ᠮᠤᠵᠢ ᠠᠯᠤᠰᠯᠠᠨ ᠤᠨᠳᠤᠤ ᠭᠠᠵᠠᠷ ᠲᠤ ᠡᠮᠨᠡᠭᠦᠯᠬᠦ ᠳᠤ ᠡᠮ ᠡᠮᠨᠡᠯᠭᠡ ᠶᠢᠨ ᠳᠠᠭᠠᠳᠬᠠᠯ ᠢ ᠬᠡᠷᠬᠢᠨ ᠳᠠᠩᠰᠠᠯᠠᠭᠤᠯᠬᠤ ᠪᠣᠶ
ᠨᠡᠶᠢᠲᠡᠯᠡᠭᠰᠡᠨ ᠴᠠᠭ᠄
2025/5/12
   ᠮᠤᠵᠢ ᠠᠯᠤᠰᠯᠠᠨ ᠤᠨᠳᠤᠤ ᠭᠠᠵᠠᠷ ᠲᠤ ᠣᠷᠳᠣ ᠬᠤᠭᠤᠴᠠᠭ᠎ᠠ ᠪᠠᠷ ᠰᠠᠭᠤᠭᠰᠠᠨ ᠪᠤᠶᠤ ᠮᠤᠵᠢ ᠠᠯᠤᠰᠯᠠᠨ ᠲᠦᠷ ᠴᠠᠭ ᠭᠠᠳᠠᠭᠰᠢ ᠭᠠᠷᠴᠤ ᠡᠮᠨᠡᠭᠦᠯᠦᠭᠰᠡᠨ ᠳᠠᠭᠠᠳᠬᠠᠯ ᠳᠤ ᠣᠷᠣᠯᠴᠠᠭᠰᠠᠳ᠂ ᠤᠨᠳᠤᠤ ᠭᠠᠵᠠᠷ ᠲᠤ ᠡᠮᠨᠡᠭᠦᠯᠬᠦ ᠳᠠᠩᠰᠠᠯᠠᠯᠳᠠ ᠬᠢᠯᠭᠡᠭᠰᠡᠨ ᠤ ᠳᠠᠷᠠᠭ᠎ᠠ᠂ ᠮᠤᠵᠢ ᠠᠯᠤᠰᠯᠠᠨ ᠤᠨᠳᠤᠤ ᠭᠠᠵᠠᠷ ᠲᠤ ᠡᠮᠨᠡᠭᠦᠯᠦᠭᠰᠡᠨ ᠵᠠᠷᠤᠳᠠᠯ ᠢ ᠰᠢᠭᠤᠳ ᠲᠡᠰᠦᠯᠦᠨ ᠪᠤᠳᠤᠬᠤ ᠦᠢᠯᠡᠴᠢᠯᠡᠭᠡ ᠶᠢ ᠭᠥᠷᠳᠡᠵᠦ ᠪᠣᠯᠤᠨ᠎ᠠ᠃ ᠰᠤᠷᠪᠤᠯᠵᠢᠯᠠᠭᠴᠢ ᠤᠯᠤᠰ ᠤᠨ ᠡᠮ ᠡᠮᠨᠡᠯᠭᠡ ᠶᠢᠨ ᠪᠠᠳᠤᠯᠠᠭ᠎ᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠤᠯᠤᠰ ᠤᠨ ᠡᠮ ᠡᠮᠨᠡᠯᠭᠡ ᠶᠢᠨ ᠪᠠᠳᠤᠯᠠᠭ᠎ᠠ ᠶᠢᠨ ᠲᠣᠪᠴᠢᠶ᠎ᠠ ᠶᠢᠨ ᠵᠢᠷᠬᠢᠶ᠎ᠠ ᠶᠢᠨ ᠨᠡᠶᠢᠲᠡ ᠶᠢᠨ ᠲᠠᠪᠴᠠᠩ ᠳᠤ ᠨᠢᠬᠡᠨᠳᠡ ᠤᠨᠳᠤᠤ ᠭᠠᠵᠠᠷ ᠲᠤ ᠡᠮᠨᠡᠭᠦᠯᠬᠦ ᠳᠡᠩᠰᠡᠯᠡᠯᠲᠡ ᠶᠢᠨ ᠴᠢᠳᠠᠮᠵᠢ ᠶᠢ ᠨᠡᠪᠲᠡᠷᠡᠭᠦᠯᠪᠡ᠃ ᠨᠥᠬᠦᠴᠡᠯ ᠳᠤ ᠨᠡᠶᠢᠴᠡᠬᠦ ᠳᠠᠭᠠᠳᠬᠠᠯ ᠳᠤ ᠣᠷᠣᠯᠴᠠᠭᠰᠠᠳ ᠵᠥᠪᠬᠡᠨ ᠳᠥᠭᠦᠮᠬᠡᠨ ᠬᠡᠳᠦᠨ ᠠᠯᠬᠤᠮ ᠢ ᠬᠦᠢᠴᠡᠳᠬᠡᠪᠡᠯ ᠳᠠᠷᠤᠶ ᠮᠤᠵᠢ ᠠᠯᠤᠰᠯᠠᠨ ᠤᠨᠳᠤᠤ ᠭᠠᠵᠠᠷ ᠲᠤ ᠡᠮᠨᠡᠭᠦᠯᠬᠦ ᠶᠢ ᠳᠠᠩᠰᠠᠯᠠᠭᠤᠯᠬᠤ ᠶᠢᠨ ᠵᠡᠷᠭᠡ ᠪᠠᠷ ᠤᠨᠳᠤᠤ ᠭᠠᠵᠠᠷ ᠲᠤ ᠡᠮᠨᠡᠭᠦᠯᠦᠭᠰᠡᠨ ᠵᠠᠷᠤᠳᠠᠯ ᠢ ᠰᠢᠭᠤᠳ ᠲᠡᠰᠦᠯᠦᠨ ᠪᠤᠳᠤᠬᠤ ᠶᠢ ᠪᠡᠶᠡᠯᠡᠭᠦᠯᠵᠦ ᠪᠣᠯᠤᠨ᠎ᠠ᠃ ᠮᠤᠵᠢ ᠠᠯᠤᠰᠯᠠᠨ ᠤᠨᠳᠤᠤ ᠭᠠᠵᠠᠷ ᠲᠤ ᠡᠮᠨᠡᠭᠦᠯᠦᠭᠰᠡᠨ ᠵᠠᠷᠤᠳᠠᠯ ᠢ ᠰᠢᠭᠤᠳ ᠲᠡᠰᠦᠯᠦᠨ ᠪᠤᠳᠤᠬᠤ ᠨᠢ ᠶᠠᠮᠠᠷ ᠶᠠᠮᠠᠷ ᠳᠠᠭᠠᠳᠬᠠᠯ ᠳᠤ ᠣᠷᠣᠯᠴᠠᠭᠴᠢ ᠳᠤ ᠳᠣᠭᠢᠷᠠᠬᠤ ᠪᠣᠶ︖ ᠨᠢᠭᠡ ᠳᠤ᠂ ᠮᠤᠵᠢ ᠠᠯᠤᠰᠯᠠᠨ ᠤᠨᠳᠤᠤ ᠭᠠᠵᠠᠷ ᠲᠤ ᠣᠷᠳᠣ ᠬᠤᠭᠤᠴᠠᠭ᠎ᠠ ᠪᠠᠷ ᠰᠠᠭᠤᠭᠰᠠᠳ᠂ ᠡᠭᠦᠨ ᠳᠤ ᠤᠨᠳᠤᠤ ᠭᠠᠵᠠᠷ ᠲᠤ ᠲᠥᠪᠬᠢᠨᠡᠭᠦᠯᠦᠭᠰᠡᠨ ᠠᠵᠢᠯ ᠠᠴᠠ ᠪᠠᠨ ᠠᠮᠠᠷᠠᠬᠰᠡᠳ᠂ ᠤᠨᠳᠤᠤ ᠭᠠᠵᠠᠷ ᠲᠤ ᠣᠷᠳᠣ ᠬᠤᠭᠤᠴᠠᠭ᠎ᠠ ᠪᠠᠷ ᠰᠠᠭᠤᠭᠰᠠᠳ᠂ ᠤᠨᠳᠤᠤ ᠭᠠᠵᠠᠷ ᠲᠤ ᠪᠠᠶᠢᠩᠭᠤ ᠰᠠᠭᠤᠭ᠎ᠠ ᠠᠵᠢᠯᠲᠠᠨ ᠵᠡᠷᠭᠡ ᠣᠷᠳᠣ ᠬᠤᠭᠤᠴᠠᠭ᠎ᠠ ᠪᠠᠷ ᠳᠠᠭᠠᠳᠬᠠᠯ ᠳᠤ ᠣᠷᠣᠯᠴᠠᠭᠰᠠᠨ ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶ ᠠᠴᠠ ᠭᠠᠳᠠᠨ᠎ᠠ ᠠᠵᠢᠯᠯᠠᠵᠤ᠂ ᠰᠠᠭᠤᠵᠤ᠂ ᠠᠮᠢᠳᠤᠷᠠᠵᠤ ᠪᠠᠶᠢᠭ᠎ᠠ ᠬᠥᠮᠦᠰ ᠪᠠᠭᠳᠠᠨ᠎ᠠ︔ ᠬᠤᠶᠠᠷ ᠲᠤ᠂ ᠮᠤᠵᠢ ᠠᠯᠤᠰᠯᠠᠨ ᠲᠦᠷ ᠴᠠᠭ ᠭᠠᠳᠠᠭᠰᠢ ᠭᠠᠷᠴᠤ ᠡᠮᠨᠡᠭᠦᠯᠦᠭᠰᠡᠨ ᠬᠥᠮᠦᠰ᠂ ᠡᠭᠦᠨ ᠳᠤ ᠤᠨᠳᠤᠤ ᠭᠠᠵᠠᠷ ᠲᠤ ᠰᠢᠯᠵᠢᠭᠦᠯᠦᠨ ᠡᠮᠨᠡᠭᠦᠯᠦᠭᠰᠡᠨ ᠬᠥᠮᠦᠰ᠂ ᠠᠵᠢᠯᠯᠠᠬᠤ᠂ ᠵᠢᠭᠤᠯᠴᠢᠯᠠᠬᠤ ᠵᠡᠷᠭᠡ ᠰᠢᠯᠲᠠᠭᠠᠨ ᠠᠴᠠ ᠪᠣᠯᠵᠣ ᠤᠨᠳᠤᠤ ᠭᠠᠵᠠᠷ ᠲᠤ ᠲᠦᠷᠭᠡᠨ ᠠᠪᠤᠷᠠᠯᠳᠠ ᠬᠢᠵᠤ ᠡᠮᠨᠡᠬᠦᠯᠦᠭᠰᠡᠳ ᠵᠢᠴᠢ ᠮᠤᠵᠢ ᠠᠯᠤᠰᠯᠠᠨ ᠲᠦᠷ ᠴᠠᠭ ᠭᠠᠳᠠᠭᠰᠢ ᠭᠠᠷᠴᠤ ᠡᠮᠨᠡᠭᠦᠯᠦᠭᠰᠡᠨ ᠬᠥᠮᠦᠰ ᠪᠠᠭᠲᠠᠨ᠎ᠠ᠃ ᠬᠡᠷᠬᠢᠨ ᠮᠤᠵᠢ ᠠᠯᠤᠰᠯᠠᠨ ᠤᠨᠳᠤᠤ ᠭᠠᠵᠠᠷ ᠲᠤ ᠡᠮᠨᠡᠭᠦᠯᠬᠦ ᠳᠠᠩᠰᠠᠯᠠᠭᠤᠯᠤᠯᠲᠠ ᠬᠢᠯᠭᠡᠬᠦ ᠪᠣᠶ︖ ᠳᠠᠭᠠᠳᠬᠠᠯ ᠳᠤ ᠣᠷᠣᠯᠴᠠᠭᠰᠠᠳ ︽ᠤᠯᠤᠰ ᠤᠨ ᠡᠮᠴᠢᠯᠡᠭᠡᠨ ᠤ ᠪᠠᠳᠤᠯᠠᠭ᠎ᠠ ᠶᠢᠨ ᠲᠣᠪᠴᠢᠶ᠎ᠠ︾ ᠶᠢᠨ ᠵᠢᠷᠬᠢᠶ᠎ᠠ ᠶᠢᠨ ᠨᠡᠶᠢᠲᠡ ᠶᠢᠨ ᠲᠠᠪᠴᠠᠩ ᠳᠤ ᠭᠠᠷᠴᠤ᠂ ︽ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡ︾ ᠶᠢᠨ ᠳᠣᠲᠣᠷᠠᠬᠢ ︽ᠤᠯᠤᠰ ᠤᠨ ᠤᠨᠳᠤᠤ ᠭᠠᠵᠠᠷ ᠲᠤ ᠡᠮᠨᠡᠭᠦᠯᠬᠦ ᠳᠡᠩᠰᠡᠯᠡᠯᠲᠡ︾ ᠲᠠᠷᠤᠪᠴᠢ ᠶᠢ ᠳᠠᠷᠤᠵᠤ᠂ ᠤᠨᠳᠤᠤ ᠭᠠᠵᠠᠷ ᠲᠤ ᠳᠠᠩᠰᠠᠯᠠᠭᠤᠯᠬᠤ ᠵᠢᠵᠢᠭ ᠫᠷᠤᠭ᠍ᠷᠠᠮ ᠤᠨ ᠬᠠᠭᠤᠳᠠᠰᠤᠨ ᠳᠤ ᠣᠷᠣᠵᠤ ᠪᠣᠯᠤᠨ᠎ᠠ᠃ ᠳᠠᠷᠠᠭ᠎ᠠ ᠨᠢ ︽ᠤᠨᠳᠤᠤ ᠭᠠᠵᠠᠷ ᠲᠤ ᠡᠮᠨᠡᠭᠦᠯᠬᠦ ᠶᠢ ᠳᠠᠩᠰᠠᠯᠠᠭᠤᠯᠬᠤ ᠭᠤᠶᠤᠴᠢᠯᠠᠯ︾ ᠭᠡᠬᠦ ᠳᠠᠷᠤᠪᠴᠢ ᠶᠢ ᠳᠠᠷᠤᠵᠤ᠂ ᠦᠨᠡᠨ ᠨᠡᠷ᠎ᠡ ᠪᠠᠷ ᠢᠶᠠᠨ ᠭᠡᠷᠡᠴᠢᠯᠡᠭᠰᠡᠨ ᠤ ᠳᠠᠷᠠᠭ᠎ᠠ ᠡᠬᠢᠯᠡᠨ ᠳᠠᠩᠰᠠᠯᠠᠭᠤᠯᠤᠨ᠎ᠠ᠃ ᠤᠨᠳᠤᠤ ᠭᠠᠵᠠᠷ ᠲᠤ ᠡᠮᠨᠡᠭᠦᠯᠬᠦ ᠪᠠᠷ ᠪᠦᠷᠢᠳᠭᠡᠨ ᠳᠠᠩᠰᠠᠯᠠᠭᠤᠯᠬᠤ ᠭᠤᠶᠤᠴᠢᠯᠠᠯ ᠤᠨ ᠬᠠᠭᠤᠳᠠᠰᠤᠨ ᠳᠤ ᠣᠷᠣᠭᠰᠠᠨ ᠤ ᠳᠠᠷᠠᠭ᠎ᠠ᠂ ᠲᠠᠨ ᠤ ᠳᠠᠭᠠᠳᠬᠠᠯ ᠳᠤ ᠣᠷᠣᠯᠴᠠᠭᠰᠠᠨ ᠭᠠᠵᠠᠷ ᠢ ᠰᠢᠰᠲ᠋ᠧᠮ ᠠᠴᠠ ᠠᠶᠠᠨᠳᠠᠭᠠᠨ ᠮᠡᠳᠡᠷᠡᠵᠦ᠂ ᠳᠠᠭᠠᠳᠬᠠᠯ ᠳᠤ ᠣᠷᠣᠯᠴᠠᠭᠰᠠᠳ ᠪᠣᠳᠠᠲᠤ ᠪᠠᠶᠢᠳᠠᠯ ᠢᠶᠠᠨ ᠦᠨᠳᠦᠰᠦᠯᠡᠨ ᠲᠣᠬᠢᠷᠠᠭᠤᠯᠤᠯᠲᠠ ᠬᠢᠬᠦ ᠶᠢᠨ ᠵᠡᠷᠭᠡ ᠪᠠᠷ ᠡᠮᠨᠡᠭᠦᠯᠬᠦ ᠭᠠᠵᠠᠷ᠂ ᠳᠠᠭᠠᠳᠬᠠᠯ ᠳᠤ ᠣᠷᠣᠯᠴᠠᠬᠤ ᠲᠥᠷᠥᠯ ᠵᠦᠢᠯ᠂ ᠪᠦᠷᠢᠳᠭᠡᠨ ᠳᠠᠩᠰᠠᠯᠠᠭᠤᠯᠬᠤ ᠲᠥᠷᠥᠯ ᠬᠡᠯᠪᠡᠷᠢ ᠶᠢ ᠰᠠᠶᠢᠲᠤᠷ ᠰᠣᠩᠭᠤᠵᠤ ᠪᠣᠯᠤᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号