ᠶᠢᠨ ᠵᠢᠯᠠᠭ᠎ᠠ᠄  ᠬᠤᠪᠠᠭ᠋ᠠᠢ ᠡᠯᠡᠰᠦ ᠮᠠᠩᠬ᠎ᠠ ᠶᠢ ᠵᠠᠰᠠᠵᠤ ᠭᠡᠷ ᠣᠷᠣᠨ ᠢᠶᠠᠨ ᠨᠤᠭᠤᠭᠠᠷᠠᠭᠤᠯᠤᠨ᠎ᠠ
ᠨᠡᠶᠢᠲᠡᠯᠡᠭᠰᠡᠨ ᠴᠠᠭ᠄
2025/5/12
   ᠬᠤᠷᠴᠢᠨ ᠤ ᠡᠯᠡᠰᠦᠷᠬᠡᠭ ᠭᠠᠵᠠᠷ ᠤᠨ ᠬᠢᠯᠢ ᠬᠢᠵᠠᠭᠠᠷ ᠲᠤ ᠪᠠᠶᠢᠭ᠎ᠠ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠠᠶᠠᠨᠮᠠᠩᠬ᠎ᠠ ᠰᠤᠮᠤ ᠶᠢᠨ ᠬᠠᠲᠠᠪᠴᠢ ᠭᠠᠴᠠᠭ᠎ᠠ ᠳᠤ᠂ ᠨᠠᠮ ᠤᠨ ᠡᠭᠦᠷ ᠤᠨ ᠱᠦᠵᠢ ᠶᠢᠨ ᠵᠢᠯᠠᠭ᠎ᠠ 13 ᠵᠢᠯ ᠤᠨ ᠳᠤᠷᠰᠢ ᠤᠷᠤᠨ ᠨᠤᠲᠤᠭ ᠤᠨ ᠠᠬ᠎ᠠ ᠳᠡᠭᠦᠦ ᠨᠡᠷ ᠢᠶᠠᠨ ᠳᠠᠭᠠᠭᠤᠯᠤᠨ ᠮᠣᠳᠣ ᠲᠠᠷᠢᠵᠤ ᠣᠶᠢᠵᠢᠭᠤᠯᠵᠤ᠂ ᠬᠤᠪᠠᠭ᠋ᠠᠢ ᠡᠯᠡᠰᠦ ᠶᠢ ᠵᠠᠰᠠᠵᠤ᠂ ᠥᠩᠭᠡᠷᠡᠭᠰᠡᠨ ᠤ ᠰᠢᠷ᠎ᠠ ᠮᠠᠩᠬᠠᠨ ᠮᠠᠩᠬᠠᠨ ᠡᠯᠡᠰᠦ ᠶᠢ ᠨᠣᠭᠤᠭᠠᠨ ᠪᠦᠷᠢᠳᠦ ᠪᠣᠯᠭᠠᠨ ᠬᠤᠪᠢᠷᠠᠭᠤᠯᠵᠤ᠂ ᠲᠤᠬᠠᠢ ᠶᠢᠨ ᠭᠠᠵᠠᠷ ᠤᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ᠂ ᠠᠷᠠᠳ ᠣᠯᠠᠨ ᠤ ᠪᠠᠶᠠᠵᠢᠨ ᠴᠢᠨᠡᠭᠡᠯᠢᠭᠵᠢᠬᠦ ᠳᠤ ᠪᠠᠲᠤ ᠪᠠᠬᠢ ᠠᠮᠢ ᠠᠬᠤᠢ ᠶᠢᠨ ᠰᠠᠭᠤᠷᠢ ᠶᠢ ᠲᠠᠯᠪᠢᠭᠰᠠᠨ ᠪᠠᠶᠢᠨ᠎ᠠ᠃ ᠣᠶᠢᠷ᠎ᠠ ᠳᠤ᠂ ᠰᠤᠷᠪᠤᠯᠵᠢᠯᠠᠭᠴᠢ ᠪᠠᠶᠠᠨᠮᠠᠩᠬ᠎ᠠ ᠰᠤᠮᠤ ᠶᠢᠨ ᠬᠠᠲᠠᠪᠴᠢ ᠭᠠᠴᠠᠭ᠎ᠠ ᠳᠤ ᠬᠦᠷᠬᠦ ᠳᠤ᠂ ᠶᠢᠨ ᠵᠢᠯᠠᠭ᠎ᠠ ᠶᠠᠭ ᠣᠢ ᠰᠢᠭᠤᠢ ᠬᠠᠮᠠᠭᠠᠯᠠᠭᠴᠢ ᠶᠢ ᠳᠠᠭᠠᠭᠤᠯᠤᠨ ᠴᠢᠴᠠᠷᠭᠠᠨ᠎ᠠ ᠶᠢᠨ ᠣᠢ ᠶᠢᠨ ᠳᠤᠮᠳᠠ ᠰᠦᠯᠵᠢᠯᠳᠦᠵᠦ᠂ ᠴᠢᠴᠠᠷᠭᠠᠨ᠎ᠠ ᠶᠢᠨ ᠤᠷᠭᠤᠴᠠ ᠶᠢᠨ ᠪᠠᠶᠢᠳᠠᠯ ᠢ ᠪᠠᠶᠢᠴᠠᠭᠠᠨ ᠦᠵᠡᠵᠦ᠂ ᠡᠪᠡᠳᠴᠢᠨ ᠬᠤᠷᠣᠬᠠᠢ ᠶᠢᠨ ᠭᠠᠮᠰᠢᠭ ᠪᠠ ᠮᠣᠳᠣ ᠬᠤᠪᠠᠭ᠋ᠠᠶᠢᠷᠠᠵᠤ ᠦᠬᠦᠭᠰᠡᠨ ᠪᠠᠶᠢᠳᠠᠯ ᠪᠠᠶᠢᠬᠤ ᠡᠰᠡᠬᠦ ᠶᠢ ᠪᠠᠶᠢᠴᠠᠭᠠᠨ ᠦᠵᠡᠵᠦ ᠪᠠᠶᠢᠨ᠎ᠠ᠃ ᠪᠠᠶᠠᠨᠮᠠᠩᠬ᠎ᠠ ᠰᠤᠮᠤ ᠶᠢ ᠶᠠᠷᠢᠬᠤ ᠳᠤ᠂ ᠬᠥᠮᠦᠰ ᠤᠨ ᠲᠠᠷᠢᠬᠢᠨ ᠳᠤ ᠬᠠᠳᠠᠩᠰᠢᠭᠰᠠᠨ ᠰᠠᠭᠤᠭᠳᠠᠯ ᠪᠣᠯ ᠳᠠᠷᠤᠢ ᠤᠷᠢᠬᠠᠨ ᠰᠠᠯᠬᠢ ᠬᠠᠮᠲᠤ ᠪᠠᠶᠢᠳᠠᠭ᠂ ᠰᠢᠷ᠎ᠠ ᠮᠠᠩᠬ᠎ᠠ ᠲᠩᠷᠢ ᠲᠤᠩᠭᠠᠯᠠᠭ᠂ ᠡᠶᠢᠮᠦ ᠪᠠᠶᠢᠳᠠᠯ ᠤᠨ ᠡᠮᠦᠨ᠎ᠡ᠂ ᠴᠥᠭᠡᠨ ᠪᠤᠰᠤ ᠬᠥᠮᠦᠰ ᠡᠨᠡ ᠬᠦ ᠵᠡᠷᠡᠮᠳᠡᠭ ᠭᠠᠵᠠᠷ ᠠᠴᠠ ᠮᠤᠯᠲᠤᠷᠠᠬᠤ ᠶᠢ ᠰᠣᠩᠭᠤᠵᠤ ᠪᠠᠶᠢᠨ᠎ᠠ᠃    ᠪᠠᠶᠠᠨᠮᠠᠩᠬ᠎ᠠ ᠰᠤᠮᠤ ᠶᠢᠨ ᠬᠠᠲᠠᠪᠴᠢ ᠭᠠᠴᠠᠭᠠᠨ ᠤ ᠨᠠᠮ ᠤᠨ ᠡᠭᠦᠷ ᠤᠨ ᠱᠦᠵᠢ ᠶᠢᠨ ᠵᠢᠯᠠᠭ᠎ᠠ ᠬᠡᠯᠡᠭᠰᠡᠨ ᠨᠢ᠄ ︽ᠥᠩᠭᠡᠷᠡᠭᠰᠡᠨ ᠳᠤ ᠬᠠᠪᠤᠷ ᠤᠨ ᠶᠡᠭᠡ ᠰᠠᠯᠬᠢ ᠰᠠᠯᠬᠢᠯᠠᠪᠠᠯ᠂ ᠭᠠᠴᠠᠭ᠎ᠠ ᠨᠢ ᠲᠩᠷᠢ ᠴᠡᠯᠮᠡᠭ᠂ ᠣᠯᠠᠨ ᠢᠶᠠᠷ ᠢᠶᠠᠨ ᠡᠯᠡᠰᠦᠨ ᠰᠢᠭᠤᠷᠭ᠎ᠠ ᠶᠢ ᠲᠠᠷᠴᠢᠯᠠᠵᠤ᠂ ᠣᠲᠣ ᠴᠢᠴᠠᠷᠭᠠᠨ᠎ᠠ ᠶᠢᠨ ᠣᠢ ᠪᠣᠯᠵᠤ᠂ ᠰᠠᠯᠬᠢ ᠪᠠᠭᠠᠰᠴᠤ᠂ ᠡᠯᠡᠰᠦ ᠴᠤ ᠪᠠᠭᠠᠰᠴᠤ᠂ ᠣᠷᠴᠢᠨ ᠲᠣᠭᠤᠷᠢᠨ ᠤᠤᠯ ᠠᠴᠠ ᠪᠠᠨ ᠨᠡᠯᠢᠶᠡᠳ ᠰᠠᠶᠢᠨ ᠪᠣᠯᠵᠠᠢ︾ ᠭᠡᠪᠡ᠃ ᠵᠢᠩᠵᠢᠯᠠᠭ᠎ᠠ ᠠᠯᠪᠠᠯᠠᠵᠤ ᠪᠠᠶᠢᠨ᠎ᠠ᠃ ᠶᠢᠨ ᠵᠢᠯᠠᠭ᠎ᠠ ᠵᠣᠷᠢᠭ ᠲᠡᠭᠦᠯᠳᠡᠷ᠃ 2000 ᠣᠨ ᠳᠤ ᠪᠦᠬᠦ ᠤᠯᠤᠰ ᠤᠨ ︽ᠲᠠᠷᠢᠶᠠᠯᠠᠬᠤ ᠶᠢ ᠵᠣᠭᠰᠣᠭᠠᠵᠤ ᠣᠢ ᠰᠢᠭᠤᠢ ᠶᠢ ᠰᠡᠷᠭᠦᠭᠡᠬᠦ︾ ᠲᠥᠷᠥ ᠶᠢᠨ ᠪᠣᠳᠣᠯᠭ᠎ᠠ ᠶᠢ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠨᠠᠶᠢᠳᠠᠪᠤᠷᠢᠵᠢᠭᠤᠯᠵᠤ᠂ ᠲᠡᠷᠡ ᠲᠣᠰᠬᠤᠨ ᠤ ᠠᠷᠠᠳ ᠲᠤ ᠲᠥᠷᠥ ᠶᠢᠨ ᠪᠣᠳᠣᠯᠭ᠎ᠠ ᠶᠢ ᠢᠳᠡᠪᠬᠢᠲᠡᠢ ᠤᠬᠠᠭᠤᠯᠵᠤ᠂ ᠤᠯᠤᠰ ᠤᠨ ᠨᠥᠬᠦᠪᠥᠷᠢ ᠶᠢᠨ ᠪᠠᠲᠤᠯᠠᠭ᠎ᠠ ᠶᠢ ᠣᠯᠠᠨ ᠳᠤ ᠦᠵᠡᠭᠦᠯᠵᠦ᠂ ᠠᠵᠢᠯ ᠢᠶᠠᠨ ᠤᠷᠤᠭᠰᠢᠲᠠᠢ ᠠᠬᠢᠭᠤᠯᠪᠠ᠃ 2012 ᠣᠨ ᠳᠤ ᠭᠠᠴᠠᠭᠠᠨ ᠤ ᠨᠠᠮ ᠤᠨ ᠡᠭᠦᠷ ᠤᠨ ᠱᠦᠵᠢ ᠶᠢᠨ ᠲᠤᠰᠢᠶᠠᠯ ᠢ ᠡᠭᠦᠷᠭᠡᠯᠡᠭᠰᠡᠨ ᠤ ᠳᠠᠷᠠᠭ᠎ᠠ᠂ ᠲᠡᠷᠡ ︽ᠡᠪᠡᠰᠦ ᠲᠠᠷᠢᠬᠤ ᠦᠭᠡᠢ᠂ ᠬᠡᠵᠢᠶᠡᠳᠡ ᠲᠣᠯᠣᠭᠠᠢ ᠭᠠᠷᠬᠤ ᠦᠭᠡᠢ ᠡᠳᠦᠷ︾ ᠢ ᠭᠦᠨ ᠣᠶᠢᠯᠠᠭᠠᠵᠤ᠂ ᠡᠯᠡᠰᠦ ᠶᠢ ᠵᠠᠰᠠᠬᠤ ᠠᠩᠬᠠᠨ ᠤ ᠪᠡᠯᠡ ᠮᠥᠩᠭᠦ ᠶᠢ ᠲᠡᠮᠡᠴᠡᠨ ᠣᠯᠵᠤ᠂ ᠲᠣᠰᠬᠤᠨ ᠤ ᠠᠷᠠᠳ ᠢ ᠳᠠᠭᠠᠭᠤᠯᠤᠨ ᠰᠤᠯᠠ ᠲᠠᠯᠪᠢᠭᠳᠠᠵᠤ ᠪᠠᠶᠢᠭ᠎ᠠ 10 ᠵᠢᠯ ᠤᠨ 600 ᠮᠦ ᠠᠲᠠᠷ ᠭᠠᠵᠠᠷ ᠲᠤ ᠪᠣᠷᠣ ᠴᠠᠷᠭᠠᠰᠤ ᠲᠠᠷᠢᠭᠤᠯᠪᠠ᠃ ᠪᠢᠲᠡᠭᠦᠮᠵᠢᠯᠡᠯ ᠤᠨ ᠪᠡᠯᠡ ᠮᠥᠩᠭᠦ ᠶᠢᠨ ᠬᠦᠴᠢᠷ ᠠᠰᠠᠭᠤᠳᠠᠯ ᠤᠨ ᠡᠮᠦᠨ᠎ᠡ᠂ ᠲᠡᠷᠡ ᠠᠶᠢᠯ ᠳᠠᠷᠠᠭᠠᠯᠠᠨ ᠢᠳᠬᠠᠵᠤ᠂ ᠡᠴᠦᠰ ᠲᠡᠭᠡᠨ ᠲᠣᠰᠬᠤᠨ ᠤ ᠠᠷᠠᠳ ᠰᠠᠶᠢᠨ ᠳᠤᠷ᠎ᠠ ᠠᠴᠠ ᠪᠠᠨ ᠪᠡᠯᠡ ᠮᠥᠩᠭᠦ ᠭᠠᠷᠭᠠᠵᠤ᠂ ᠨᠢᠭᠡᠳᠦᠭᠡᠷ ᠬᠡᠰᠡᠭ ︽ᠬᠦᠰᠡᠯᠡᠩ ᠤᠨ ᠣᠢ︾ ᠲᠠᠷᠢᠪᠠ᠃    ᠪᠠᠶᠠᠨᠮᠠᠩᠬ᠎ᠠ ᠰᠤᠮᠤ ᠶᠢᠨ ᠬᠠᠲᠠᠪᠴᠢ ᠭᠠᠴᠠᠭᠠᠨ ᠤ ᠠᠷᠠᠳ ᠪᠠᠢ ᠶᠢᠨ ᠪᠦᠦ᠄ ︽ᠮᠠᠨ ᠤ ᠭᠠᠴᠠᠭᠠᠨ ᠤ ᠴᠢᠴᠠᠷᠭᠠᠨ᠎ᠠ ᠶᠢᠨ ᠣᠢ ᠲᠠᠷᠢᠭᠰᠠᠨ ᠠᠴᠠ ᠨᠠᠰᠢ ᠠᠮᠢ ᠠᠬᠤᠢ ᠣᠷᠴᠢᠨ ᠲᠣᠭᠤᠷᠢᠨ ᠤᠯᠠᠮ ᠠᠴᠠ ᠤᠯᠠᠮ ᠰᠠᠶᠢᠵᠢᠷᠠᠵᠤ᠂ ᠢᠳᠡᠷᠡᠭᠦᠨ ᠢᠶᠠᠷ ᠥᠰᠦᠨ ᠪᠤᠶᠢᠵᠢᠭᠰᠠᠨ ᠮᠣᠳᠣ ᠶᠢ ᠦᠵᠡᠭᠡᠳ ᠪᠢ ᠮᠠᠰᠢ ᠰᠡᠳᠬᠢᠯ ᠳᠣᠭᠳᠣᠯᠵᠤ᠂ ᠡᠯᠡᠰᠦᠷᠬᠡᠭᠵᠢᠯ ᠢ ᠰᠡᠷᠭᠡᠶᠢᠯᠡᠨ ᠵᠠᠰᠠᠬᠤ ᠴᠢᠷᠮᠠᠶᠢᠯᠭ᠎ᠠ ᠪᠠᠷ᠂ ᠬᠤᠶᠢᠰᠢᠳᠠ ᠮᠠᠨ ᠤ ᠠᠮᠢᠳᠤᠷᠠᠯ ᠯᠠᠪᠲᠠᠢ ᠮᠠᠰᠢ ᠵᠣᠯ ᠵᠢᠷᠭᠠᠯ ᠲᠠᠢ ᠪᠠᠶᠢᠬᠤ ᠶᠢ ᠢᠲᠡᠭᠡᠵᠦ ᠪᠠᠶᠢᠨ᠎ᠠ︾ ᠭᠡᠵᠦ ᠬᠡᠯᠡᠪᠡ᠃ ᠶᠢᠨ ᠵᠢᠯᠠᠭ᠎ᠠ ᠲᠣᠰᠬᠤᠨ ᠤ ᠠᠷᠠᠳ ᠲᠤ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠶᠢᠨ ᠴᠢᠬᠤᠯᠠ ᠴᠢᠨᠠᠷ ᠢ ᠲᠠᠶᠢᠯᠪᠤᠷᠢᠯᠠᠵᠤ ᠥᠭᠪᠡ᠃ ᠵᠠᠪᠰᠢᠶᠠᠨ ᠢᠶᠠᠷ 2017 ᠣᠨ ᠳᠤ ᠢᠯᠡᠷᠡᠵᠦ᠂ ᠲᠥᠪ ᠤᠨ ᠤᠬᠠᠭᠤᠯᠬᠤ ᠬᠡᠯᠲᠡᠰ ᠤᠨ ᠲᠣᠮᠢᠯᠠᠨ ᠰᠠᠭᠤᠯᠭᠠᠭᠰᠠᠨ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠲᠠᠨ ᠠᠨ ᠳ᠋ᠦᠩ ᠬᠠᠲᠠᠪᠴᠢ ᠭᠠᠴᠠᠭ᠎ᠠ ᠳᠤ ᠬᠦᠷᠬᠦ ᠳᠤ᠂ ᠵᠢᠨᠵᠢᠯᠠᠭ᠎ᠠ ᠬᠠᠲᠠᠭᠤ ᠨᠡᠶᠢᠲᠡᠯᠢᠭ ᠬᠡᠯᠡ ᠪᠠᠷ ᠰᠠᠯᠬᠢ ᠡᠯᠡᠰᠦ ᠶᠢ ᠵᠠᠰᠠᠬᠤ ᠬᠦᠰᠡᠯ ᠡᠷᠡᠮᠡᠯᠵᠡᠯ ᠭᠠᠷᠭᠠᠪᠠ᠃ 2019 ᠣᠨ ᠳᠤ᠂ ᠲᠥᠪ ᠤᠨ ᠤᠬᠠᠭᠤᠯᠬᠤ ᠬᠡᠯᠲᠡᠰ ᠤᠨ ᠺᠠᠳ᠋ᠷ ᠠᠵᠢᠯᠲᠠᠨ ᠠᠵᠢᠯᠴᠢᠨ ᠤ ᠬᠠᠨᠳᠢᠪᠯᠠᠭᠰᠠᠨ 100 ᠲᠦᠮᠡᠨ ᠲᠥᠭᠦᠷᠢᠭ ᠤᠨ ᠪᠡᠯᠡ ᠮᠥᠩᠭᠦ ᠶᠢ ᠨᠠᠶᠢᠳᠠᠪᠤᠷᠢᠵᠢᠭᠤᠯᠵᠤ᠂ ᠠᠳᠡ ᠠᠴᠠ 1500 ᠮᠥ ᠴᠢᠴᠠᠷᠭᠠᠨ᠎ᠠ ᠶᠢᠨ ᠠᠵᠤ ᠠᠬᠤᠢ ᠶᠢᠨ ᠵᠢᠱᠢᠶ᠎ᠡ ᠦᠵᠡᠭᠦᠯᠬᠦ ᠣᠢ ᠰᠢᠭᠤᠢ ᠶᠢᠨ ᠲᠤᠷᠰᠢᠯᠲᠠ ᠶᠢᠨ ᠴᠡᠭ ᠤᠨ ᠲᠥᠷᠥᠯ ᠵᠦᠢᠯ ᠢ ᠡᠬᠢᠯᠡᠭᠦᠯᠵᠦ᠂ ᠭᠠᠴᠠᠭ᠎ᠠ ᠳᠤ ︽ᠰᠠᠯᠬᠢ ᠬᠠᠯᠬᠠᠯᠠᠨ ᠡᠯᠡᠰᠦ ᠶᠢ ᠰᠡᠷᠭᠡᠶᠢᠯᠡᠬᠦ ᠬᠡᠷᠡᠮ︾ ᠢ ᠪᠠᠶᠢᠭᠤᠯᠵᠤ᠂ ᠥᠩᠭᠡᠷᠡᠭᠰᠡᠨ ᠳᠤ ᠰᠢᠷᠭᠠᠯ ᠡᠯᠡᠰᠦᠨ ᠮᠠᠩᠬᠠᠨ ᠤ ᠦᠵᠡᠮᠵᠢ ᠨᠢ ᠪᠤᠴᠠᠯᠲᠠ ᠦᠭᠡᠢ ᠪᠣᠯᠵᠠᠢ᠃   ︽ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠨᠢ ᠮᠠᠨ ᠤ ᠭᠠᠴᠠᠭᠠᠨ ᠳᠤ ᠦᠨᠡᠨ ᠪᠣᠳᠠᠲᠠᠢ ᠠᠰᠢᠭ ᠬᠦᠷᠲᠡᠭᠡᠵᠦ᠂ ᠴᠢᠴᠠᠷᠭᠠᠨ᠎ᠠ ᠶᠢᠨ ᠣᠢ ᠲᠠᠷᠢᠬᠤ ᠨᠢ ᠣᠯᠠᠨ ᠲᠦᠮᠡᠨ ᠤ ᠠᠵᠢᠯ ᠤᠨ ᠪᠠᠶᠢᠷᠢ ᠶᠢ ᠨᠡᠮᠡᠭᠳᠡᠭᠦᠯᠦᠭᠰᠡᠨ ᠢᠶᠠᠷ ᠪᠠᠷᠠᠬᠤ ᠦᠭᠡᠢ᠂ ᠪᠠᠰᠠ ᠮᠠᠨ ᠤ ᠭᠠᠴᠠᠭᠠᠨ ᠤ ᠠᠮᠢ ᠠᠬᠤᠢ ᠶᠢᠨ ᠣᠷᠴᠢᠨ ᠨᠥᠬᠦᠴᠡᠯ ᠢ ᠰᠠᠶᠢᠵᠢᠷᠠᠭᠤᠯᠤᠭᠰᠠᠨ᠂ ᠪᠠᠰᠠ ᠠᠵᠤ ᠠᠬᠤᠢ ᠶᠢᠨ ᠦᠷ᠎ᠡ ᠠᠰᠢᠭ ᠢ ᠨᠡᠮᠡᠭᠳᠡᠭᠦᠯᠦᠭᠰᠡᠨ ᠪᠠᠶᠢᠨ᠎ᠠ᠃ ᠨᠢᠳᠤᠨᠤᠨ ᠴᠢᠴᠠᠷᠭᠠᠨ᠎ᠠ ᠪᠢᠳᠡ 3 ᠲᠦᠮᠡ ᠭᠠᠷᠤᠢ ᠲᠥᠭᠦᠷᠢᠭ ᠬᠤᠳᠠᠯᠳᠤᠵᠤ᠂ 12 ᠡᠷᠦᠬᠡ ᠲᠣᠰᠬᠤᠨ ᠤ ᠠᠷᠠᠳ ᠤᠨ ᠣᠷᠣᠯᠭ᠎ᠠ ᠶᠢᠨ ᠨᠡᠮᠡᠭᠳᠡᠯ ᠢ ᠲᠠᠶᠢᠴᠢᠯᠠᠵᠠᠢ᠃ ᠵᠠᠯᠭᠠᠭᠠᠳ ᠪᠢ ᠦᠷᠭᠦᠯᠵᠢᠯᠡᠨ ᠭᠠᠴᠠᠭᠠᠨ ᠤ ᠣᠯᠠᠨ ᠲᠦᠮᠡᠨ ᠢ ᠳᠠᠭᠠᠭᠤᠯᠤᠨ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠵᠤ᠂ ᠭᠠᠴᠠᠭ᠎ᠠ ᠶᠢ ᠡᠯᠡᠰᠦ ᠮᠠᠩᠬ᠎ᠠ ᠠᠴᠠ ᠨᠣᠭᠤᠭᠠᠨ ᠪᠦᠷᠢᠳᠦ ᠪᠣᠯᠭᠠᠨ ᠬᠤᠪᠢᠷᠠᠭᠤᠯᠤᠨ᠎ᠠ︾ ᠭᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号