠠᠷᠠᠲᠤ ᠬᠢᠯᠢ ᠶᠢᠨ ᠠᠮᠢᠲᠠᠨ ᠤ ᠡᠷᠡᠭᠦᠯ ᠮᠡᠨᠳᠦ ᠶᠢᠨ ᠬᠤᠩᠭᠢᠯ︾ ᠢ ᠡᠬᠢᠯᠡᠨ ᠪᠠᠶᠢᠭᠤᠯᠵᠤ᠂ | ᠬᠥᠬᠡᠬᠤᠲᠠ ᠵᠡᠷᠭᠡ 6 ᠠᠶᠢᠮᠠᠭ ᠬᠤᠲᠠ ᠶᠢᠨ ᠪᠥᠬᠦ ᠣᠷᠣᠨ ᠪᠦᠰᠡ ᠪᠠ 26 ᠦᠬᠡᠷ ᠬᠤᠨᠢ ᠲᠡᠵᠢᠭᠡᠨ ᠦᠷᠡᠵᠢᠭᠦᠯᠬᠦ | ᠲᠣᠮᠣ ᠰᠢᠶᠠᠨ ᠳᠤ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠨᠡᠶᠢᠲᠡᠯᠢᠭ ᠵᠠᠭᠪᠤᠷ ᠢ ᠳᠡᠯᠭᠡᠷᠡᠭᠦᠯᠦᠨ᠎ᠡ᠃ | ︵ᠭᠤᠷᠪᠠ︶ ᠰᠦ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ ᠡᠭᠦᠯᠳᠡᠷ ᠤᠨ ᠡᠬᠢ | ᠰᠤᠷᠪᠤᠯᠵᠢ ᠶᠢᠨ ᠥᠪᠡᠷ ᠢ ᠪᠠᠨ ᠬᠠᠩᠭᠠᠬᠤ ᠴᠢᠳᠠᠪᠤᠷᠢ ᠶᠢ ᠳᠡᠭᠡᠭᠰᠢᠯᠡᠭᠦᠯᠵᠦ᠂ ᠰᠠᠭᠠᠯᠢ ᠶᠢᠨ ᠦᠨᠢᠶᠡᠨ ᠤ ᠬᠦᠢᠰᠦ ᠶᠢ | ᠡᠵᠡᠮᠳᠡᠭᠰᠡᠨ ᠬᠦᠪᠦᠷᠡᠯ᠂ ᠬᠦᠢᠰᠦ ᠶᠢ ᠡᠵᠡᠮᠳᠡᠭᠰᠡᠨ ᠢᠴᠡᠭᠡᠯ ᠦᠷ᠎ᠡ ᠶᠢ ᠳᠡᠯᠭᠡᠷᠡᠭᠦᠯᠦᠨ ᠬᠡᠷᠡᠭᠯᠡᠨ᠎ᠡ᠃ ᠰᠠᠭᠤᠷᠢ | ᠦᠢᠯᠡᠳᠪᠦᠷᠢᠯᠡᠯ ᠤᠨ ᠴᠢᠳᠠᠪᠤᠷᠢ ᠶᠢ ᠲᠣᠭᠲᠠᠭᠤᠨ ᠪᠠᠶᠢᠯᠭᠠᠵᠤ᠂ 8 ᠬᠤᠰᠢᠭᠤ ᠰᠢᠶᠠᠨ ᠳᠤ ᠰᠦ ᠶᠢᠨ ᠦᠢᠯᠡᠰ ᠤᠨ | ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ ᠶᠢ ᠪᠦᠬᠦ ᠰᠢᠶᠠᠨ ᠢᠶᠠᠷ ᠲᠦᠯᠬᠢᠨ ᠠᠬᠢᠭᠤᠯᠬᠤ ᠲᠤᠷᠰᠢᠯᠲᠠ ᠶᠢᠨ | ᠴᠡᠭ ᠢ ᠥᠷᠨᠢᠭᠦᠯᠦᠨ᠎ᠡ᠃ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠵᠦ᠂ ᠪᠢᠰᠢᠯᠠᠭ᠂ ᠰᠢᠷᠠᠰᠤ ᠵᠡᠷᠭᠡ | ᠨᠠᠷᠢᠯᠢᠭ ᠡᠳ᠋ᠰᠢᠭᠦᠯᠬᠦ ᠠᠵᠤ ᠦᠢᠯᠡᠰ ᠢ ᠲᠦᠷᠭᠡᠳᠭᠡᠨ ᠪᠠᠶᠢᠷᠢᠰᠢᠭᠤᠯᠵᠤ᠂ ᠣᠷᠣᠨ ᠨᠤᠲᠤᠭ ᠤᠨ ᠣᠨᠴᠠᠯᠢᠭᠲᠤ | ᠴᠠᠭᠠᠨ ᠢᠳᠡᠭᠡᠨ ᠤ ᠵᠢᠵᠢᠭ ᠦᠢᠯᠡᠳᠭᠡᠯ ᠤᠨ ᠳᠡᠰ ᠳᠡᠪᠰᠢᠵᠦ᠂ ᠬᠦᠷᠢᠶᠡᠯᠡᠩ ᠲᠣᠭᠤᠷᠢᠭ ᠲᠡᠶᠢᠰᠢ ᠲᠥᠪᠯᠡᠷᠡᠬᠦ ᠶᠢ | ᠳᠠᠮᠵᠢᠨ᠎ᠠ᠃ ᠲᠦᠭᠦᠬᠡᠶ ᠰᠢᠨ᠎ᠡ ᠰᠦ ᠬᠤᠳᠠᠯᠳᠤᠨ ᠠᠪᠬᠤ ᠪᠠ ᠪᠣᠷᠣᠯᠠᠭᠤᠯᠬᠤ ᠡᠮᠬᠢ ᠳᠢᠭᠯᠢᠮ ᠢ | ᠲᠣᠭᠲᠠᠪᠤᠷᠢᠵᠢᠭᠤᠯᠤᠨ᠎ᠠ᠃ ᠪᠠᠺᠲ᠋ᠧᠷᠢ ᠤᠰᠠᠳᠬᠠᠭᠰᠠᠨ ᠰᠦ ᠶᠢᠨ ᠤᠯᠤᠰ ᠤᠨ ᠪᠠᠷᠢᠮᠵᠢᠶ᠎ᠠ ᠶᠢ | ᠨᠠᠶᠢᠳᠠᠪᠤᠷᠢᠵᠢᠭᠤᠯᠤᠨ᠎ᠠ᠃ ᠰᠦ ᠶᠢᠨ ᠭᠠᠷᠤᠯᠲᠠ ᠪᠦᠬᠦ ᠤᠯᠤᠰ ᠲᠤ ᠲᠡᠷᠢᠭᠦᠯᠡᠬᠦ ᠶᠢ ᠪᠠᠲᠤᠯᠠᠨ᠎ᠠ᠃ | ︵ᠳᠥᠷᠪᠡ︶ ᠣᠶ ᠰᠢᠭᠤᠶ ᠡᠪᠡᠰᠦᠨ ᠤ ᠠᠵᠤ ᠦᠢᠯᠡᠰ ᠢ ᠪᠤᠵᠠᠭᠠᠶᠢᠷᠠᠭᠤᠯᠤᠨ᠎ᠠ᠃ ᠦᠷ᠎ᠡ ᠪᠤᠶᠢᠵᠢᠭᠤᠯᠬᠤ ᠶᠢ | ᠰᠤᠳᠤᠯᠤᠨ ᠨᠡᠭᠡᠭᠡᠬᠦ ᠪᠠ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠨᠳᠤᠤᠰᠢᠭᠤᠯᠬᠤ ᠶᠢ | ᠴᠢᠩᠭᠠᠳᠬᠠᠨ᠎ᠠ᠃ ᠬᠡᠷᠡᠭᠴᠡᠭᠡ ᠨᠢ ᠲᠣᠭᠲᠠᠭᠤᠨ᠂ ᠤᠨᠠᠯᠲᠠ ᠨᠢ ᠲᠣᠭᠲᠠᠭᠤᠨ᠂ ᠶᠠᠰᠤ ᠴᠢᠨᠠᠷ ᠨᠢ ᠲᠣᠭᠲᠠᠭᠤᠨ | ᠲᠡᠵᠢᠭᠡᠯ ᠡᠪᠡᠰᠦ ᠶᠢᠨ ᠦᠢᠯᠡᠳᠪᠦᠷᠢᠯᠡᠯ ᠤᠨ ᠰᠠᠭᠤᠷᠢᠨ ᠢ ᠪᠦᠲᠦᠭᠡᠨ ᠪᠠᠶᠢᠭᠤᠯᠵᠤ᠂ ᠳᠠᠷᠤᠰᠢᠭᠤᠯᠤᠭᠰᠠᠨ ᠡᠷᠳᠡᠨᠢ | ᠰᠢᠰᠢ᠂ ᠲᠡᠵᠢᠭᠡᠯ ᠪᠣᠷᠳᠤᠭ᠎ᠠ ᠳᠤ ᠬᠡᠷᠡᠭᠯᠡᠬᠦ ᠨᠣᠬᠠᠶ ᠶᠢᠨ ᠬᠤᠰᠢᠭᠤ᠂ ᠴᠠᠷᠭᠠᠰᠤ᠂ ᠬᠢᠶᠠᠭ ᠵᠡᠷᠭᠡ ᠴᠢᠨᠠᠷ ᠰᠠᠶᠢᠲᠠᠶ | ᠲᠡᠵᠢᠭᠡᠯ ᠡᠪᠡᠰᠦ ᠲᠠᠷᠢᠬᠤ ᠶᠢ ᠦᠷᠭᠦᠯᠵᠢᠯᠡᠨ ᠠᠬᠢᠭᠤᠯᠤᠨ᠎ᠠ᠃ ᠪᠠᠶᠢᠭᠠᠯᠢ ᠪᠡᠯᠴᠢᠭᠡᠷ ᠤᠨ ᠦᠢᠯᠡᠳᠪᠦᠷᠢᠯᠡᠯ ᠤᠨ | ᠴᠢᠳᠠᠪᠤᠷᠢ ᠶᠢ ᠰᠡᠷᠭᠦᠭᠡᠨ ᠳᠡᠭᠡᠭᠰᠢᠯᠡᠭᠦᠯᠬᠦ ᠶᠢ ᠠᠬᠢᠭᠤᠯᠵᠤ᠂ ᠡᠪᠡᠰᠦ ᠪᠣᠷᠳᠣᠭᠠᠨ ᠤ ᠪᠥᠬᠦ ᠠᠵᠤ ᠦᠢᠯᠡᠰ ᠤᠨ | ᠬᠡᠯᠬᠢᠶ᠎ᠡ ᠶᠢᠨ ᠨᠢᠭᠡ ᠴᠤᠭᠴᠠᠵᠢᠭᠰᠠᠨ ᠬᠥᠭᠵᠢᠯᠲᠡ ᠶᠢ ᠲᠦᠷᠭᠡᠳᠭᠡᠨ ᠠᠬᠢᠭᠤᠯᠤᠨ᠎ᠠ᠃ ᠠᠵᠤ ᠠᠬᠤᠶ ᠶᠢᠨ ᠣᠶ ᠵᠢᠴᠢ | ᠣᠶ ᠳᠤᠲᠤᠷᠠᠬᠢ ᠠᠵᠤ ᠠᠬᠤᠶ ᠶᠢᠨ ᠲᠠᠷᠢᠮᠠᠯ ᠤᠨ ᠰᠠᠭᠤᠷᠢᠨ ᠤ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ | ᠣᠨᠴᠠᠯᠢᠭᠲᠤ ᠣᠶ ᠶᠢᠨ ᠭᠠᠷᠤᠯᠲᠠ ᠶᠢ ᠠᠭᠤᠯᠠᠨ ᠠᠴᠠ ᠪᠠᠭᠤᠯᠭᠠᠵᠤ ᠬᠥᠮᠥᠷᠭᠡ ᠳᠤ ᠣᠷᠣᠭᠤᠯᠤᠨ ᠦᠢᠯᠡᠳᠪᠦᠷᠢ ᠳᠤ | ᠣᠷᠣᠭᠤᠯᠬᠤ ᠶᠢ ᠠᠬᠢᠭᠤᠯᠤᠨ᠂ ᠣᠶ ᠰᠢᠭᠤᠶ ᠶᠢᠨ ᠢᠳᠡᠭᠡᠨ ᠤ ᠵᠦᠢᠯᠡᠰ ᠢ ᠨᠡᠭᠡᠭᠡᠨ ᠬᠥᠭᠵᠢᠭᠦᠯᠬᠦ ᠶᠢ ᠲᠦᠷᠭᠡᠳᠭᠡᠨ᠎ᠡ | ᠃ | ︵ᠲᠠᠪᠤ︶ ᠣᠳᠣ ᠦᠶ᠎ᠡ ᠶᠢᠨ ᠲᠦᠬᠦᠭᠡᠷᠦᠮᠵᠢᠲᠦ ᠲᠠᠷᠢᠶᠠᠯᠠᠩ ᠢ ᠲᠦᠷᠭᠡᠳᠭᠡᠨ ᠬᠥᠭᠵᠢᠭᠦᠯᠦᠨ᠎ᠡ᠃ | ᠲᠦᠬᠦᠭᠡᠷᠦᠮᠵᠢᠲᠦ ᠲᠠᠷᠢᠶᠠᠯᠠᠩ ᠤᠨ ᠪᠡᠯᠡ ᠮᠥᠩᠭᠦ ᠶᠢᠨ ᠱᠠᠩᠨᠠᠯ ᠨᠥᠬᠦᠪᠥᠷᠢ ᠪᠠ ᠵᠢᠭᠡᠯᠡᠯᠭᠡ ᠶᠢᠨ ᠳᠠᠮ ᠬᠦᠦ | ᠮᠦᠡᠭᠬᠦ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠰᠦᠯᠢᠶᠣᠣ ᠬᠦᠯᠡᠮᠵᠢ᠂ ᠨᠡᠷᠡᠨ ᠭᠡᠷᠡᠯ ᠤᠨ | ᠬᠦᠯᠡᠮᠵᠢ᠂ ᠲᠣᠮᠣ ᠬᠡᠯᠪᠡᠷᠢ ᠶᠢᠨ ᠤᠶᠤᠨᠴᠢ ᠬᠦᠯᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ | ︽ᠬᠤᠯᠢᠰᠢᠨ ᠢᠳᠡᠭᠡᠨ︾᠂ ︽ᠭᠤᠸ᠎ᠠ ᠵᠢᠮᠢᠰ︾᠂ ︽ᠡᠮ ᠤᠨ ᠵᠦᠢᠯ︾᠂ ︽ᠴᠡᠴᠡᠭ ᠬᠤᠸᠠᠷ︾᠂ ︽ | ᠮᠦᠬᠦ ᠶᠢᠨ ᠵᠦᠢᠯ︾ ᠵᠡᠷᠭᠡ ᠥᠨᠳᠥᠷ ᠨᠡᠮᠡᠯᠲᠡ ᠥᠷᠲᠡᠭ ᠪᠦᠬᠦᠢ ᠠᠵᠤ ᠦᠢᠯᠡᠰ ᠢ ᠶᠡᠭᠡ ᠪᠠᠷ ᠬᠥᠭᠵᠢᠭᠦᠯᠦᠨ᠎ᠡ᠃ | 25 ᠲᠦᠮᠡᠨ ᠮᠦ ᠲᠦᠬᠦᠭᠡᠷᠦᠮᠵᠢᠲᠦ ᠲᠠᠷᠢᠶᠠᠯᠠᠩ ᠢ ᠰᠢᠨ᠎ᠡ ᠪᠠᠷ ᠪᠠᠶᠢᠭᠤᠯᠵᠤ᠂ 5.6 ᠲᠦᠮᠡᠨ ᠮᠦ ᠬᠠᠭᠤᠴᠢᠨ | ᠲᠦᠬᠦᠭᠡᠷᠦᠮᠵᠢᠲᠦ ᠲᠠᠷᠢᠶᠠᠯᠠᠩ ᠢ ᠥᠭᠡᠷᠡᠴᠢᠯᠡᠨ ᠳᠡᠭᠡᠭᠰᠢᠯᠡᠭᠦᠯᠵᠦ᠂ ᠰᠤᠯᠠ ᠪᠠᠶᠢᠭ᠎ᠠ ᠲᠦᠬᠦᠭᠡᠷᠦᠮᠵᠢᠲᠦ ᠡᠬᠢ | ᠪᠠᠶᠠᠯᠢᠭ ᠢ ᠠᠮᠢᠳᠤᠯᠢᠭ ᠪᠣᠯᠭᠠᠨ᠎ᠠ᠃ 5000 ᠲᠦᠮᠡᠡ ᠰᠠᠭᠤᠷᠢ ᠠᠴᠠ ᠳᠡᠭᠡᠭᠰᠢ ᠦᠢᠯᠡᠳᠪᠦᠷᠢᠯᠡᠯ ᠤᠨ | ᠴᠢᠳᠠᠪᠤᠷᠢ ᠲᠠᠢ ᠣᠲᠣ ᠦᠶ᠎ᠡ ᠶᠢᠨ ᠲᠦᠬᠦᠭᠡᠷᠦᠮᠵᠢᠲᠦ ᠡᠷᠴᠢᠮᠵᠢᠭᠦᠯᠦᠨ ᠴᠢᠬᠢ ᠪᠤᠶᠢᠵᠢᠭᠤᠯᠬᠤ ᠲᠥᠪ ᠢ 5 | ᠪᠠᠶᠢᠭᠤᠯᠤᠨ᠎ᠠ᠃ ᠤᠯᠠᠭᠠᠨᠬᠠᠳᠠ ᠬᠤᠲᠠ ᠶᠢᠨ ᠲᠦᠬᠦᠭᠡᠷᠤᠮᠵᠢᠳᠤ ᠲᠠᠷᠢᠶᠠᠯᠠᠩ ᠤᠨ ᠬᠦᠴᠦᠷᠬᠡᠭ ᠬᠤᠲᠠ ᠶᠢ | ᠪᠠᠶᠢᠭᠤᠯᠬᠤ᠂ ᠪᠤᠭᠤᠲᠤ ᠬᠤᠲᠠ ᠶᠢᠨ ᠲᠦᠬᠦᠭᠡᠷᠤᠮᠵᠢᠳᠤ ᠲᠠᠷᠢᠶᠠᠯᠠᠩ ᠤᠨ ᠪᠥᠬᠦ ᠣᠷᠣᠨ ᠪᠦᠰᠡ ᠶᠢᠨ | ᠣᠶᠤᠨᠴᠢᠯᠠᠭᠰᠠᠨ ᠬᠠᠮᠢᠶᠠᠷᠤᠯᠲᠠ ᠡᠵᠡᠮᠳᠡᠯ ᠢ ᠤᠷᠢᠳ ᠢᠶᠠᠷ ᠪᠡᠶᠡᠯᠡᠭᠦᠯᠬᠦ ᠶᠢ ᠳᠡᠮᠵᠢᠨ᠎ᠡ᠃ | ︵ᠵᠢᠷᠭᠤᠭ᠎ᠠ︶ ᠲᠠᠷᠢᠶᠠᠨ ᠭᠠᠵᠠᠷ ᠢ ᠬᠠᠮᠠᠭᠠᠯᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃ ᠲᠠᠷᠢᠶᠠᠨ | ᠭᠠᠵᠠᠷ ᠤᠨ ᠲᠤᠭ᠎ᠠ ᠬᠡᠮᠵᠢᠶ᠎ᠡ᠂ ᠶᠠᠰᠤ ᠴᠢᠨᠠᠷ᠂ ᠠᠮᠢ ᠠᠬᠤᠶ ︽ᠭᠤᠷᠪᠠ ᠶᠢ ᠨᠢᠭᠡ ᠴᠤᠭᠴᠠᠵᠢᠭᠤᠯᠬᠤ︾ | ᠬᠠᠮᠠᠭᠠᠯᠠᠯᠲᠠ ᠶᠢᠨ ᠲᠦᠷᠢᠮ ᠤᠨ ᠰᠢᠰᠲ᠋ᠧᠮ ᠢ ᠪᠦᠷᠢᠨᠰᠢᠭᠦᠯᠦᠨ᠎ᠡ᠃ ᠲᠠᠷᠢᠶᠠᠨ ᠭᠠᠵᠠᠷ ᠢ ᠡᠵᠡᠯᠡᠬᠦ ᠪᠠ | ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠳᠦᠷᠢᠮ ᠤᠨ ᠥᠭᠡᠷᠡᠴᠢᠯᠡᠯᠲᠡ ᠶᠢ ᠠᠬᠢᠭᠤᠯᠵᠤ᠂ ᠲᠠᠷᠢᠶᠠᠨ ᠭᠠᠵᠠᠷ ᠢ | ᠡᠵᠡᠯᠡᠨ ᠬᠡᠷᠡᠭᠯᠡᠬᠦ ᠡᠯ᠎ᠡ ᠲᠥᠷᠥᠯ ᠤᠨ ᠦᠢᠯᠡ ᠠᠵᠢᠯᠯᠠᠭ᠎ᠠ ᠶᠢ ᠲᠠᠷᠢᠶᠠᠨ ᠭᠠᠵᠠᠷ ᠢ ᠡᠵᠡᠯᠡᠬᠦ ᠪᠠ ᠨᠥᠬᠦᠪᠥᠷᠢᠯᠡᠬᠦ ᠶᠢ | ᠲᠡᠩᠴᠡᠭᠦᠷᠢᠲᠡᠶ ᠪᠠᠶᠢᠯᠭᠠᠬᠤ ᠬᠠᠮᠢᠶᠠᠷᠤᠯᠲᠠ ᠳᠤ ᠣᠷᠣᠭᠤᠯᠵᠤ᠂ ᠲᠠᠷᠢᠶᠠᠨ ᠭᠠᠵᠠᠷ ᠤᠨ ᠶᠡᠷᠦᠩᠬᠡᠶ ᠬᠡᠮᠵᠢᠶ᠎ᠡ ᠶᠢ | ᠬᠠᠮᠢᠶᠠᠷᠤᠨ ᠡᠵᠡᠮᠳᠡᠬᠦ ᠪᠠ ᠲᠠᠷᠢᠶᠠᠨ ᠭᠠᠵᠠᠷ ᠢ ᠨᠥᠬᠦᠪᠥᠷᠢᠯᠡᠬᠦ ᠭᠦᠢᠴᠡᠳᠭᠡᠯ ᠲᠤᠭ᠎ᠠ ᠶᠢᠨ ᠬᠠᠮᠢᠶᠠᠷᠤᠯᠲᠠ ᠶᠢ | ᠴᠢᠩᠭᠠᠷᠠᠭᠤᠯᠤᠨ᠂ ᠡᠵᠡᠯᠡᠬᠦ ᠪᠠ ᠨᠥᠬᠦᠪᠥᠷᠢᠯᠡᠬᠦ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ ᠪᠣᠯᠤᠨ ᠶᠠᠰᠤ ᠴᠢᠨᠠᠷ ᠢ | ᠲᠡᠩᠴᠡᠭᠦᠷᠢᠲᠡᠶ ᠪᠠᠶᠢᠯᠭᠠᠬᠤ ᠪᠠᠷᠢᠮᠵᠢᠶ᠎ᠠ ᠳᠤ ᠬᠦᠷᠦᠭᠦᠯᠬᠦ ᠶᠢ ᠦᠨᠡᠨ ᠬᠦ ᠪᠠᠲᠤᠯᠠᠨ᠎ᠠ᠃ ᠬᠥᠳᠡᠭᠡ ᠲᠣᠰᠬᠤᠨ ᠤ | ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠨ ᠭᠡᠷ ᠪᠠᠶᠢᠰᠢᠩ ᠪᠠᠷᠢᠬᠤ ᠠᠰᠠᠭᠤᠳᠠᠯ ᠢ ᠡᠷᠡᠰ ᠬᠤᠷᠢᠭᠯᠠᠨ | ᠵᠣᠭᠰᠣᠭᠠᠵᠤ᠂ ᠣᠨ ᠤ ᠳᠠᠭᠠᠭᠤᠯᠢ ᠣᠳᠣᠨ ᠵᠢᠷᠤᠭ ᠢᠶᠠᠷ ᠬᠢᠨᠠᠨ ᠬᠡᠮᠵᠢᠬᠦ ᠪᠠ ᠤᠯᠤᠰ ᠤᠨ ᠭᠠᠵᠠᠷ ᠰᠢᠷᠣᠶ ᠶᠢᠨ | ᠬᠤᠪᠢᠷᠠᠯᠲᠠ ᠶᠢᠨ ᠪᠠᠶᠢᠴᠠᠭᠠᠯᠲᠠ ᠶᠢᠨ ᠵᠣᠯᠭᠠᠭᠤᠯᠤᠯᠲᠠ ᠶᠢ ᠰᠠᠶᠢᠲᠤᠷ ᠬᠢᠨ᠎ᠡ᠃ ᠲᠠᠷᠢᠶᠠᠨ ᠭᠠᠵᠠᠷ ᠤᠨ ᠲᠠᠷᠢᠮᠠᠯ ᠤᠨ | ᠬᠡᠷᠡᠭᠴᠡᠭᠡ ᠶᠢ ᠬᠠᠮᠢᠶᠠᠷᠤᠨ ᠡᠵᠡᠮᠳᠡᠬᠦ ᠶᠢ ᠯᠠᠪᠳᠠᠭᠤᠨ ᠢᠶᠠᠷ ᠠᠬᠢᠭᠤᠯᠤᠨ᠎ᠠ᠃ ᠳᠠᠬᠢᠨ ᠬᠠᠭᠠᠯᠪᠤᠷᠢᠯᠠᠬᠤ ᠪᠠ ᠳᠠᠬᠢᠨ | ᠳᠠᠷᠢᠬᠤ ᠨᠥᠬᠦᠴᠡᠯ ᠢ ᠪᠦᠷᠢᠯᠳᠦᠭᠦᠯᠦᠭᠰᠡᠨ ᠠᠲᠠᠷᠰᠢᠭᠤᠯᠤᠭᠰᠠᠨ ᠭᠠᠵᠠᠷ ᠢ ᠲᠥᠷᠥᠯ ᠬᠤᠪᠢᠶᠠᠨ ᠠᠷᠭ᠎ᠠ ᠪᠣᠳᠣᠯᠭ᠎ᠠ | ᠬᠡᠷᠡᠭᠵᠢᠭᠦᠯᠵᠦ᠂ ᠭᠠᠵᠠᠷ ᠣᠷᠣᠨ ᠤ ᠪᠠᠶᠢᠳᠠᠯ ᠳᠠᠭᠠᠨ ᠳᠣᠭᠢᠷᠠᠭᠤᠯᠤᠨ ᠠᠮᠤ ᠪᠤᠳᠠᠭ᠎ᠠ᠂ ᠴᠢᠨᠠᠷ ᠰᠠᠶᠢᠲᠠᠶ ᠲᠡᠵᠢᠭᠡᠯ | ᠡᠪᠡᠰᠦ ᠵᠡᠷᠭᠡ ᠶᠢᠨ ᠦᠢᠯᠡᠳᠪᠦᠷᠢᠯᠡᠯ ᠢ ᠬᠥᠭᠵᠢᠭᠦᠯᠦᠨ᠎ᠡ᠃ ᠬᠦᠯᠡᠮᠵᠢ ᠶᠢᠨ ᠨᠡᠷ᠎ᠡ ᠪᠠᠷ ᠪᠠᠶᠢᠭᠤᠯᠤᠭᠰᠠᠨ ᠬᠠᠤᠯᠢ | ᠪᠤᠰᠤ ᠪᠠᠷᠢᠯᠭ᠎ᠠ ᠶᠢᠨ ᠠᠰᠠᠭᠤᠳᠠᠯ ᠢ ᠪᠠᠶᠢᠩᠭᠤ ᠬᠢᠨᠠᠨ ᠬᠠᠮᠢᠶᠠᠷᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ | ︵ᠳᠣᠯᠤᠭ᠎ᠠ︶ ᠮᠠᠯ ᠠᠵᠤ ᠠᠬᠤᠶ ᠲᠠᠷᠢᠶᠠᠯᠠᠩ ᠤᠨ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ | ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠵᠢᠱᠢᠶ᠎ᠡ | ᠦᠵᠡᠭᠦᠯᠬᠦ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠡᠬᠢᠯᠡᠭᠦᠯᠵᠦ᠂ ᠲᠠᠷᠢᠶᠠᠨ ᠭᠠᠵᠠᠷ ᠢ ᠴᠡᠭᠴᠡᠯᠡᠨ ᠵᠠᠰᠠᠬᠤ᠂ | ᠤᠰᠤᠯᠠᠬᠤ ᠪᠠ ᠤᠰᠤ ᠭᠠᠳᠠᠭᠰᠢᠯᠠᠭᠤᠯᠬᠤ ᠵᠡᠷᠭᠡ ᠠᠷᠭ᠎ᠠ ᠬᠡᠮᠵᠢᠶ᠎ᠡ ᠶᠢᠨ ᠪᠠᠯᠠ ᠣᠷᠣᠭᠤᠯᠤᠯᠲᠠ ᠶᠢᠨ ᠡᠵᠡᠯᠡᠬᠦ | ᠬᠠᠷᠢᠴᠠᠯ ᠢ ᠳᠡᠭᠡᠭᠰᠢᠯᠡᠭᠦᠯᠵᠦ᠂ ᠲᠥᠷᠥᠯ ᠵᠦᠢᠯ ᠳᠤ ᠮᠠᠯᠴᠢᠨ ᠲᠠᠷᠢᠶᠠᠴᠢᠳ ᠪᠥᠬᠦ ᠶᠠᠪᠤᠴᠠ ᠪᠠᠷ ᠣᠷᠣᠯᠴᠠᠬᠤ | ᠬᠡᠷᠡᠭᠵᠢᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ ᠪᠠᠷᠢᠯᠭ᠎ᠠ ᠶᠢᠨ ᠶᠠᠰᠤ ᠴᠢᠨᠠᠷ ᠤᠨ ᠪᠥᠬᠦ ᠶᠠᠪᠤᠴᠠ ᠶᠢᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 850 ᠲᠦᠮᠡᠨ ᠮᠥ ᠪᠥᠲᠥᠭᠡᠨ | ᠪᠠᠶᠢᠭᠤᠯᠤᠨ᠎ᠠ᠃ ᠬᠠᠷ᠎ᠠ ᠬᠥᠷᠥᠰᠥᠲᠦ ᠭᠠᠵᠠᠷ ᠢ ᠬᠠᠮᠠᠭᠠᠯᠠᠬᠤ ᠴᠢᠨᠠᠷᠲᠠᠢ ᠲᠠᠷᠢᠶᠠᠯᠠᠭ᠎ᠠ ᠶᠢ 2500 ᠲᠦᠮᠡᠨ ᠮᠤ | ᠥᠷᠨᠢᠭᠦᠯᠦᠨ᠎ᠡ᠃ ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠶᠢ ᠯᠠᠪᠳᠠᠭᠤᠨ ᠢᠶᠠᠷ ᠠᠬᠢᠭᠤᠯᠵᠤ᠂ ᠲᠣᠭᠤᠷᠢᠭ | ᠬᠤᠪᠢᠶᠠᠨ ᠳ᠋ᠦᠩᠨᠡᠨ ᠥᠭᠡᠷᠡᠴᠢᠯᠡᠵᠦ ᠳᠡᠭᠡᠭᠰᠢᠯᠡᠭᠦᠯᠬᠦ ᠵᠠᠭᠪᠤᠷ ᠢ ᠰᠦᠪᠡᠭᠴᠢᠯᠡᠨ᠎ᠡ᠃ ᠠᠶᠤᠯ ᠭᠡᠮ ᠲᠠᠢ ᠤᠰᠤᠨ | ᠴᠥᠭᠦᠷᠥᠮ ᠤᠨ ᠠᠶᠤᠯ ᠭᠡᠮ ᠢ ᠠᠷᠢᠯᠭᠠᠨ ᠪᠠᠬᠢᠯᠡᠬᠦ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠳᠤᠮᠳᠠ ᠵᠢᠵᠢᠭ | ᠭᠤᠣᠯ ᠮᠥᠷᠡᠨ ᠢ ᠵᠠᠰᠠᠬᠤ ᠠᠵᠢᠯ ᠢ ᠴᠢᠩᠭᠠᠳᠬᠠᠨ᠎ᠠ᠃ ᠲᠠᠷᠢᠶᠠᠨ ᠭᠠᠵᠠᠷ ᠤᠨ ᠬᠠᠯᠬᠠᠪᠴᠢ ᠤᠢ ᠶᠢ ᠣᠭᠲᠣᠯᠤᠨ | ᠰᠢᠨᠡᠳᠭᠡᠬᠦ ᠠᠵᠢᠯ ᠢ ᠰᠢᠨᠵᠢᠯᠡᠬᠦ ᠤᠬᠠᠭᠠᠨᠴᠢ ᠪᠥᠭᠡᠳ ᠡᠮᠬᠢ ᠵᠢᠷᠤᠮ ᠲᠠᠢ ᠪᠠᠷ ᠥᠷᠨᠢᠭᠦᠯᠦᠨ᠎ᠡ᠃ ᠲᠠᠷᠢᠮᠠᠯ ᠤᠨ | ᠬᠦᠨᠳᠦ ᠶᠡᠭᠡ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠨ᠎ᠠ᠃ ᠭᠠᠮᠰᠢᠭᠲᠤ ᠴᠠᠭ | ᠠᠭᠤᠷ ᠢ ᠬᠢᠨᠠᠨ ᠬᠡᠮᠵᠢᠵᠦ ᠰᠡᠷᠡᠮᠵᠢᠯᠡᠭᠦᠯᠬᠦ ᠶᠢ ᠴᠢᠩᠭᠠᠷᠠᠭᠤᠯᠤᠨ᠂ ᠬᠥᠮᠦᠨ ᠤ ᠬᠦᠴᠦ ᠪᠠᠷ ᠪᠣᠷᠣᠭᠠᠨ ᠣᠷᠣᠭᠤᠯᠬᠤ | ᠠᠵᠢᠯ ᠢ ᠰᠢᠨᠵᠢᠯᠡᠬᠦ ᠤᠬᠠᠭᠠᠨᠴᠢ ᠪᠠᠷ ᠥᠷᠨᠢᠭᠦᠯᠦᠨ᠎ᠡ᠃ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ | ᠭᠠᠯ ᠤᠨᠲᠠᠷᠠᠭᠠᠬᠤ ᠴᠢᠳᠠᠪᠤᠷᠢ ᠶᠢ ᠳᠡᠭᠡᠭᠰᠢᠯᠡᠭᠦᠯᠵᠦ᠂ ᠶᠡᠭᠡ ᠬᠢᠩᠭᠠᠨ ᠳᠠᠪᠠᠭ᠎ᠠ ᠶᠢᠨ ᠣᠶ ᠰᠢᠭᠤᠶ ᠨᠤᠲᠤᠭ | ᠪᠡᠯᠴᠢᠭᠡᠷ ᠤᠨ ᠭᠠᠯ ᠰᠡᠷᠭᠡᠶᠢᠯᠡᠨ ᠭᠠᠯ ᠤᠨᠲᠠᠷᠠᠭᠠᠬᠤ ᠵᠢᠱᠢᠶ᠎ᠡ ᠦᠵᠡᠭᠦᠯᠬᠦ ᠲᠣᠭᠤᠷᠢᠭ ᠢ ᠪᠥᠲᠥᠭᠡᠨ ᠪᠠᠶᠢᠭᠤᠯᠤᠨ᠎ᠠ᠃ | ︵ᠨᠠᠢᠮᠠ︶ ᠲᠠᠷᠢᠶᠠᠯᠠᠩ ᠤᠨ ᠤᠰᠤ ᠠᠷᠪᠢᠯᠠᠬᠤ ᠶᠢ ᠶᠡᠭᠡ ᠪᠠᠷ ᠠᠬᠢᠭᠤᠯᠤᠨ᠎ᠠ᠃ ᠲᠠᠷᠢᠶᠠᠯᠠᠩ ᠤᠨ | ᠤᠰᠤᠯᠠᠯᠲᠠ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠤᠰᠤ ᠬᠡᠷᠡᠭᠯᠡᠬᠦ ᠬᠡᠮᠵᠢᠯᠲᠡ ᠶᠢᠨ ᠰᠢᠰᠲ᠋ᠧᠮ ᠢ | ᠲᠡᠭᠦᠯᠳᠡᠷᠵᠢᠭᠦᠯᠵᠦ᠂ ᠲᠠᠷᠢᠶᠠᠯᠠᠩ ᠳᠤ ᠬᠡᠷᠡᠭᠯᠡᠬᠦ ᠤᠰᠤᠨ ᠤ ᠶᠡᠷᠦᠩᠬᠡᠶ ᠬᠡᠮᠵᠢᠶ᠎ᠡ ᠶᠢ ᠬᠠᠮᠢᠶᠠᠷᠤᠨ ᠡᠵᠡᠮᠳᠡᠬᠦ ᠶᠢ | ᠴᠢᠩᠭᠠᠳᠬᠠᠨ᠎ᠠ᠃ ᠲᠠᠷᠢᠶᠠᠯᠠᠩ ᠤᠨ ᠤᠰᠤ ᠠᠷᠪᠢᠯᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ | ᠴᠢᠩᠭᠠᠳᠬᠠᠨ᠂ ᠥᠨᠳᠥᠷ ᠦᠷ᠎ᠡ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢᠨ ᠢᠨᠵᠧᠨᠧᠷᠢᠩ ᠢ 200 | ᠲᠦᠮᠡᠨ ᠮᠦ ᠰᠢᠨ᠎ᠡ ᠪᠠᠷ ᠪᠠᠶᠢᠭᠤᠯᠵᠤ᠂ ᠪᠣᠷᠣᠲᠣᠬᠤᠶ᠂ ᠳ᠋ᠤᠩᠺᠸᠤ ᠵᠡᠷᠭᠡ ᠲᠣᠮᠣ ᠳᠤᠮᠳᠠ ᠬᠡᠯᠪᠡᠷᠢ ᠶᠢᠨ | ᠤᠰᠤᠯᠠᠯᠲᠠ ᠶᠢᠨ ᠣᠷᠣᠨ ᠢ ᠦᠷᠭᠦᠯᠵᠢᠯᠡᠨ ᠪᠠᠶᠢᠭᠤᠯᠵᠤ ᠢᠵᠢ ᠪᠦᠷᠢᠳᠦᠭᠦᠯᠬᠦ ᠪᠠ ᠣᠳᠣᠬᠢᠴᠢᠯᠠᠯᠳᠠ ᠶᠢᠨ | ᠥᠭᠡᠷᠡᠴᠢᠯᠡᠯᠲᠡ ᠶᠢ ᠲᠦᠷᠭᠡᠳᠭᠡᠨ ᠠᠬᠢᠭᠤᠯᠤᠨ᠎ᠠ᠃ ᠲᠠᠷᠢᠶᠠᠯᠠᠩ ᠤᠨ ᠮᠡᠷᠭᠡᠰᠢᠯ ᠢᠶᠠᠷ ᠤᠰᠤ ᠠᠷᠪᠢᠯᠠᠬᠤ ᠶᠢ | ᠨᠢᠭᠡᠳᠦᠯᠲᠡᠶ ᠲᠥᠯᠥᠪᠯᠡᠨ ᠠᠬᠢᠭᠤᠯᠵᠤ᠂ ᠤᠰᠤ ᠶᠡᠭᠡ ᠬᠤᠷᠣᠭᠳᠠᠭᠤᠯᠬᠤ ᠲᠠᠷᠢᠮᠠᠯ ᠢ ᠪᠠᠭᠠᠰᠬᠠᠵᠤ᠂ ᠤᠰᠤ | ᠠᠷᠪᠢᠯᠠᠵᠤ ᠠᠮᠤ ᠪᠤᠳᠠᠭ᠎ᠠ ᠶᠢ ᠨᠡᠮᠡᠭᠳᠡᠭᠦᠯᠬᠦ ᠶᠢ ᠠᠬᠢᠭᠤᠯᠬᠤ 20 ᠰᠢᠶᠠᠨ ᠢ ᠡᠭᠦᠳᠦᠨ ᠪᠠᠶᠢᠭᠤᠯᠤᠨ᠎ᠠ᠃ ᠳ᠋ᠧᠩᠺᠧᠦ | ᠰᠢᠶᠠᠨ᠂ ᠬᠤᠷᠴᠢᠨ ᠲᠣᠭᠤᠷᠢᠭ ᠪᠠ ᠰᠢᠩ ᠾᠧ ᠰᠢᠶᠠᠨ ᠵᠡᠷᠭᠡ 3 ᠪᠦᠬᠦ ᠣᠷᠣᠨ ᠪᠦᠰᠡ ᠶᠢᠨ ᠥᠨᠳᠥᠷ | ᠪᠦᠲᠦᠮᠵᠢᠲᠡᠢ ᠤᠰᠤ ᠠᠷᠪᠢᠯᠠᠬᠤ ᠤᠰᠤᠯᠠᠯᠲᠠ ᠶᠢᠨ ᠵᠢᠱᠢᠶ᠎ᠡ ᠦᠵᠡᠭᠦᠯᠬᠦ ᠰᠢᠶᠠᠨ ᠤ ᠪᠦᠲᠦᠭᠡᠨ ᠪᠠᠶᠢᠭᠤᠯᠤᠯᠲᠠ ᠶᠢ | ᠦᠷᠭᠦᠯᠵᠢᠯᠡᠨ ᠰᠠᠶᠢᠲᠤᠷ ᠠᠳᠬᠤᠨ᠎ᠠ᠃ ᠤᠰᠤᠨ ᠤ ᠡᠬᠢ ᠰᠤᠷᠪᠤᠯᠵᠢ ᠶᠢ ᠰᠣᠯᠢᠬᠤ᠂ ᠤᠰᠤ ᠠᠷᠪᠢᠯᠠᠬᠤ | ᠥᠭᠡᠷᠡᠴᠢᠯᠡᠯᠲᠡ ᠬᠢᠬᠦ᠂ ᠲᠠᠷᠢᠮᠠᠯ ᠤᠨ ᠪᠦᠲᠦᠴᠡ ᠶᠢ ᠲᠣᠬᠢᠷᠠᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ | ᠭᠤᠤᠯᠳᠠᠯᠭ᠎ᠠ ᠲᠠᠢ ᠭᠠᠵᠠᠷ ᠣᠷᠣᠨ ᠤ ᠭᠠᠵᠠᠷ ᠳᠤᠤᠷᠠᠬᠢ ᠤᠰᠤ ᠶᠢ ᠬᠡᠲᠦᠷᠡᠲᠡᠯ᠎ᠡ ᠲᠠᠲᠠᠬᠤ ᠶᠢ ᠵᠠᠰᠠᠬᠤ ᠪᠠᠨ | ᠴᠢᠩᠭᠠᠳᠬᠠᠨ᠎ᠠ᠃ ᠠᠳᠠᠯᠢ ᠪᠤᠰᠤ ᠣᠷᠣᠨ ᠪᠦᠰᠡ ᠶᠢᠨ ᠲᠠᠷᠢᠶᠠᠯᠠᠩ ᠤᠨ ᠤᠰᠤᠯᠠᠯᠲᠠ ᠶᠢᠨ ᠤᠰᠤ ᠬᠡᠷᠡᠭᠯᠡᠬᠦ | ᠲᠣᠭᠲᠠᠭᠰᠠᠨ ᠨᠣᠷᠮ᠎ᠠ ᠶᠢᠨ ᠪᠠᠷᠢᠮᠵᠢᠶ᠎ᠠ ᠳᠤ ᠵᠠᠰᠠᠪᠤᠷᠢ ᠣᠷᠣᠭᠤᠯᠵᠤ᠂ ᠤᠰᠤ ᠬᠡᠷᠡᠭᠯᠡᠬᠦ ᠲᠣᠭᠲᠠᠭᠰᠠᠨ ᠨᠣᠷᠮ᠎ᠠ ᠶᠢᠨ | ᠮᠡᠷᠭᠡᠵᠢᠯ ᠤᠨ ᠵᠢᠯᠣᠭᠤᠳᠣᠯᠭ᠎ᠠ ᠶᠢ ᠣᠷᠣᠨ ᠪᠦᠰᠡ ᠬᠤᠪᠢᠶᠠᠨ ᠥᠷᠨᠢᠭᠦᠯᠦᠨ᠎ᠡ᠃ ᠲᠠᠷᠢᠶᠠᠯᠠᠩ ᠤᠨ ᠤᠰᠤᠨ ᠤ | ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠵᠢᠯ ᠳᠤ ᠲᠠᠷᠢᠶᠠᠯᠠᠩ ᠤᠨ ᠤᠰᠤ | ᠠᠷᠪᠢᠯᠠᠬᠤ ᠴᠢᠳᠠᠪᠤᠷᠢ ᠶᠢ 2.7 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠬᠦ ᠪᠠᠷ | ᠴᠢᠷᠮᠠᠶᠢᠨ᠎ᠠ᠃ | ︵ᠶᠢᠰᠦ︶ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠲᠣᠨᠤᠭ ᠲᠥᠬᠦᠭᠡᠷᠦᠮᠵᠢ ᠶᠢᠨ ᠲᠤᠯᠭᠠᠭᠤᠷᠢᠯᠠᠯ ᠢ | ᠴᠢᠩᠭᠠᠷᠠᠭᠤᠯᠤᠨ᠎ᠠ᠃ ᠮᠠᠯ ᠠᠵᠤ ᠠᠬᠤᠶ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠯᠤᠰ ᠤᠨ ᠰᠦ ᠶᠢᠨ ᠦᠢᠯᠡᠰ ᠤᠨ ᠮᠡᠷᠭᠡᠵᠢᠯ ᠤᠨ | ᠰᠢᠨ᠎ᠡ ᠶᠢ ᠡᠭᠦᠳᠬᠦ ᠲᠥᠪ᠂ ᠪᠠᠶᠠᠨᠨᠠᠭᠤᠷ ᠤᠨ ᠲᠠᠷᠢᠶᠠᠯᠠᠩ ᠤᠨ ᠲᠡᠭᠡᠳᠦ ᠰᠢᠨ᠎ᠠ ᠮᠡᠷᠭᠡᠵᠢᠯ ᠤᠨ ᠠᠵᠤ ᠦᠢᠯᠡᠰ ᠤᠨ | ᠵᠢᠱᠢᠶ᠎ᠠ ᠦᠵᠡᠭᠦᠯᠬᠦ ᠣᠷᠣᠨ ᠢ ᠪᠦᠲᠦᠭᠡᠨ ᠪᠠᠶᠢᠭᠤᠯᠬᠤ ᠶᠢ ᠲᠦᠷᠭᠡᠳᠭᠡᠨ᠂ ᠤᠯᠤᠰ ᠤᠨ ᠡᠪᠡᠰᠦᠨ ᠤ ᠦᠢᠯᠡᠰ ᠤᠨ | ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠡᠭᠦᠳᠦᠨ ᠪᠠᠶᠢᠭᠤᠯᠬᠤ ᠶᠢ ᠳᠡᠮᠵᠢᠵᠦ᠂ ᠪᠣᠬᠢᠷᠲᠤᠯ ᠦᠭᠡᠶ ᠲᠠᠷᠢᠵᠤ | ᠲᠡᠵᠢᠭᠡᠬᠦ᠂ ᠣᠶᠤᠨᠴᠢ ᠮᠠᠯ ᠠᠵᠤ ᠠᠬᠤᠶ ᠲᠠᠷᠢᠶᠠᠯᠠᠩ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ | ᠨᠠᠷᠢᠯᠢᠭ ᠭᠦᠨᠵᠡᠭᠡᠶ ᠡᠳ᠋ᠰᠢᠭᠦᠯᠬᠦ ᠵᠡᠷᠭᠡ ᠬᠦᠷᠢᠶᠡᠨ ᠳᠤ ᠨᠢᠭᠡ ᠪᠦᠯᠦᠭ ᠭᠤᠣᠯᠳᠠᠯᠭ᠎ᠠ ᠲᠠᠢ ᠰᠤᠳᠤᠯᠤᠨ ᠨᠡᠭᠡᠭᠡᠬᠦ ᠪᠠ | ᠦᠷ᠎ᠡ ᠪᠦᠲᠦᠭᠡᠯ ᠢ ᠤᠨᠳᠤᠤᠰᠢᠭᠤᠯᠬᠤ ᠲᠥᠷᠥᠯ ᠵᠦᠢᠯ ᠢ ᠬᠡᠷᠡᠭᠵᠢᠭᠦᠯᠦᠨ᠎ᠡ᠃ ᠦᠷ᠎ᠡ ᠶᠢᠨ ᠦᠢᠯᠡᠰ ᠢ | ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ᠦᠷ᠎ᠡ ᠶᠢᠨ ᠦᠢᠯᠡᠰ ᠤᠨ ᠰᠢᠨᠵᠢᠯᠡᠬᠦ | ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠬᠤᠯᠠ ᠶᠡᠭᠡ ᠵᠢᠱᠢᠶ᠎ᠡ ᠦᠵᠡᠭᠦᠯᠬᠦ ᠢᠨᠵᠧᠨᠧᠷᠢᠩ ᠢ | ᠬᠡᠷᠡᠭᠵᠢᠭᠦᠯᠦᠨ᠎ᠡ᠃ ᠴᠢᠬᠤᠯᠠ ᠶᠡᠭᠡ ᠲᠥᠷᠥᠯ ᠵᠦᠢᠯ ᠢ ᠰᠤᠳᠤᠯᠤᠨ ᠨᠡᠭᠡᠭᠡᠵᠦ ᠳᠡᠯᠭᠡᠷᠡᠭᠦᠯᠦᠨ ᠬᠡᠷᠡᠭᠯᠡᠬᠦ ᠶᠢ ᠨᠢᠭᠡ | ᠴᠣᠭᠴᠠᠵᠢᠭᠤᠯᠬᠤ ᠲᠤᠷᠰᠢᠯᠲᠠ ᠶᠢᠨ ᠴᠡᠭ ᠢ ᠥᠷᠨᠢᠭᠦᠯᠵᠦ᠂ ︽ᠲᠠᠷᠢᠶᠠᠨ ᠴᠢᠬᠢ ᠶᠢ ᠦᠵᠡᠵᠦ ᠦᠷ᠎ᠡ ᠰᠣᠩᠭᠤᠬᠤ︾ | ᠂ ︽ᠮᠠᠯ ᠢ ᠦᠵᠡᠵᠦ ᠡᠭᠦᠯᠳᠡᠷ ᠰᠣᠩᠭᠤᠬᠤ︾ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠨ᠂ ︽ᠥᠪᠥᠷ | ᠮᠣᠩᠭᠤᠯ ᠤᠨ ᠮᠠᠯ ᠠᠵᠤ ᠠᠬᠤᠢ ᠲᠠᠷᠢᠶᠠᠯᠠᠩ ᠤᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ | ᠦᠢᠯᠡᠴᠢᠯᠡᠭᠡᠨ ᠤ ᠲᠠᠪᠴᠠᠩ︾ ᠤᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ 110 ᠦᠢᠯᠡᠴᠢᠯᠡᠭᠡᠨ ᠤ | ᠵᠠᠭᠪᠤᠷ ᠢ ᠶᠡᠭᠡ ᠪᠠᠷ ᠠᠬᠢᠭᠤᠯᠤᠨ᠎ᠠ᠃ ᠲᠠᠷᠢᠶᠠᠯᠠᠩ ᠤᠨ ᠮᠠᠰᠢᠨ ᠲᠣᠨᠣᠭᠯᠠᠯ ᠤᠨ ᠳᠤᠲᠠᠭᠤᠳᠠᠯ ᠢ ᠨᠥᠬᠦᠪᠥᠷᠢᠯᠡᠬᠦ | ᠠᠵᠢᠯᠯᠠᠭ᠎ᠠ ᠶᠢ ᠬᠡᠷᠡᠭᠵᠢᠭᠦᠯᠵᠦ᠂ ︽ᠰᠠᠶᠢᠨ ᠮᠠᠰᠢᠨ ᠳᠤ ᠤᠷᠢᠳ ᠢᠶᠠᠷ ᠨᠥᠬᠦᠪᠥᠷᠢ ᠦᠭᠬᠦ︾ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ | ᠬᠤᠶᠠᠷ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ | ᠪᠠᠬᠢᠵᠢᠭᠦᠯᠦᠨ ᠥᠷᠭᠡᠳᠭᠡᠨ᠎ᠡ | ︵ᠠᠷᠪᠠ︶ ᠬᠢᠨᠠᠨ ᠬᠡᠮᠵᠢᠵᠦ ᠬᠠᠪᠰᠤᠷᠤᠨ ᠲᠡᠳᠬᠦᠬᠦ ᠶᠢᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ | ᠃ ᠡᠳᠦᠷ ᠲᠤᠲᠤᠮ ᠤᠨ ᠬᠢᠨᠠᠨ ᠡᠵᠡᠮᠳᠡᠬᠦ᠂ ᠪᠡᠶ᠎ᠡ ᠪᠠᠨ ᠳᠠᠭᠠᠭᠠᠵᠤ ᠭᠤᠶᠤᠴᠢᠯᠠᠨ ᠮᠡᠳᠡᠭᠦᠯᠬᠦ᠂ ᠲᠤᠭ᠎ᠠ ᠪᠠᠷᠢᠮᠲᠠ ᠶᠢ | ᠤᠷᠢᠳᠴᠢᠯᠠᠨ ᠰᠡᠷᠡᠮᠵᠢᠯᠡᠭᠦᠯᠬᠦ᠂ ᠲᠥᠪᠯᠡᠷᠡᠭᠦᠯᠦᠨ ᠵᠢᠭᠰᠠᠭᠠᠨ ᠪᠠᠶᠢᠴᠠᠭᠠᠬᠤ ᠶᠢ ᠬᠠᠷᠢᠯᠴᠠᠨ ᠤᠶᠠᠯᠳᠤᠭᠤᠯᠤᠭᠰᠠᠨ | ᠲᠦᠭᠰᠢᠭᠦᠷᠢ ᠶᠢ ᠬᠢᠨᠠᠨ ᠬᠡᠮᠵᠢᠬᠦ ᠰᠢᠰᠲ᠋ᠧᠮ ᠢ ᠲᠡᠭᠦᠯᠳᠡᠷᠵᠢᠭᠦᠯᠵᠦ᠂ ᠳᠠᠬᠢᠨ ᠶᠠᠳᠠᠭᠤᠷᠠᠬᠤ ᠪᠠ ᠶᠠᠳᠠᠭᠤᠷᠠᠬᠤ | ᠲᠦᠭᠰᠢᠭᠦᠷᠢ ᠣᠷᠣᠰᠢᠵᠤ ᠪᠠᠶᠢᠭ᠎ᠠ ᠮᠠᠯᠵᠢᠬᠤ ᠲᠠᠷᠢᠶᠠᠯᠠᠬᠤ ᠡᠷᠦᠬᠡ ᠶᠢ ᠴᠠᠭ ᠲᠤᠬᠠᠶ ᠳᠤᠨᠢ ᠬᠠᠪᠰᠤᠷᠤᠨ | ᠲᠡᠳᠬᠦᠬᠦ ᠳᠤ ᠣᠷᠣᠭᠤᠯᠤᠨ᠎ᠠ᠃ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢᠨ ︽ᠪᠠᠭᠠᠵᠢ ᠶᠢᠨ ᠬᠠᠶᠢᠷᠴᠠᠭ︾ | ᠢ ᠪᠦᠷᠢᠨᠰᠢᠭᠦᠯᠵᠦ᠂ ᠬᠢᠨᠠᠨ ᠬᠡᠮᠵᠢᠬᠦ ᠡᠲᠡᠭᠡᠳ ᠤᠨ ᠬᠥᠳᠡᠯᠦᠩᠭᠦᠶ ᠬᠠᠮᠢᠶᠠᠷᠤᠯᠲᠠ ᠶᠢ ᠵᠢᠷᠤᠮᠵᠢᠭᠤᠯᠤᠨ᠂ ᠬᠥᠮᠦᠨ | ᠪᠠ ᠡᠷᠦᠬᠡ ᠶᠢᠨ ᠪᠠᠶᠢᠳᠠᠯ ᠢ ᠦᠨᠳᠦᠰᠦᠯᠡᠨ ᠲᠦᠢᠯ ᠤᠨ ᠣᠨᠣᠪᠴᠢᠲᠠᠶ ᠪᠠᠷ ᠬᠠᠪᠰᠤᠷᠤᠨ ᠲᠡᠳᠬᠦᠬᠦ ᠶᠢ | ᠥᠷᠨᠢᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠶ ᠬᠥᠮᠦᠨ ᠠᠮᠠ ᠵᠢᠴᠢ ᠳᠠᠬᠢᠨ ᠶᠠᠳᠠᠭᠤᠷᠠᠬᠤ | ᠪᠠ ᠶᠠᠳᠠᠭᠤᠷᠠᠬᠤ ᠶᠢ ᠰᠡᠷᠭᠡᠶᠢᠯᠡᠬᠦ ᠡᠲᠡᠭᠡᠳ ᠢ ᠢᠯᠭᠠᠨ ᠲᠠᠨᠢᠵᠤ ᠬᠢᠨᠠᠨ ᠲᠣᠭᠲᠠᠭᠠᠬᠤ ᠶᠢ ᠨᠢᠭᠡᠳᠦᠯᠲᠡᠶ ᠲᠥᠯᠥᠪᠯᠡᠨ | ᠥᠷᠨᠢᠭᠦᠯᠵᠦ᠂ ᠲᠠᠰ ᠳᠠᠪᠬᠤᠷᠭ᠎ᠠ ᠲᠥᠷᠥᠯ ᠬᠤᠪᠢᠶᠠᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠨ᠎ᠠ᠃ ︽ᠭᠤᠷᠪᠠ ᠶᠢ ᠪᠠᠲᠤᠯᠠᠬᠤ︾ ᠪᠠ ᠤᠰᠤ ᠤᠮᠳᠠ ᠶᠢᠨ ᠠᠮᠤᠷ ᠲᠦᠪᠰᠢᠨ ᠢ ᠪᠠᠲᠤᠯᠠᠬᠤ | ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠳᠡᠭᠡᠭᠰᠢᠯᠡᠭᠦᠯᠦᠨ᠎ᠡ᠃ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠭᠡᠬᠦ ᠶᠢ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠤᠨ ᠦᠨᠡᠯᠡᠬᠦ ᠬᠠᠮᠢᠶ᠎ᠠ ᠪᠦᠬᠦᠢ ᠠᠵᠢᠯ ᠢ ᠰᠠᠶᠢᠲᠤᠷ | ᠬᠢᠨ᠎ᠡ᠃ | ︵ᠠᠷᠪᠠᠨ ᠨᠢᠭᠡ︶ ᠠᠵᠤ ᠦᠢᠯᠡᠰ ᠤᠨ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ ᠶᠢ ᠴᠢᠩᠭᠠᠷᠠᠭᠤᠯᠤᠨ᠎ᠠ᠃ | ︽ᠪᠠᠬᠢᠵᠢᠭᠦᠯᠬᠦ᠂ ᠳᠡᠰ ᠳᠡᠪᠰᠢᠭᠦᠯᠬᠦ᠂ ᠠᠮᠢᠳᠤᠯᠢᠭ ᠪᠣᠯᠭᠠᠬᠤ᠂ ᠲᠣᠬᠢᠷᠠᠭᠤᠯᠬᠤ︾ ᠱᠠᠭᠠᠷᠳᠠᠯᠭ᠎ᠠ ᠶᠢ | ᠨᠠᠶᠢᠳᠠᠪᠤᠷᠢᠵᠢᠭᠤᠯᠵᠤ᠂ ᠬᠠᠪᠰᠤᠷᠤᠨ ᠲᠡᠳᠬᠦᠬᠦ ᠠᠵᠤ ᠦᠢᠯᠡᠰ ᠢ ᠲᠥᠷᠥᠯ ᠬᠤᠪᠢᠶᠠᠨ ᠵᠢᠯᠣᠭᠤᠳᠬᠤ ᠶᠢ | ᠴᠢᠩᠭᠠᠳᠬᠠᠵᠤ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ ᠲᠠᠷᠢᠶᠠᠯᠠᠬᠤ | ᠡᠷᠦᠭᠡ ᠲᠠᠢ ᠬᠤᠯᠪᠣᠭᠠᠯᠠᠨ ᠲᠠᠷᠢᠶᠠᠴᠢᠳ ᠢ ᠳᠠᠶᠢᠴᠢᠯᠠᠬᠤ ᠲᠣᠭᠲᠠᠴᠠ ᠶᠢ ᠪᠦᠷᠢᠨᠰᠢᠭᠦᠯᠵᠦ᠂ ᠶᠠᠳᠠᠭᠤ ᠠᠴᠠ | ᠠᠩᠭᠢᠵᠢᠷᠠᠭᠰᠠᠨ ᠭᠠᠵᠠᠷ ᠣᠷᠣᠨ ᠤ ᠮᠠᠯᠴᠢᠨ ᠲᠠᠷᠢᠶᠠᠴᠢᠳ ᠤᠨ ᠬᠥᠮᠦᠨ ᠳᠤᠮᠳᠠᠴᠢ ᠡᠵᠡᠮᠳᠡᠵᠦ ᠪᠣᠯᠬᠤ | ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠶᠢ ᠪᠥᠬᠦ ᠣᠷᠣᠨ ᠪᠠ ᠪᠥᠬᠦ ᠤᠯᠤᠰ ᠤᠨ ᠳᠤᠮᠳᠠᠴᠢ ᠬᠢᠷᠢ | ᠲᠦᠪᠰᠢᠨ ᠠᠴᠠ ᠳᠤᠤᠷ᠎ᠠ ᠪᠠᠶᠢᠯᠭᠠᠬᠤ ᠥᠬᠡᠶ ᠪᠠᠶᠢᠬᠤ ᠶᠢ ᠦᠨᠡᠨ ᠬᠦ ᠪᠠᠲᠤᠯᠠᠨ᠎ᠠ᠃ ᠳᠠᠬᠢᠨ ᠶᠠᠳᠠᠭᠤᠷᠠᠬᠤ ᠶᠢ | ᠰᠡᠷᠭᠡᠶᠢᠯᠡᠨ ᠠᠵᠢᠯ ᠣᠯᠭᠤᠬᠤ ᠪᠣᠭᠤᠮᠲᠠ ᠰᠢᠪᠲᠤᠯᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠪᠡᠭᠡᠵᠢᠩ ᠥᠪᠥᠷ | ᠮᠣᠩᠭᠤᠯ ᠤᠨ ᠬᠥᠳᠡᠯᠮᠦᠷᠢ ᠬᠦᠴᠦᠨ ᠤ ᠬᠠᠮᠵᠢᠯᠴᠠᠭ᠎ᠠ᠂ ᠬᠠᠪᠰᠤᠷᠤᠨ ᠲᠡᠳᠬᠦᠬᠦ ᠦᠢᠯᠡᠳᠪᠦᠷᠢ ᠶᠢᠨ ᠲᠠᠰᠤᠭ᠂ | ᠬᠥᠳᠡᠭᠡ ᠲᠣᠰᠬᠤᠨ ᠤ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠵᠡᠷᠭᠡ ᠠᠷᠭ᠎ᠠ ᠵᠠᠮ ᠢ ᠰᠠᠶᠢᠲᠤᠷ ᠬᠡᠷᠡᠭᠯᠡᠵᠦ | ᠂ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ ᠣᠨᠴᠠᠯᠢᠭᠲᠤ ᠬᠥᠳᠡᠯᠮᠦᠷᠢ ᠬᠦᠴᠦᠨ ᠤ ᠲᠥᠷᠥᠯ ᠲᠡᠮᠳᠡᠭ ᠢ | ᠪᠤᠶᠢᠵᠢᠭᠤᠯᠤᠨ᠂ ᠬᠥᠳᠡᠭᠡ ᠲᠣᠰᠬᠤᠨ ᠤ ᠤᠷᠠᠨ ᠳᠠᠷᠬᠠᠨ ᠢ ᠪᠤᠶᠢᠵᠢᠭᠤᠯᠵᠤ ᠬᠢᠨᠠᠵᠤ ᠲᠣᠭᠲᠠᠭᠠᠬᠤ ᠠᠵᠢᠯ ᠢ | ᠥᠷᠨᠢᠭᠦᠯᠦᠨ᠎ᠡ᠃ | ︵ᠠᠷᠪᠠᠨ ᠬᠤᠶᠠᠷ︶ ᠬᠠᠪᠰᠤᠷᠤᠨ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢ | ᠵᠢᠷᠤᠮᠵᠢᠭᠤᠯᠤᠨ᠎ᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠳᠠ ᠠᠴᠠ ᠨᠠᠭᠠᠰᠢᠬᠢ ᠡᠯ᠎ᠡ ᠱᠠᠲᠤᠨ ᠤ | ᠡᠳ᠋ ᠤᠨ ᠵᠠᠰᠠᠭ ᠤᠨ ᠣᠷᠣᠭᠤᠯᠤᠯᠲᠠ ᠪᠠᠷ ᠪᠦᠷᠢᠯᠳᠦᠭᠰᠡᠨ ᠡᠳ᠋ ᠬᠥᠷᠥᠩᠭᠡ ᠶᠢ ᠪᠥᠬᠦ ᠲᠠᠯ᠎ᠠ ᠪᠠᠷ ᠬᠥᠳᠡᠯᠦᠩᠭᠦᠶ ᠪᠠᠷ | ᠢᠯᠭᠠᠷᠠᠭᠤᠯᠤᠨ ᠪᠠᠶᠢᠴᠠᠭᠠᠵᠤ᠂ ᠠᠶᠢᠮᠠᠭ ᠬᠤᠲᠠ᠂ ᠬᠤᠰᠢᠭᠤ ᠰᠢᠶᠠᠨ᠂ ᠰᠤᠮᠤ ᠰᠢᠶᠠᠩ ᠪᠠᠯᠭᠠᠰᠤ ᠭᠤᠷᠪᠠᠨ | ᠱᠠᠲᠤᠨ ᠤ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠡᠬᠡ ᠲᠠᠩᠰᠠ ᠶᠢ ᠲᠡᠭᠦᠯᠳᠡᠷᠵᠢᠭᠦᠯᠦᠨ᠂ ᠬᠠᠮᠢᠶᠠᠷᠴᠤ | ᠬᠠᠮᠠᠭᠠᠯᠠᠬᠤ ᠬᠠᠷᠢᠭᠤᠴᠠᠯᠭ᠎ᠠ ᠶᠢ ᠲᠥᠷᠥᠯ ᠱᠠᠲᠤ ᠬᠤᠪᠢᠶᠠᠨ ᠨᠠᠶᠢᠳᠠᠪᠤᠷᠢᠵᠢᠭᠤᠯᠵᠤ᠂ ᠲᠥᠷᠥᠯ ᠵᠦᠢᠯ ᠤᠨ ᠡᠳ᠋ | ᠬᠥᠷᠥᠩᠭᠡ ᠶᠢᠨ ᠣᠷᠳᠣ ᠬᠤᠭᠤᠴᠠᠭᠠᠨ ᠤ ᠪᠦᠲᠦᠮᠵᠢᠲᠡᠶ ᠠᠵᠢᠯᠯᠠᠭᠠᠨ ᠢ ᠪᠠᠲᠤᠯᠠᠨ᠎ᠠ᠃ ᠬᠠᠪᠰᠤᠷᠤᠨ ᠲᠡᠳᠬᠦᠬᠦ | ᠲᠥᠷᠥᠯ ᠵᠦᠢᠯ ᠤᠨ ᠡᠳ᠋ ᠬᠥᠷᠥᠩᠭᠡ ᠶᠢᠨ ᠪᠦᠷᠢᠯᠳᠦᠬᠦ᠂ ᠡᠷᠬᠡ ᠶᠢ ᠨᠤᠲᠠᠯᠠᠨ ᠲᠤᠭᠳᠠᠭᠠᠵᠤ ᠰᠢᠯᠵᠢᠭᠦᠯᠦᠨ | ᠲᠤᠰᠢᠶᠠᠬᠤ ᠵᠡᠷᠭᠡ ᠰᠢᠢᠳᠪᠦᠷᠢᠯᠡᠬᠦ ᠲᠠᠰ ᠳᠠᠷᠠᠭᠠᠯᠠᠯ ᠢ ᠵᠢᠷᠤᠮᠵᠢᠭᠤᠯᠵᠤ᠂ ᠡᠵᠡᠩᠨᠡᠯᠲᠡ ᠶᠢᠨ ᠴᠢᠨᠠᠷᠲᠠᠶ ᠡᠳ᠋ | ᠬᠥᠷᠥᠩᠭᠡ ᠶᠢ ᠡᠵᠡᠩᠨᠡᠬᠦ ᠵᠢᠴᠢ ᠠᠰᠢᠭ ᠣᠷᠣᠯᠭ᠎ᠠ ᠶᠢ ᠬᠤᠪᠢᠶᠠᠷᠢᠯᠠᠬᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ | ᠡᠳ᠋ ᠬᠥᠷᠥᠩᠭᠡ ᠶᠢ ᠬᠠᠮᠢᠶᠠᠷᠴᠤ ᠬᠠᠮᠠᠭᠠᠯᠠᠬᠤ ᠵᠠᠷᠤᠳᠠᠯ ᠵᠢᠴᠢ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠳᠤ | ᠬᠢᠨᠠᠯᠲᠠ ᠲᠠᠯᠪᠢᠬᠤ ᠶᠢ ᠴᠢᠩᠭᠠᠷᠠᠭᠤᠯᠤᠨ᠎ᠠ᠃ ᠲᠥᠷᠥᠯ ᠵᠦᠢᠯ ᠤᠨ ᠡᠳ᠋ ᠬᠥᠷᠥᠩᠭᠡ ᠶᠢ ᠠᠮᠢᠳᠤᠯᠢᠭᠵᠢᠭᠤᠯᠤᠨ | ᠰᠢᠢᠳᠪᠦᠷᠢᠯᠡᠬᠦ ᠶᠢ ᠬᠥᠳᠡᠯᠦᠩᠭᠦᠶ ᠡᠮᠬᠢ ᠵᠢᠷᠤᠮ ᠲᠠᠢ ᠪᠠᠷ ᠠᠬᠢᠭᠤᠯᠵᠤ᠂ ︽ᠪᠠᠶᠢᠭᠤᠯᠬᠤ᠂ ᠬᠠᠮᠢᠶᠠᠷᠬᠤ᠂ ᠬᠡᠷᠡᠭᠯᠡᠬᠦ᠂ | ᠪᠤᠴᠠᠭᠠᠬᠤ︾ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ᠎ᠠ᠃ | ︵ᠠᠷᠪᠠᠨ ᠭᠤᠷᠪᠠ︶ ᠭᠤᠤᠯᠳᠠᠯᠭ᠎ᠠ ᠲᠠᠢ ᠭᠠᠵᠠᠷ ᠣᠷᠣᠨ ᠢ ᠬᠠᠪᠰᠤᠷᠤᠨ ᠲᠡᠳᠬᠦᠬᠦ ᠶᠢ ᠴᠢᠩᠭᠠᠳᠬᠠᠨ᠎ᠠ᠃ 10 | ᠤᠯᠤᠰ ᠤᠨ ᠲᠠᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠤᠯᠳᠠᠯᠭ᠎ᠠ ᠲᠠᠢ ᠬᠠᠪᠰᠤᠷᠤᠨ | ᠲᠡᠳᠬᠦᠬᠦ ᠰᠢᠶᠠᠨ ᠢ ᠦᠷᠭᠦᠯᠵᠢᠯᠡᠨ ᠳᠡᠮᠵᠢᠵᠦ᠂ ᠮᠡᠷᠭᠡᠵᠢᠯ᠂ ᠲᠥᠬᠦᠭᠡᠷᠦᠮᠵᠢ᠂ ᠪᠣᠷᠣᠯᠠᠭᠤᠯᠭ᠎ᠠ ᠵᠡᠷᠭᠡ | ᠳᠤᠲᠠᠭᠤᠳᠠᠯ ᠢ ᠲᠦᠷᠭᠡᠨ ᠨᠥᠬᠦᠪᠥᠷᠢᠯᠡᠨ᠎ᠡ᠃ ᠣᠨᠳᠣᠣ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠭᠰᠡᠨ ᠤ | ᠳᠠᠷᠠᠭᠠᠬᠢ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠵᠤ᠂ ᠨᠡᠭᠦᠯᠭᠡᠭᠰᠡᠨ ᠤᠯᠠᠨ ᠲᠦᠮᠡᠨ ᠳᠤ ᠠᠵᠢᠯ ᠣᠯᠭᠤᠬᠤ | ᠦᠢᠯᠡᠴᠢᠯᠡᠭᠡ ᠪᠠ ᠠᠵᠤ ᠦᠢᠯᠡᠰ ᠤᠨ ᠳᠡᠮᠵᠢᠯᠭᠡ ᠦᠵᠡᠭᠦᠯᠬᠦ ᠠᠵᠢᠯ ᠢ ᠰᠠᠶᠢᠲᠤᠷ ᠬᠢᠨ᠎ᠡ᠃ ᠪᠡᠭᠡᠵᠢᠩ ᠥᠪᠥᠷ | ᠮᠣᠩᠭᠤᠯ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠪᠣᠷᠣᠯᠠᠭᠤᠯᠭ᠎ᠠ ᠶᠢ ᠳᠠᠬᠢᠨ ᠢᠶᠠᠷ | ᠨᠡᠮᠡᠭᠳᠡᠭᠦᠯᠬᠦ ᠲᠥᠯᠥᠪᠯᠡᠭᠡ ᠶᠢ ᠭᠦᠨᠵᠡᠭᠡᠶᠢᠷᠡᠭᠦᠯᠦᠨ ᠠᠬᠢᠭᠤᠯᠵᠤ᠂ ᠪᠡᠭᠡᠵᠢᠩ ᠥᠪᠥᠷ ᠮᠣᠩᠭᠤᠯ ᠤᠨ ᠬᠠᠮᠲᠤ ᠪᠠᠷ | ᠪᠠᠶᠢᠭᠤᠯᠬᠤ 72 ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠲᠠᠰ ᠳᠡᠪᠰᠢᠬᠦᠯᠬᠦ ᠶᠢ ᠠᠬᠢᠭᠤᠯᠤᠨ᠎ᠠ᠃ ᠲᠥᠪ ᠤᠨ | ᠨᠢᠭᠡᠴᠢ ᠶᠢᠨ ᠴᠡᠭ ᠲᠣᠭᠲᠠᠭᠠᠨ ᠬᠠᠪᠰᠤᠷᠤᠨ ᠲᠡᠳᠬᠦᠬᠦ ᠪᠠ ︽ᠲᠦᠮᠡᠨ ᠠᠵᠤ ᠠᠬᠤᠶᠢᠯᠠᠯ ᠢᠶᠠᠷ ᠲᠦᠮᠡᠨ | ᠲᠣᠰᠬᠤᠨ ᠢ ᠬᠥᠭᠵᠢᠭᠦᠯᠬᠦ︾ ᠠᠵᠢᠯᠯᠠᠭ᠎ᠠ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠵᠡᠷᠭᠡ ᠲᠣᠭᠲᠠᠴᠠ ᠶᠢ ᠰᠠᠶᠢᠲᠤᠷ ᠬᠡᠷᠡᠭᠯᠡᠵᠦ᠂ ᠬᠥᠭᠵᠢᠭᠡᠳᠦᠶ | ᠭᠠᠵᠠᠷ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠳᠡᠮᠵᠢᠨ᠎ᠡ᠃ | ᠭᠤᠷᠪᠠ᠂ ᠣᠳᠣᠬᠢᠴᠢᠯᠠᠭᠰᠠᠨ ᠲᠣᠮᠣ ᠮᠠᠯ ᠠᠵᠤ ᠠᠬᠤᠶ ᠲᠠᠷᠢᠶᠠᠯᠠᠩ ᠢ ᠲᠦᠷᠭᠡᠳᠭᠡᠨ ᠬᠥᠭᠵᠢᠭᠦᠯᠦᠨ᠎ᠡ | ︵ᠠᠷᠪᠠᠨ ᠳᠥᠷᠪᠡ︶ ᠬᠥᠳᠡᠭᠡ ᠲᠣᠰᠬᠤᠨ ᠤ ᠣᠨᠴᠠᠯᠢᠭᠲᠤ ᠠᠵᠤ ᠦᠢᠯᠡᠰ ᠢ ᠬᠥᠭᠵᠢᠭᠦᠯᠦᠨ᠎ᠡ᠃ ᠭᠠᠷᠤᠯᠲᠠ | ᠪᠠ ᠦᠢᠯᠡᠳᠪᠦᠷᠢᠯᠡᠯ ᠤᠨ ᠴᠢᠳᠠᠪᠤᠷᠢ᠂ ᠦᠢᠯᠡᠳᠪᠦᠷᠢᠯᠡᠯ ᠤᠨ ᠠᠮᠢ ᠠᠬᠤᠶ᠂ ᠭᠠᠷᠤᠯᠲᠠ ᠪᠠ ᠣᠷᠣᠯᠭ᠎ᠠ ᠶᠢᠨ | ᠨᠡᠮᠡᠭᠳᠡᠯ ᠢ ᠬᠠᠮᠲᠤ ᠳᠤᠨᠢ ᠠᠳᠬᠤᠬᠤ ᠶᠢ ᠪᠠᠷᠢᠮᠲᠠᠯᠠᠵᠤ᠂ ᠲᠥᠷᠥ ᠶᠢᠨ ᠪᠣᠳᠣᠯᠭ᠎ᠠ᠂ ᠬᠦᠴᠦᠨ ᠵᠦᠢᠯ᠂ | ᠦᠢᠯᠡᠴᠢᠯᠡᠭᠡ ᠶᠢ ᠲᠥᠪᠯᠡᠷᠡᠭᠦᠯᠦᠨ᠂ ᠠᠮᠢ ᠠᠬᠤᠶ ᠶᠢᠨ ᠮᠠᠯ ᠠᠵᠤ ᠠᠬᠤᠶ ᠲᠠᠷᠢᠶᠠᠯᠠᠩ ᠢᠶᠠᠷ ᠤᠳᠤᠷᠢᠳᠤᠮᠵᠢ | ᠪᠣᠯᠭᠠᠭᠰᠠᠨ᠂ 8 ᠭᠤᠤᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠪᠠ ᠡᠳᠦᠶ ᠲᠡᠳᠦᠶ ᠣᠨᠴᠠᠯᠢᠭᠲᠤ ᠠᠵᠤ | ᠦᠢᠯᠡᠰ ᠢ ᠣᠯᠠᠨ ᠡᠰᠢᠵᠢᠭᠦᠯᠦᠨ ᠬᠥᠭᠵᠢᠭᠦᠯᠦᠭᠰᠡᠨ ︽1 + 8 + N︾ ᠣᠳᠣᠬᠢᠴᠢᠯᠠᠭᠰᠠᠨ ᠲᠣᠮᠣ ᠮᠠᠯ ᠠᠵᠤ | ᠠᠬᠤᠶ ᠲᠠᠷᠢᠶᠠᠯᠠᠩ ᠤᠨ ᠬᠥᠭᠵᠢᠯᠲᠡ ᠶᠢᠨ ᠰᠢᠰᠲ᠋ᠧᠮ ᠢ ᠴᠢᠷᠮᠠᠶᠢᠨ ᠪᠠᠶᠢᠭᠤᠯᠤᠨ᠎ᠠ᠃ ᠭᠤᠣᠯᠳᠠᠯᠭ᠎ᠠ ᠲᠠᠢ ᠠᠵᠤ | ᠦᠢᠯᠡᠰ ᠤᠨ ᠬᠡᠯᠬᠢᠶ᠎ᠡ ᠪᠠ ᠳᠠᠪᠠᠭᠤᠯᠢᠭ ᠣᠨᠴᠠᠯᠢᠭᠲᠤ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠮᠠᠯ | ᠠᠵᠤ ᠠᠬᠤᠢ ᠲᠠᠷᠢᠶᠠᠯᠠᠩ ᠤᠨ ᠠᠵᠤ ᠦᠢᠯᠡᠰ ᠢᠶᠠᠷ ᠪᠠᠯᠭᠠᠰᠤ ᠪᠠᠨ ᠬᠦᠴᠦᠷᠬᠡᠭᠵᠢᠭᠦᠯᠬᠦ ᠪᠦᠲᠦᠭᠡᠨ | ᠪᠠᠶᠢᠭᠤᠯᠤᠯᠲᠠ ᠶᠢ ᠠᠬᠢᠭᠤᠯᠵᠤ᠂ ᠤᠯᠤᠰ ᠤᠨ ᠠᠵᠤ ᠦᠢᠯᠡᠰ ᠤᠨ ᠪᠥᠯᠦᠭᠵᠢᠯ 1᠂ ᠤᠯᠤᠰ ᠤᠨ ᠣᠳᠣ ᠦᠶ᠎ᠡ ᠶᠢᠨ | ᠬᠦᠳᠡᠭᠡ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ 2 ᠢ ᠰᠢᠨ᠎ᠡ ᠪᠠᠷ ᠡᠭᠦᠳᠦᠨ ᠪᠠᠶᠢᠭᠤᠯᠬᠤ ᠪᠠᠷ | ᠴᠢᠷᠮᠠᠶᠢᠨ᠎ᠠ᠃ ᠨᠢᠭᠡ ᠪᠦᠯᠦᠭ ᠮᠠᠯ ᠠᠵᠤ ᠠᠬᠤᠶ ᠲᠠᠷᠢᠶᠠᠯᠠᠩ ᠤᠨ ︽ᠬᠡᠯᠬᠢᠶ᠎ᠡ ᠶᠢᠨ ᠭᠤᠤᠯᠯᠠᠬᠤ︾ ᠠᠵᠤ | ᠠᠬᠤᠶᠢᠯᠠᠯ ᠢ ᠲᠦᠷᠭᠡᠳᠭᠡᠨ ᠪᠤᠶᠢᠵᠢᠭᠤᠯᠤᠨ᠎ᠠ᠃ ︽ᠲᠢᠶᠠᠨ ᠵᠢᠶᠦ᠋ᠨ ᠲᠥᠯᠥᠪᠯᠡᠭᠡ︾᠂ ︽ᠮᠢᠩᠭ᠎ᠠ ᠵᠠᠭᠤ ᠶᠢᠨ | ᠢᠨᠵᠧᠨᠧᠷᠢᠩ︾ ᠢ ᠦᠷᠭᠦᠯᠵᠢᠯᠡᠨ ᠠᠬᠢᠭᠤᠯᠵᠤ᠂ ᠮᠠᠯ ᠠᠵᠤ ᠠᠬᠤᠢ ᠲᠠᠷᠢᠶᠠᠯᠠᠩ ᠤᠨ ᠬᠠᠮᠢᠶ᠎ᠠ ᠪᠦᠬᠦᠢ ᠠᠵᠤ | ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ ᠶᠢ ᠠᠬᠢᠭᠤᠯᠤᠨ᠎ᠠ᠃ | ︵ᠠᠷᠪᠠᠨ ᠲᠠᠪᠤ︶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠭᠦᠨᠵᠡᠭᠡᠢ ᠡᠳ᠋ᠰᠢᠭᠦᠯᠬᠦ | ᠦᠢᠯᠡᠰ ᠢ ᠬᠦᠴᠦᠷᠬᠡᠭᠵᠢᠭᠦᠯᠦᠨ᠎ᠡ᠃ ᠰᠦ ᠶᠢᠨ ᠦᠢᠯᠡᠰ᠂ ᠡᠷᠳᠡᠨᠢ ᠰᠢᠰᠢ᠂ ᠮᠢᠬᠠᠨ ᠤ ᠦᠬᠡᠷ᠂ ᠮᠢᠬᠠᠨ ᠤ ᠬᠤᠨᠢ᠂ | ᠲᠥᠮᠥᠰᠥ᠂ ᠢᠮᠠᠭᠠᠨ ᠨᠣᠤᠯᠤᠭᠤᠷ ᠵᠡᠷᠭᠡ ᠠᠵᠤ ᠦᠢᠯᠡᠰ ᠢᠶᠠᠷ ᠭᠤᠣᠯᠳᠠᠯᠭ᠎ᠠ ᠪᠣᠯᠭᠠᠨ᠂ ᠬᠦᠳᠡᠭᠡ ᠠᠵᠤ | ᠠᠬᠤᠢ ᠶᠢᠨ ᠲᠠᠭᠠᠯᠳᠠ ᠢᠳᠡᠭᠡᠨ ᠡᠳ᠋ᠰᠢᠭᠦᠯᠬᠦ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠬᠤ ᠠᠵᠢᠯᠯᠠᠭ᠎ᠠ ᠶᠢ | ᠥᠷᠨᠢᠭᠦᠯᠵᠦ᠂ ᠨᠠᠷᠢᠯᠢᠭ ᠬᠡᠷᠴᠢᠵᠦ ᠰᠠᠯᠭᠠᠭᠰᠠᠨ ᠮᠢᠬᠠᠨ ᠤ ᠪᠦᠲᠦᠭᠡᠭᠳᠡᠬᠦᠨ᠂ ᠰᠡᠯᠡᠭᠦᠴᠡᠯ ᠳᠥᠭᠦᠮ ᠢᠳᠡᠭᠡᠨ᠂ | ᠡᠷᠡᠭᠦᠯᠵᠢᠯ ᠤᠨ ᠣᠨᠴᠠᠯᠢᠭᠲᠤ ᠪᠦᠲᠦᠭᠡᠭᠳᠡᠬᠦᠨ ᠵᠡᠷᠭᠡ ᠶᠢ ᠨᠠᠷᠢᠯᠢᠭ ᠭᠦᠨᠵᠡᠭᠡᠶ ᠡᠳ᠋ᠰᠢᠭᠦᠯᠬᠦ ᠪᠠ ᠳᠠᠭᠠᠯᠲᠠ | ᠪᠦᠲᠦᠭᠡᠭᠳᠡᠬᠦᠨ ᠢ ᠶᠡᠷᠦᠩᠬᠡᠶᠢᠯᠡᠨ ᠠᠰᠢᠭᠯᠠᠬᠤ ᠶᠢ ᠶᠡᠭᠡ ᠪᠠᠷ ᠳᠡᠮᠵᠢᠵᠦ᠂ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠢ ᠡᠳ᠋ᠰᠢᠭᠦᠯᠬᠦ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠬᠠᠷ᠎ᠠ | ᠪᠤᠳᠠᠭ᠎ᠠ ᠠᠮᠢᠳᠤ ᠮᠠᠯ ᠤᠨ ᠭᠠᠳᠠᠭᠰᠢ ᠭᠠᠷᠭᠠᠬᠤ ᠭᠤᠤᠯ ᠲᠥᠷᠥᠯ ᠵᠦᠢᠯ᠂ ᠬᠦᠳᠡᠭᠡ ᠠᠵᠤ ᠠᠬᠤᠢ ᠶᠢᠨ ᠳᠠᠭᠠᠯᠳᠠ | ᠢᠳᠡᠭᠡᠨ ᠡᠳ᠋ᠰᠢᠭᠦᠯᠬᠦ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠪᠠ ᠭᠤᠤᠯᠳᠠᠯᠭ᠎ᠠ ᠲᠠᠢ ᠠᠵᠤ ᠦᠢᠯᠡᠰ ᠤᠨ | ᠬᠡᠯᠬᠢᠶ᠎ᠡ ᠶᠢᠨ ᠳᠡᠭᠡᠳᠦ ᠳᠤᠤᠷᠠᠳᠤ ᠤᠷᠤᠰᠬᠠᠯ ᠤᠨ ᠳᠤᠲᠠᠭᠤᠳᠠᠯ ᠤᠨ ᠲᠣᠭᠤᠷᠢᠨ ᠳᠤ᠂ ᠬᠡᠯᠬᠢᠶ᠎ᠡ ᠶᠢ ᠤᠷᠲᠤᠳᠬᠠᠨ | ᠬᠡᠯᠬᠢᠶ᠎ᠡ ᠶᠢ ᠨᠥᠬᠦᠪᠥᠷᠢᠯᠡᠵᠦ ᠬᠡᠯᠬᠢᠶ᠎ᠡ ᠶᠢ ᠬᠦᠴᠦᠷᠬᠡᠭᠵᠢᠭᠦᠯᠬᠦ ᠲᠥᠷᠥᠯ ᠵᠦᠢᠯ ᠢ ᠣᠨᠣᠪᠴᠢᠲᠠᠶ ᠪᠠᠷ ᠤᠷᠢᠨ | ᠣᠷᠣᠭᠤᠯᠵᠤ᠂ ᠨᠢᠭᠡ ᠪᠦᠯᠦᠭ ᠨᠠᠷᠢᠯᠢᠭ ᠡᠳ᠋ᠰᠢᠭᠦᠯᠬᠦ᠂ ᠪᠣᠭᠤᠳᠠᠯ ᠪᠠᠭᠯᠠᠭ᠎ᠠ ᠶᠢ ᠵᠢᠷᠤᠵᠤ ᠲᠥᠯᠥᠪᠯᠡᠬᠦ᠂ ᠲᠥᠷᠥᠯ | ᠲᠡᠮᠳᠡᠭ ᠢ ᠪᠥᠲᠥᠭᠡᠨ ᠪᠠᠶᠢᠭᠤᠯᠬᠤ᠂ ᠡᠵᠡᠩᠨᠡᠨ ᠪᠣᠷᠣᠯᠠᠭᠤᠯᠬᠤ ᠠᠷᠠᠯᠵᠢᠶ᠎ᠠ ᠶᠢᠨ ᠭᠤᠤᠯᠳᠠᠯᠭ᠎ᠠ ᠲᠠᠢ ᠲᠥᠷᠥᠯ | ᠵᠦᠢᠯ ᠢ ᠨᠠᠶᠢᠳᠠᠪᠤᠷᠢᠵᠢᠭᠤᠯᠬᠤ ᠪᠠᠷ ᠴᠢᠷᠮᠠᠶᠢᠨ᠎ᠠ᠃ | ︵ᠠᠷᠪᠠᠨ ᠵᠢᠷᠭᠤᠭ᠎ᠠ︶ ᠰᠢᠨ᠎ᠡ ᠠᠵᠤ ᠦᠢᠯᠡᠰ ᠰᠢᠨ᠎ᠡ ᠡᠵᠡᠩᠨᠡᠯᠲᠡ ᠶᠢᠨ ᠪᠠᠶᠢᠳᠠᠯ ᠢ ᠪᠤᠶᠢᠵᠢᠭᠤᠯᠤᠨ᠎ᠠ᠃ ᠮᠠᠯ | ᠠᠵᠤ ᠠᠬᠤᠶ ᠲᠠᠷᠢᠶᠠᠯᠠᠩ ᠬᠢᠭᠡᠳ ᠵᠢᠭᠤᠯᠴᠢᠯᠠᠯ᠂ ᠰᠣᠶᠣᠯ᠂ ᠡᠷᠡᠭᠦᠯ ᠮᠡᠨᠳᠦ᠂ ᠪᠡᠶ᠎ᠡ ᠶᠢᠨ ᠲᠠᠮᠢᠷ ᠵᠡᠷᠭᠡ ᠠᠵᠤ | ᠦᠢᠯᠡᠰ ᠤᠨ ᠭᠦᠨ ᠠᠭᠤᠰᠤᠯᠴᠠᠯ ᠢ ᠲᠦᠷᠭᠡᠳᠭᠡᠨ᠎ᠡ᠃ ᠬᠦᠷᠢᠶ᠎ᠡ ᠬᠠᠰᠢᠶᠠᠨ ᠤ ᠠᠵᠤ ᠠᠬᠤᠶ ᠶᠢᠨ 14 ᠵᠦᠢᠯ ᠤᠨ | ᠵᠠᠭᠪᠤᠷ ᠢ ᠳᠡᠯᠭᠡᠷᠡᠭᠦᠯᠵᠦ᠂ 70 ᠲᠦᠮᠡ ᠠᠴᠠ ᠳᠡᠭᠡᠭᠰᠢᠬᠢ ᠮᠠᠯᠵᠢᠬᠤ ᠲᠠᠷᠢᠶᠠᠯᠠᠬᠤ ᠡᠷᠦᠬᠡ ᠶᠢ ᠳᠠᠶᠢᠴᠢᠯᠠᠨ ᠭᠠᠵᠠᠷ | ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠬᠦᠷᠢᠶ᠎ᠡ ᠬᠠᠰᠢᠶᠠᠨ ᠤ ᠠᠵᠤ ᠠᠬᠤᠶ᠂ ᠣᠶ ᠲᠤᠳᠤᠷᠠᠬᠢ ᠠᠵᠤ ᠠᠬᠤᠶ᠂ | ᠠᠷᠠᠳ ᠤᠨ ᠰᠠᠭᠤᠴᠠ ᠶᠢᠨ ᠠᠵᠤ ᠠᠬᠤᠶ ᠵᠡᠷᠭᠡ ᠶᠢ ᠬᠥᠭᠵᠢᠭᠦᠯᠦᠨ᠎ᠡ᠃ ᠤᠯᠤᠰ ᠤᠨ ᠰᠣᠶᠣᠯ ᠤᠨ ᠠᠵᠤ | ᠦᠢᠯᠡᠰ ᠤᠨ ᠬᠥᠳᠡᠭᠡ ᠲᠣᠰᠬᠤᠨ ᠳᠤ ᠬᠦᠴᠦᠨ ᠤᠯᠭᠤᠬᠤ 2 ᠲᠤᠷᠰᠢᠯᠲᠠ ᠶᠢᠨ ᠴᠡᠭ ᠢ ᠡᠭᠦᠳᠦᠨ ᠪᠠᠶᠢᠭᠤᠯᠵᠤ᠂ | ︽ᠪᠢ ᠲᠠᠯ᠎ᠠ ᠨᠤᠲᠤᠭ ᠲᠠᠢ ᠪᠣᠯᠵᠤᠭ᠎ᠠ ᠲᠠᠢ︾ ᠰᠣᠶᠣᠯ ᠵᠢᠭᠤᠯᠴᠢᠯᠠᠯ ᠤᠨ ᠲᠠᠸᠠᠷ ᠤᠨ ᠪᠣᠳᠠᠲᠤ ᠴᠣᠭᠴᠠ ᠶᠢᠨ | ᠳᠡᠯᠭᠡᠭᠦᠷ ᠢ 200 ᠪᠠᠶᠢᠭᠤᠯᠤᠨ᠎ᠠ᠃ ᠬᠤᠰᠢᠭᠤ ᠰᠢᠶᠠᠨ ᠤ ᠬᠤᠳᠠᠯᠳᠤᠭᠠᠨ ᠤ ᠪᠦᠲᠦᠭᠡᠨ ᠪᠠᠶᠢᠭᠤᠯᠤᠯᠲᠠ ᠶᠢᠨ | ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠬᠦᠢᠲᠡᠨ ᠬᠡᠯᠬᠢᠶ᠎ᠡ ᠪᠠᠷ ᠲᠣᠬᠢᠷᠠᠭᠤᠯᠤᠨ ᠬᠦᠷᠭᠡᠬᠦ ᠪᠠ ᠴᠠᠭ | ᠲᠤᠬᠠᠶ ᠳᠤᠨᠢ ᠵᠢᠵᠢᠭᠯᠡᠨ ᠬᠤᠳᠠᠯᠳᠤᠬᠤ ᠶᠢ ᠰᠤᠮᠤ ᠰᠢᠶᠠᠩ ᠪᠠᠯᠭᠠᠰᠤ ᠲᠡᠶᠢᠰᠢ ᠤᠷᠲᠤᠳᠬᠠᠬᠤ ᠶᠢ ᠠᠬᠢᠭᠤᠯᠤᠨ᠎ᠠ᠃ | ᠲᠣᠭᠠᠴᠢᠯᠠᠭᠰᠠᠨ ᠬᠥᠳᠡᠭᠡ ᠲᠣᠰᠬᠤᠨ ᠤ ᠲᠠᠷᠢᠶᠠᠯᠠᠩ ᠢ ᠬᠦᠴᠦᠷᠬᠡᠭᠵᠢᠭᠦᠯᠦᠨ ᠲᠠᠷᠢᠶᠠᠴᠢᠳ ᠲᠤ ᠠᠰᠢᠭ ᠬᠦᠷᠲᠡᠭᠡᠵᠦ | ᠲᠠᠷᠢᠶᠠᠴᠢᠳ ᠢ ᠪᠠᠶᠠᠵᠢᠭᠤᠯᠬᠤ ᠲᠤᠰᠬᠠᠶ ᠠᠵᠢᠯᠯᠠᠭ᠎ᠠ ᠶᠢ ᠬᠡᠷᠡᠭᠵᠢᠭᠦᠯᠵᠦ᠂ ᠲᠣᠭᠠᠴᠢᠯᠠᠭᠰᠠᠨ ᠬᠥᠳᠡᠭᠡ ᠲᠣᠰᠬᠤᠨ ᠤ | ᠲᠤᠷᠰᠢᠯᠲᠠ ᠶᠢᠨ ᠴᠡᠭ ᠤᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠤᠨ᠎ᠠ᠃ | ︵ᠠᠷᠪᠠᠨ ᠳᠣᠯᠤᠭ᠎ᠠ︶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠲᠦᠷᠦᠯ ᠲᠡᠮᠲᠡᠭ ᠤᠨ | ᠪᠣᠷᠣᠯᠠᠭᠤᠯᠭ᠎ᠠ ᠶᠢ ᠴᠢᠩᠭᠠᠳᠬᠠᠨ᠎ᠠ᠃ ︽ᠥᠪᠥᠷ ᠮᠣᠩᠭᠤᠯ︾ ᠲᠡᠮᠳᠡᠭ ᠤᠨ ᠭᠡᠷᠡᠴᠢᠯᠡᠬᠦ ᠠᠵᠢᠯ ᠢ | ᠭᠦᠨᠵᠡᠭᠡᠶᠢᠷᠡᠭᠦᠯᠦᠨ ᠥᠷᠭᠡᠳᠭᠡᠵᠦ᠂ 30 ᠵᠦᠢᠯ ᠤᠨ ︽ᠥᠪᠥᠷ ᠮᠣᠩᠭᠤᠯ︾ ᠲᠡᠮᠳᠡᠭ ᠤᠨ ᠭᠡᠷᠡᠴᠢᠯᠡᠬᠦ | ᠪᠠᠷᠢᠮᠵᠢᠶ᠎ᠠ ᠶᠢ ᠨᠡᠶᠢᠲᠡᠯᠡᠵᠦ᠂ 30 ᠠᠵᠤ ᠠᠬᠤᠶᠢᠯᠠᠯ ᠢ ᠰᠢᠨ᠎ᠡ ᠪᠠᠷ ᠭᠡᠷᠡᠴᠢᠯᠡᠨ ᠲᠤᠭᠳᠠᠭᠠᠵᠦ᠂ ᠬᠥᠮᠥᠷᠭᠡ ᠳᠤ | ᠣᠷᠣᠭᠤᠯᠬᠤ ᠠᠵᠤ ᠠᠬᠤᠶᠢᠯᠠᠯ ᠢ 80 ᠠᠴᠠ ᠳᠡᠭᠡᠭᠰᠢ ᠪᠤᠯᠭᠠᠵᠤ ᠪᠤᠶᠢᠵᠢᠭᠤᠯᠤᠨ᠎ᠠ᠃ ᠲᠠᠷᠢᠶᠠᠯᠠᠩ ᠤᠨ ᠲᠦᠷᠦᠯ | ᠲᠡᠮᠳᠡᠭ ᠤᠨ ᠰᠣᠳᠣᠨ ᠪᠦᠲᠦᠭᠡᠭᠳᠡᠬᠦᠨ ᠢ ᠪᠤᠶᠢᠵᠢᠭᠤᠯᠬᠤ ᠲᠥᠯᠥᠪᠯᠡᠭᠡ ᠶᠢ ᠬᠡᠷᠡᠭᠵᠢᠭᠦᠯᠵᠦ᠂ 30 ᠲᠠᠷᠢᠶᠠᠯᠠᠩ ᠮᠠᠯ | ᠠᠵᠤ ᠠᠬᠤᠶ ᠶᠢᠨ ᠰᠣᠳᠣᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ᠂ 150 ᠠᠵᠤ | ᠠᠬᠤᠶᠢᠯᠠᠯ ᠤᠨ ᠦᠢᠯᠡᠳᠬᠦᠨ ᠤ ᠲᠥᠷᠥᠯ ᠲᠡᠮᠳᠡᠭ ᠢ ᠪᠣᠶ ᠪᠣᠯᠭᠠᠵᠤ᠂ ᠨᠢᠭᠡ ᠪᠦᠯᠦᠭ ᠨᠠᠷᠠᠲᠤ ᠣᠨᠴᠠ ᠰᠢᠯᠢᠳᠡᠭ | ᠰᠢᠨ᠎ᠡ ᠲᠠᠷᠢᠶᠠᠯᠠᠩ ᠤᠨ ᠪᠦᠲᠦᠭᠡᠭᠳᠡᠬᠦᠨ᠂ ᠪᠣᠬᠢᠷᠲᠤᠯ ᠥᠬᠡᠶ ᠴᠢᠨᠠᠷ ᠰᠠᠶᠢᠲᠠᠶ ᠲᠠᠷᠢᠶᠠᠯᠠᠩ ᠤᠨ ᠪᠦᠲᠦᠭᠡᠭᠳᠡᠬᠦᠨ᠂ | ᠭᠠᠵᠠᠷ ᠵᠦᠢ ᠶᠢᠨ ᠢᠯᠡᠷᠬᠡᠶᠢᠯᠡᠯᠳᠤ ᠪᠦᠲᠦᠭᠡᠭᠳᠡᠬᠦᠨ ᠢ ᠪᠤᠶᠢᠵᠢᠭᠤᠯᠤᠨ᠎ᠠ᠃ ᠨᠢᠭᠡ ᠪᠦᠯᠦᠭ ᠡᠯᠧᠺᠲᠷᠣᠨ | ᠬᠤᠳᠠᠯᠳᠤᠭᠠᠨ ᠤ ᠠᠵᠤ ᠦᠢᠯᠡᠰ ᠤᠨ ᠬᠦᠷᠢᠶᠡᠯᠡᠩ ᠲᠣᠭᠤᠷᠢᠭ᠂ ᠰᠢᠭᠤᠳ ᠨᠡᠪᠲᠡᠷᠡᠭᠦᠯᠬᠦ ᠰᠠᠭᠤᠷᠢᠨ ᠪᠠ ᠮᠠᠯᠵᠢᠬᠤ | ᠲᠠᠷᠢᠶᠠᠯᠠᠬᠤ ᠣᠷᠣᠨ ᠤ ᠡᠯᠧᠺᠲᠷᠣᠨ ᠬᠤᠳᠠᠯᠳᠤᠭᠠᠨ ᠤ ᠳᠠᠭᠠᠭᠤᠯᠤᠭᠴᠢ ᠶᠢ ᠪᠤᠶᠢᠵᠢᠭᠤᠯᠵᠤ᠂ ᠰᠦᠯᠵᠢᠶᠡᠨ | ᠳᠡᠭᠡᠷᠡᠬᠢ ᠪᠦᠲᠦᠭᠡᠭᠳᠡᠬᠦᠨ ᠢ ᠲᠠᠨᠢᠯᠴᠠᠭᠤᠯᠬᠤ᠂ ᠰᠢᠭᠤᠳ ᠨᠡᠪᠲᠡᠷᠡᠭᠦᠯᠭᠡ ᠪᠠᠷ ᠪᠠᠷᠠᠭ᠎ᠠ ᠪᠤᠷᠤᠯᠠᠭᠤᠯᠬᠤ ᠵᠡᠷᠭᠡ ᠶᠢ | ᠥᠷᠨᠢᠭᠦᠯᠦᠨ᠎ᠡ᠃ ᠭᠤᠤᠯ ᠪᠣᠯᠬᠤ ᠬᠡᠷᠡᠭᠯᠡᠭᠡᠨ ᠤ ᠭᠠᠵᠠᠷ ᠲᠤ ᠡᠵᠡᠩᠨᠡᠯᠲᠡ ᠠᠴᠠ ᠡᠮᠦᠨᠡᠬᠢ ᠬᠥᠮᠥᠷᠭᠡ ᠶᠢ ᠪᠦᠲᠦᠭᠡᠨ | ᠪᠠᠶᠢᠭᠤᠯᠵᠤ᠂ ᠪᠡᠭᠡᠵᠢᠩ ᠲᠢᠶᠠᠨᠵᠢᠨ ᠾᠤᠪᠸᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ | ᠣᠣᠮᠧᠨ ᠤ ᠲᠣᠮᠣ ᠪᠤᠯᠤᠩ ᠤᠨ ᠣᠷᠣᠨ ᠵᠡᠷᠭᠡ ᠭᠤᠤᠯᠳᠠᠯᠭ᠎ᠠ ᠲᠠᠢ ᠭᠠᠵᠠᠷ ᠣᠷᠣᠨ ᠳᠤ ᠡᠵᠡᠩᠨᠡᠨ ᠪᠣᠷᠣᠯᠠᠭᠤᠯᠬᠤ | ᠪᠠᠶᠢᠷᠢᠰᠢᠯ ᠢ ᠳᠡᠯᠭᠡᠷᠡᠭᠦᠯᠦᠨ᠎ᠡ᠃ ᠪᠡᠭᠡᠵᠢᠩ ᠥᠪᠥᠷ ᠮᠣᠩᠭᠤᠯ ᠤᠨ ᠬᠡᠷᠡᠭᠯᠡᠭᠡ ᠶᠢ ᠬᠠᠪᠰᠤᠷᠤᠨ ᠲᠡᠳᠬᠦᠬᠦ ᠰᠢᠷᠢᠰ | ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ︵ᠠᠷᠪᠠᠨ ᠨᠠᠢᠮᠠ︶ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠥᠷᠭᠡᠳᠭᠡᠨ᠎ᠡ᠃ | ᠰᠢᠶᠠᠨ ᠤ ᠬᠡᠪᠴᠢᠶᠡᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠭᠡᠬᠦ ᠲᠥᠷᠥ ᠶᠢᠨ ᠪᠣᠳᠣᠯᠭ᠎ᠠ | ᠠᠷᠭ᠎ᠠ ᠬᠡᠮᠵᠢᠶ᠎ᠡ ᠶᠢ ᠨᠡᠶᠢᠲᠡᠯᠡᠵᠦ᠂ ᠠᠵᠢᠯ ᠣᠯᠭᠤᠯᠲᠠ ᠶᠢ ᠰᠢᠩᠭᠡᠭᠡᠨ ᠠᠪᠬᠤ ᠴᠢᠳᠠᠪᠤᠷᠢ ᠪᠠᠷ ᠴᠢᠩᠭ᠎ᠠ ᠰᠢᠶᠠᠨ ᠤ | ᠬᠡᠪᠴᠢᠶᠡᠨ ᠤ ᠠᠵᠤ ᠦᠢᠯᠡᠰ ᠢ ᠬᠦᠴᠦᠯᠡᠨ ᠪᠤᠵᠠᠭᠠᠶᠢᠷᠠᠭᠤᠯᠤᠨ᠎ᠠ᠃ ᠰᠢᠨ᠎ᠡ ᠬᠡᠯᠪᠡᠷᠢ ᠶᠢᠨ ᠮᠠᠯ ᠠᠵᠤ ᠠᠬᠤᠢ | ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠣᠭᠴᠠ ᠶᠢ ᠲᠦᠷᠭᠡᠳᠭᠡᠨ ᠪᠤᠶᠢᠵᠢᠭᠤᠯᠵᠤ᠂ ᠳᠤᠮᠳᠠ ᠪᠠᠭ᠎ᠠ | ᠬᠡᠯᠪᠡᠷᠢ ᠶᠢᠨ ᠭᠡᠷ ᠪᠦᠯᠢ ᠶᠢᠨ ᠮᠠᠯᠵᠢᠯ ᠲᠠᠷᠢᠶᠠᠯᠠᠩ ᠤᠨ ᠲᠠᠯᠠᠪᠠᠢ᠂ ᠬᠤᠷᠰᠢᠶ᠎ᠠ ᠶᠢᠨ ᠬᠥᠭᠵᠢᠯᠲᠡ ᠶᠢ ᠳᠡᠮᠵᠢᠨ᠎ᠡ᠃ | ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠢᠱᠢᠶ᠎ᠡ ᠦᠵᠡᠭᠦᠯᠬᠦ ᠠᠵᠢᠯᠯᠠᠭ᠎ᠠ ᠶᠢ ᠥᠷᠨᠢᠭᠦᠯᠵᠦ᠂ | ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ︽ᠨᠢᠭᠡᠳᠦᠯᠲᠡᠶ ᠳᠠᠷᠢᠵᠤ ︵ᠲᠡᠵᠢᠭᠡᠵᠦ︶ | ᠬᠠᠮᠲᠤ ᠪᠠᠷ ᠪᠠᠶᠠᠵᠢᠬᠤ︾ ᠵᠠᠭᠪᠤᠷ ᠢ ᠬᠡᠷᠡᠭᠵᠢᠭᠦᠯᠦᠨ᠎ᠡ᠃ ᠠᠵᠤ ᠦᠢᠯᠡᠰ ᠤᠨ ᠬᠥᠭᠵᠢᠯᠲᠡ ᠶᠢᠨ ᠲᠠᠷᠢᠶᠠᠯᠠᠩ ᠲᠠᠢ | ᠬᠤᠯᠪᠣᠭᠠᠯᠠᠨ ᠲᠠᠷᠢᠶᠠᠯᠠᠩ ᠢ ᠳᠠᠶᠢᠴᠢᠯᠠᠬᠤ ᠶᠢ ᠴᠢᠩᠭᠠᠳᠬᠠᠵᠤ᠂ ᠰᠢᠨ᠎ᠡ ᠬᠡᠯᠪᠡᠷᠢ ᠶᠢᠨ ᠮᠠᠯ ᠠᠵᠤ ᠠᠬᠤᠢ | ᠲᠠᠷᠢᠶᠠᠯᠠᠩ ᠤᠨ ᠡᠵᠡᠩᠨᠡᠯᠲᠡ ᠶᠢᠨ ᠭᠤᠤᠯ ᠴᠣᠭᠴᠠ ᠶᠢ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢ ᠮᠠᠯᠵᠢᠬᠤ | ᠲᠠᠷᠢᠶᠠᠯᠠᠬᠤ ᠡᠷᠦᠬᠡ ᠶᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠬᠦ ᠯᠦᠭᠡ ᠬᠤᠯᠪᠣᠭᠳᠠᠭᠤᠯᠬᠤ ᠲᠣᠭᠲᠡᠴᠡ ᠶᠢ | ᠪᠦᠷᠢᠨᠰᠢᠭᠦᠯᠦᠨ᠎ᠡ᠃ ᠬᠥᠳᠡᠯᠮᠦᠷᠢ ᠨᠢᠭᠲᠠᠷᠬᠠᠰᠠᠨ ᠬᠡᠯᠪᠡᠷᠢ ᠶᠢᠨ ᠠᠵᠤ ᠠᠬᠤᠶᠢᠯᠠᠯ ᠢ ᠢᠳᠡᠪᠬᠢᠲᠡᠶ ᠪᠠᠷ ᠬᠥᠭᠵᠢᠭᠦᠯᠵᠦ | ᠂ ᠰᠢᠭᠤᠳ ᠨᠡᠪᠲᠡᠷᠡᠭᠦᠯᠬᠦ ᠡᠯᠧᠺᠲᠷᠣᠨ ᠬᠤᠳᠠᠯᠳᠤᠭ᠎ᠠ᠂ ᠵᠠᠬᠢᠶᠠᠯᠠᠭ᠎ᠠ ᠶᠢᠨ ᠬᠤᠭᠤᠯᠠ ᠲᠣᠬᠢᠷᠠᠭᠤᠯᠤᠨ ᠬᠦᠷᠭᠡᠬᠦ᠂ | ᠰᠦᠯᠵᠢᠶ᠎ᠡ ᠪᠠᠷ ᠪᠣᠯᠵᠣᠬᠤ ᠲᠡᠷᠭᠡ᠂ ᠲᠦᠷᠭᠡᠨ ᠬᠦᠷᠭᠡᠯᠲᠡ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠶᠢ | ᠪᠤᠶᠢᠵᠢᠭᠤᠯᠤᠨ ᠪᠤᠵᠠᠭᠠᠶᠢᠷᠠᠭᠤᠯᠵᠤ᠂ ᠠᠵᠢᠯ ᠣᠯᠭᠤᠬᠤ ᠣᠯᠠᠨ ᠨᠡᠶᠢᠲᠡ ᠶᠢᠨ ᠦᠢᠯᠡᠴᠢᠯᠡᠭᠡ ᠶᠢ ᠦᠨᠳᠦᠰᠦᠨ | ᠱᠠᠲᠤᠨ ᠤ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠦᠢᠯᠡᠴᠢᠯᠡᠭᠡᠨ ᠤ ᠵᠦᠢᠯ ᠳᠤ ᠣᠷᠣᠭᠤᠯᠤᠨ᠂ ᠮᠠᠯᠴᠢᠨ | ᠲᠠᠷᠢᠶᠠᠴᠢᠨ ᠤ ᠴᠠᠯᠢᠩ ᠤᠨ ᠴᠢᠨᠠᠷᠲᠠᠶ ᠣᠷᠣᠯᠭ᠎ᠠ ᠶᠢ ᠶᠡᠭᠡ ᠪᠠᠷ ᠳᠡᠭᠡᠭᠰᠢᠯᠡᠭᠦᠯᠦᠨ᠎ᠡ᠃ ᠭᠠᠳᠠᠭᠰᠢ ᠭᠠᠷᠴᠤ | ᠬᠦᠯᠦᠰᠦᠨ ᠠᠵᠢᠯ ᠬᠢᠬᠦ ᠦᠢᠯᠡᠴᠢᠯᠡᠭᠡᠨ ᠤ ᠪᠠᠲᠤᠯᠠᠭ᠎ᠠ ᠶᠢ ᠰᠠᠶᠢᠲᠤᠷ ᠬᠢᠵᠦ᠂ ︽ᠵᠠᠬᠢᠶᠠᠯᠠᠭ᠎ᠠ ᠶᠢᠨ ᠮᠠᠶ᠋ᠢᠭ︾᠂ ︽ | ᠬᠠᠨᠳᠤᠯᠭᠠᠲᠤ ᠮᠠᠶ᠋ᠢᠭ︾ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠢ ᠶᠡᠭᠡ ᠬᠡᠪᠴᠢᠶ᠎ᠡ ᠪᠠᠷ | ᠵᠣᠬᠢᠶᠠᠨ ᠪᠠᠶᠢᠭᠤᠯᠤᠨ᠎ᠠ᠃ ᠬᠦᠯᠦᠰᠦᠨ ᠮᠠᠯᠴᠢᠨ ᠲᠠᠷᠢᠶᠠᠴᠢᠨ ᠤ ᠴᠠᠯᠢᠩ ᠢ ᠥᠷᠢᠲᠦᠭᠰᠡᠨ ᠠᠰᠠᠭᠤᠳᠠᠯ ᠢ | ᠦᠨᠳᠦᠰᠦᠨ ᠠᠴᠠ ᠨᠢ ᠵᠠᠰᠠᠬᠤ ᠲᠤᠰᠬᠠᠶ ᠵᠠᠰᠠᠬᠤ ᠠᠵᠢᠯᠯᠠᠭ᠎ᠠ ᠶᠢ ᠥᠷᠨᠢᠭᠦᠯᠦᠨ᠎ᠡ᠃ ᠬᠦᠳᠡᠯᠮᠦᠷᠢ ᠪᠠᠷ | ᠲᠡᠳᠬᠦᠮᠵᠢ ᠶᠢ ᠣᠷᠣᠯᠠᠭᠤᠯᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠬᠡᠪᠴᠢᠶ᠎ᠡ ᠶᠢ ᠥᠷᠭᠡᠳᠭᠡᠵᠦ᠂ | ᠲᠠᠷᠢᠶᠠᠴᠢᠳ ᠮᠠᠯᠴᠢᠳ ᠢ ᠬᠥᠲᠥᠯᠥᠨ ᠵᠢᠯᠣᠭᠤᠳᠴᠤ ᠪᠠᠶᠢᠭᠠᠳ ︽ᠤᠮᠠᠷᠠᠲᠤ ᠶᠢᠨ ᠭᠤᠷᠪᠠᠨ ᠤᠷᠤᠨ︾ ᠤ | ᠢᠨᠵᠧᠨᠧᠷᠢᠩ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠵᠡᠷᠭᠡ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠳᠤ ᠣᠷᠣᠯᠴᠠᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠠᠵᠤ ᠠᠬᠤᠶ ᠶᠢ | ᠲᠡᠳᠬᠦᠨ ᠳᠡᠮᠵᠢᠬᠦ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠬᠠᠮᠲᠤ ᠶᠢᠨ ᠠᠵᠤ ᠠᠬᠤᠶ ᠶᠢᠨ ᠵᠣᠬᠢᠶᠠᠨ | ᠪᠠᠶᠢᠭᠤᠯᠤᠯᠲᠠ ᠶᠢ ᠬᠥᠲᠥᠯᠥᠨ ᠵᠢᠯᠣᠭᠤᠳᠴᠤ ᠪᠠᠶᠢᠭᠠᠳ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ | ᠪᠠᠶᠢᠭᠤᠯᠤᠯᠲᠠ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠢᠨᠵᠧᠨᠧᠷᠢᠩ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠥᠷᠥᠯ ᠵᠦᠢᠯ ᠳᠤ ᠣᠷᠣᠯᠴᠠᠭᠤᠯᠤᠨ᠎ᠠ᠃ ᠮᠠᠯᠴᠢᠨ ᠲᠠᠷᠢᠶᠠᠴᠢᠳ ᠲᠤ ᠠᠰᠢᠭ | ᠬᠦᠷᠲᠡᠭᠡᠬᠦ ᠨᠥᠬᠦᠪᠥᠷᠢ ᠶᠢ ᠣᠨᠣᠴᠠᠲᠠᠢ ᠣᠯᠭᠤᠬᠤ ᠶᠢ ᠠᠬᠢᠭᠤᠯᠤᠨ᠎ᠠ᠃ ᠨᠥᠬᠦᠴᠡᠯ ᠲᠠᠢ ᠬᠠᠮᠲᠤ ᠶᠢᠨ ᠠᠵᠤ | ᠠᠬᠤᠢ ᠶᠢᠨ ᠵᠣᠬᠢᠶᠠᠨ ᠪᠠᠶᠢᠭᠤᠯᠤᠯᠲᠠ ᠠᠴᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ | ᠳᠠᠭᠠᠳᠬᠠᠯ ᠤᠨ ᠰᠦᠢᠳᠭᠡᠯ ᠲᠤᠰᠢᠶᠠᠬᠤ ᠳᠤ ᠨᠥᠬᠦᠪᠥᠷᠢ ᠥᠭᠬᠦ ᠶᠢ ᠵᠣᠷᠢᠭᠵᠢᠭᠤᠯᠤᠨ᠎ᠠ᠃ |