2024 ᠤᠨ ᠤ 11 ᠰᠠᠷ᠎ᠠ ᠳᠤ᠂ ᠰᠤᠷᠭᠠᠨ ᠬᠥᠮᠦᠵᠢᠯ ᠤᠨ ᠶᠠᠮᠤᠨ ᠤᠯᠤᠰ ᠤᠨ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ᠂ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠣᠪᠴᠢᠶ᠎ᠠ ᠲᠠᠢ ᠬᠠᠮᠲᠤᠷᠠᠨ ︽ | ᠬᠡᠤᠬᠡᠳ ᠤᠨ ᠴᠡᠴᠡᠷᠯᠢᠭ ᠪᠠ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠣᠶᠢᠷ᠎ᠠ ᠬᠠᠷᠠᠭ᠎ᠠ ᠶᠢ ᠰᠡᠷᠭᠡᠶᠢᠯᠡᠨ | ᠡᠵᠡᠮᠳᠡᠬᠦ ᠵᠠᠩᠭᠢᠯᠠᠭ᠎ᠠ ᠶᠢᠨ ᠱᠠᠲᠤᠨ ᠤ ᠰᠡᠷᠭᠡᠶᠢᠯᠡᠨ ᠡᠵᠡᠮᠳᠡᠬᠦ ᠠᠵᠢᠯ ᠢ ᠦᠨᠡᠨ ᠬᠦ ᠴᠢᠩᠭ᠎ᠠ ᠠᠳᠬᠤᠬᠤ ᠲᠤᠬᠠᠶ | ᠮᠡᠳᠡᠭᠳᠡᠯ︾ ︵︽ᠮᠡᠳᠡᠭᠳᠡᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠤ᠂ ᠬᠡᠤᠬᠡᠳ ᠤᠨ ᠴᠡᠴᠡᠷᠯᠢᠭ ᠪᠠ | ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠵᠠᠩᠭᠢᠯᠠᠭ᠎ᠠ ᠶᠢᠨ | ᠱᠠᠲᠤᠨ ᠤ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠷᠢᠯᠠᠭᠤᠯᠤᠯᠲᠠ ᠬᠢᠵᠤ᠂ ᠰᠡᠷᠭᠡᠶᠢᠯᠡᠨ ᠡᠵᠡᠮᠳᠡᠬᠦ ᠪᠣᠭᠤᠮᠲᠠ ᠶᠢ | ᠤᠷᠤᠭᠰᠢ ᠠᠬᠢᠭᠤᠯᠬᠤ ᠶᠢ ᠱᠠᠭᠠᠷᠳᠠᠨ᠂ ᠰᠡᠷᠭᠡᠶᠢᠯᠡᠨ ᠡᠵᠡᠮᠳᠡᠬᠦ ᠵᠠᠩᠭᠢᠯᠠᠭ᠎ᠠ ᠶᠢᠨ ᠱᠠᠲᠤᠨ ᠤ ᠠᠵᠢᠯ ᠢ ᠴᠢᠩᠭ᠎ᠠ | ᠠᠳᠬᠤᠵᠤ᠂ ᠴᠡᠴᠡᠷᠯᠢᠭ ᠤᠨ ᠬᠡᠤᠬᠡᠳ ᠪᠠ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠣᠶᠢᠷ᠎ᠠ ᠬᠠᠷᠠᠭ᠎ᠠ ᠲᠠᠢ | ᠪᠣᠯᠬᠤ ᠶᠢ ᠪᠦᠲᠦᠮᠵᠢᠲᠡᠶ ᠪᠠᠭᠠᠰᠬᠠᠬᠤ ᠶᠢ ᠴᠢᠩᠭᠠᠳᠬᠠᠪᠠ᠃ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ ᠤᠨ ᠬᠠᠮᠤᠭ ᠤᠨ ᠰᠢᠨ᠎ᠡ ᠨᠡᠶᠢᠲᠡᠯᠡᠭᠰᠡᠨ ᠲᠤᠭ᠎ᠠ ᠪᠠᠷᠢᠮᠲᠠ ᠠᠴᠠ ᠦᠵᠡᠪᠡᠯ᠂ ᠮᠠᠨ ᠤ ᠤᠯᠤᠰ ᠤᠨ ᠬᠡᠤᠬᠡᠳ | ᠪᠠᠭᠠᠴᠤᠳ ᠵᠠᠯᠠᠭᠤᠴᠤᠳ ᠤᠨ ᠣᠶᠢᠷ᠎ᠠ ᠬᠠᠷᠠᠭ᠎ᠠ ᠲᠠᠢ ᠪᠤᠯᠤᠭᠰᠠᠠ ᠨᠣᠷᠮ᠎ᠠ 52.7% ᠳᠤ ᠬᠦᠷᠴᠠᠢ᠂ ᠡᠭᠦᠨ ᠳᠤ | ᠪᠠᠭ᠎ᠠ ᠰᠤᠷᠭᠠᠭᠤᠯᠢ ᠶᠢᠨ ᠰᠤᠷᠤᠭᠴᠢ 35.6% ᠶᠢ ᠡᠵᠡᠯᠡᠵᠤ᠂ ᠠᠩᠬ᠎ᠠ ᠳᠤᠮᠳᠠᠳᠤ ᠶᠢᠨ ᠰᠤᠷᠤᠭᠴᠢ 71.1% ᠶᠢ | ᠡᠵᠡᠯᠡᠵᠤ᠂ ᠥᠨᠳᠥᠷ ᠳᠤᠮᠳᠠᠳᠤ ᠶᠢᠨ ᠰᠤᠷᠤᠭᠴᠢ 80.5% ᠶᠢ ᠡᠵᠡᠯᠡᠪᠡ᠃ ᠣᠶᠢᠷ᠎ᠠ ᠶᠢᠨ ᠵᠢᠯ ᠤᠳ ᠲᠤ ᠪᠥᠬᠦ | ᠤᠯᠤᠰ ᠤᠨ ᠬᠡᠤᠬᠡᠳ ᠪᠠᠭᠠᠴᠤᠳ ᠵᠠᠯᠠᠭᠤᠴᠤᠳ ᠤᠨ ᠣᠶᠢᠷ᠎ᠠ ᠬᠠᠷᠠᠭ᠎ᠠ ᠲᠠᠢ ᠪᠤᠯᠤᠭᠰᠠᠠ ᠨᠣᠷᠮ᠎ᠠ ᠶᠡᠷᠦᠩᠬᠡᠶ ᠳᠡᠭᠡᠨ | ᠳᠡᠭᠡᠭᠰᠢᠯᠡᠬᠦ ᠬᠠᠨᠳᠤᠰᠢ ᠲᠠᠢ ᠪᠠᠶᠢᠵᠤ᠂ ᠢᠯᠠᠩᠭᠤᠶ᠎ᠠ ᠪᠠᠭ᠎ᠠ ᠨᠠᠰᠤᠨ ᠤ ᠬᠡᠤᠬᠡᠳ ᠤᠯᠠᠰᠢᠷᠠᠬᠤ ᠪᠠᠶᠢᠳᠠᠯ ᠢᠯᠡᠷᠡᠵᠤ᠂ | ᠰᠡᠷᠭᠡᠶᠢᠯᠡᠨ ᠡᠵᠡᠮᠳᠡᠬᠦ ᠪᠠᠶᠢᠳᠠᠯ ᠲᠠᠶᠢᠮᠤ ᠰᠠᠶᠢᠨ ᠪᠢᠰᠢ ᠪᠠᠶᠢᠨ᠎ᠠ᠃ ᠵᠠᠯᠠᠭᠤᠴᠤᠳ ᠪᠠᠭᠠᠴᠤᠳ ᠤᠨ ᠣᠶᠢᠷ᠎ᠠ | ᠬᠠᠷᠠᠭ᠎ᠠ ᠲᠠᠢ ᠪᠤᠯᠬᠤ ᠨᠣᠷᠮ᠎ᠠ ᠶᠡᠷᠦᠩᠬᠡᠶ ᠳᠡᠭᠡᠨ ᠳᠡᠭᠡᠭᠰᠢᠯᠡᠭᠰᠡᠨ ᠪᠠᠶᠢᠳᠠᠯ ᠨᠢ ᠤᠯᠤᠰ ᠪᠣᠯᠤᠨ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠨ ᠬᠢᠨ ᠤ ᠠᠩᠬᠠᠷᠤᠯ ᠢ ᠶᠡᠬᠡᠳᠡ ᠲᠠᠳᠠᠵᠠᠢ᠃ 2018 ᠣᠨ ᠤ 8 ᠰᠠᠷ᠎ᠠ ᠳᠤ ᠰᠤᠷᠭᠠᠨ | ᠬᠥᠮᠦᠵᠢᠯ ᠤᠨ ᠶᠠᠮᠤᠨ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ ᠨᠠᠢᠮᠠᠨ ᠰᠠᠯᠠᠭ᠎ᠠ | ᠮᠥᠴᠢᠷ ᠤᠳ ︽ᠬᠡᠤᠬᠡᠳ ᠪᠠᠭᠠᠴᠤᠳ ᠵᠠᠯᠠᠭᠤᠴᠤᠳ ᠤᠨ ᠣᠶᠢᠷ᠎ᠠ ᠬᠠᠷᠠᠭ᠎ᠠ ᠶᠢ ᠶᠡᠷᠦᠩᠬᠡᠶᠢᠯᠡᠨ ᠰᠡᠷᠭᠡᠶᠢᠯᠡᠨ | ᠡᠵᠡᠮᠳᠡᠬᠦ ᠶᠢ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠵᠤ᠂ ᠬᠡᠤᠬᠡᠳ ᠪᠠᠭᠠᠴᠤᠳ ᠵᠠᠯᠠᠭᠤᠴᠤᠳ ᠤᠨ | ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠠᠵᠢᠯ᠂ ᠣᠶᠢᠷ᠎ᠠ ᠬᠠᠷᠠᠭ᠎ᠠ ᠲᠠᠢ ᠪᠤᠯᠬᠤ ᠨᠣᠷᠮ᠎ᠠ ᠪᠠ ᠪᠡᠶ᠎ᠡ | ᠮᠠᠬᠠᠪᠣᠳ ᠤᠨ ᠡᠷᠡᠭᠦᠯ ᠴᠢᠭᠢᠷᠠᠭ ᠤᠨ ᠪᠠᠶᠢᠳᠠᠯ ᠢ ᠵᠠᠰᠠᠭ ᠤᠨ ᠣᠷᠳᠣᠨ ᠤ ᠠᠵᠢᠯ ᠤᠨ ᠠᠮᠵᠢᠯᠳᠠ ᠪᠦᠲᠦᠮᠵᠢ ᠶᠢ | ᠰᠢᠯᠭᠠᠨ ᠬᠢᠨᠠᠬᠤ ᠪᠠ ᠨᠢᠳᠦᠨ ᠤ ᠡᠷᠡᠭᠦᠯ ᠮᠡᠨᠳᠦ ᠶᠢ ᠬᠡᠪ ᠴᠢᠨᠠᠷ ᠤᠨ ᠰᠤᠷᠭᠠᠨ ᠬᠥᠮᠦᠵᠢᠯ ᠳᠤ ᠣᠷᠣᠭᠤᠯᠤᠨ᠂ | ᠬᠡᠤᠬᠡᠳ ᠪᠠᠭᠠᠴᠤᠳ ᠵᠠᠯᠠᠭᠤᠴᠤᠳ ᠤᠨ ᠪᠡᠶ᠎ᠡ ᠰᠡᠳᠭᠢᠯ ᠤᠨ ᠡᠷᠡᠭᠦᠯ ᠮᠡᠨᠳᠦ᠂ ᠬᠢᠴᠢᠶᠡᠯ ᠰᠤᠷᠤᠯᠭ᠎ᠠ ᠶᠢᠨ | ᠳᠠᠷᠤᠭᠠᠰᠤ ᠵᠡᠷᠭᠡ ᠶᠢ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠶᠠᠰᠤ ᠴᠢᠨᠠᠷ ᠢ ᠬᠢᠨᠠᠨ ᠬᠡᠮᠵᠢᠵᠦ | ᠦᠨᠡᠯᠡᠨ ᠵᠢᠱᠢᠬᠦ ᠰᠢᠰᠲ᠋ᠧᠮ ᠳᠤ ᠣᠷᠣᠭᠤᠯᠵᠠᠢ᠂ ᠬᠡᠤᠬᠡᠳ ᠪᠠᠭᠠᠴᠤᠳ ᠵᠠᠯᠠᠭᠤᠴᠤᠳ ᠤᠨ ᠪᠡᠶ᠎ᠡ ᠮᠠᠬᠠᠪᠣᠳ ᠤᠨ | ᠡᠷᠡᠭᠦᠯ ᠴᠢᠭᠢᠷᠠᠭ ᠤᠨ ᠲᠦᠪᠰᠢᠨ ᠵᠠᠯᠭᠠᠭ᠎ᠠ ᠪᠠᠷ 3 ᠵᠢᠯ ᠪᠠᠭᠤᠷᠠᠭᠰᠠᠨ ᠪᠤᠯ ᠣᠷᠣᠨ ᠨᠤᠲᠤᠭ ᠤᠨ ᠵᠠᠰᠠᠭ ᠤᠨ | ᠣᠷᠳᠣᠨ ᠪᠠ ᠰᠤᠷᠭᠠᠭᠤᠯᠢ ᠳᠤ ᠬᠠᠤᠯᠢ ᠲᠣᠭᠲᠠᠭᠠᠯ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃ ᠬᠡᠳᠤᠨ ᠵᠢᠯ ᠤᠨ | ᠴᠢᠷᠮᠠᠶᠢᠯᠭ᠎ᠠ ᠪᠠᠷ ᠮᠠᠨ ᠤ ᠤᠯᠤᠰ ᠤᠨ ᠬᠡᠤᠬᠡᠳ ᠪᠠᠭᠠᠴᠤᠳ ᠵᠠᠯᠠᠭᠤᠴᠤᠳ ᠤᠨ ᠣᠶᠢᠷ᠎ᠠ ᠬᠠᠷᠠᠭ᠎ᠠ ᠲᠠᠢ ᠪᠤᠯᠬᠤ | ᠨᠣᠷᠮ᠎ᠠ ᠶᠢ ᠵᠣᠬᠢᠬᠤ ᠬᠡᠮᠵᠢᠶ᠎ᠡ ᠪᠠᠷ ᠬᠤᠷᠢᠭᠯᠠᠭᠰᠠᠨ ᠪᠣᠯᠪᠠᠴᠤ ᠰᠡᠷᠭᠡᠶᠢᠯᠡᠨ ᠡᠵᠡᠮᠳᠡᠬᠦ ᠠᠵᠢᠯ ᠤᠨ ᠲᠠᠷᠤᠭᠠᠰᠤ ᠮᠦᠨ | ᠯᠠ ᠶᠡᠭᠡ ᠪᠠᠶᠢᠨ᠎ᠠ᠃ ᠲᠣᠰ ᠤᠳᠠᠭᠠᠨ ᠤ ᠰᠤᠷᠭᠠᠨ ᠬᠥᠮᠦᠵᠢᠯ ᠤᠨ ᠶᠠᠮᠤᠨ ᠵᠡᠷᠭᠡ ᠭᠤᠷᠪᠠᠨ ᠰᠠᠯᠠᠭ᠎ᠠ ᠮᠥᠴᠢᠷ ︽ | ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠨᠥᠬᠦᠴᠡᠯ ᠪᠦᠷᠢᠯᠳᠦᠭᠦᠯᠵᠦ ᠪᠠᠶᠢᠭᠠᠳ ᠬᠡᠤᠬᠡᠳ ᠪᠠᠭᠠᠴᠤᠳ | ᠵᠠᠯᠠᠭᠤᠴᠤᠳ ᠤᠨ ᠭᠠᠳᠠᠭ᠎ᠠ ᠬᠦᠳᠡᠯᠬᠡᠬᠡᠨ ᠬᠢᠬᠦ ᠴᠠᠭ ᠢ ᠭᠦᠢᠴᠡᠳ ᠪᠠᠲᠤᠯᠠᠬᠤ᠂ ᠬᠡᠷ ᠤᠨ ᠠᠬᠠᠮᠠᠳ ᠤᠨ ᠰᠡᠷᠬᠡᠶᠢᠯᠡᠨ | ᠡᠵᠡᠮᠳᠡᠬᠦ ᠠᠵᠢᠯ ᠢ ᠬᠥᠩᠭᠡᠪᠴᠢᠯᠡᠬᠦ ᠦᠵᠡᠯᠲᠡ ᠶᠢ ᠬᠦᠴᠦᠯᠡᠨ ᠬᠤᠪᠢᠷᠠᠭᠤᠯᠬᠤ᠂ ᠬᠠᠷᠠᠭᠠᠨ ᠰᠡᠷᠡᠯ ᠤᠨ ᠣᠷᠴᠢᠨ | ᠲᠣᠭᠤᠷᠢᠨ ᠢ ᠰᠠᠨᠠᠭᠠᠴᠢᠯᠠᠭ᠎ᠠ ᠠᠴᠠ ᠪᠠᠨ ᠰᠠᠶᠢᠵᠢᠷᠠᠭᠤᠯᠬᠤ᠂ ᠤᠶᠢᠷ᠎ᠠ ᠬᠠᠷᠠᠭᠠᠨ ᠤ ᠡᠷᠡᠭᠦᠯ ᠮᠡᠨᠳᠦ ᠶᠢᠨ ᠬᠥᠮᠦᠵᠢᠯ ᠢ | ᠬᠠᠨᠳᠤᠯᠭᠠᠲᠤ ᠴᠢᠨᠠᠷᠲᠠᠶ ᠪᠠᠷ ᠴᠢᠩᠭᠠᠳᠬᠠᠬᠤ᠂ ᠤᠶᠢᠷ᠎ᠠ ᠬᠠᠷᠠᠭ᠎ᠠ ᠶᠢ ᠬᠢᠨᠠᠨ ᠬᠡᠮᠵᠢᠵᠦ ᠤᠷᠢᠳᠴᠢᠯᠠᠨ | ᠰᠡᠷᠡᠮᠵᠢᠯᠡᠭᠦᠯᠬᠦ ᠦᠢᠯᠡᠳᠦᠯ ᠢ ᠴᠢᠩᠭᠠᠳᠬᠠᠬᠤ ᠵᠡᠷᠭᠡ ᠨᠠᠢᠮᠠᠨ ᠵᠦᠢᠯ ᠤᠨ ᠪᠠᠶᠢᠷᠢᠯᠠᠭᠤᠯᠤᠯᠲᠠ ᠬᠢᠵᠦ᠂ | ᠪᠠᠶᠢᠷᠢᠯᠠᠭᠤᠯᠤᠯᠲᠠ ᠨᠢᠭᠡᠪᠦᠷᠢ ᠨᠢ ᠬᠡᠤᠬᠡᠳ ᠪᠠᠭᠠᠴᠤᠳ ᠵᠠᠯᠠᠭᠤᠴᠤᠳ ᠤᠨ ᠣᠶᠢᠷ᠎ᠠ ᠬᠠᠷᠠᠭ᠎ᠠ ᠶᠢ ᠰᠡᠷᠭᠡᠶᠢᠯᠡᠨ | ᠡᠵᠡᠮᠳᠡᠬᠦ ᠳᠤ ᠴᠥᠮ ᠲᠦᠢᠯ ᠤᠨ ᠴᠢᠬᠤᠯᠠ ᠪᠥᠭᠡᠳ ᠪᠠᠰᠠ ᠳᠤᠲᠠᠭᠳᠠᠵᠤ ᠪᠣᠯᠤᠰᠢ ᠥᠬᠡᠶ ᠵᠦᠢᠯ ᠶᠤᠮ᠃ ︽ | ᠮᠡᠳᠡᠭᠳᠡᠯ︾ ᠤᠨ ᠨᠢᠭᠡ ᠶᠡᠭᠡ ᠬᠢᠯᠠᠰ ᠴᠡᠭ ᠪᠣᠯ ᠳᠠᠷᠤᠶ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠰᠡᠷᠭᠡᠶᠢᠯᠡᠨ | ᠡᠵᠡᠮᠳᠡᠬᠦ ᠪᠣᠭᠤᠮᠲᠠ ᠶᠢ ᠤᠷᠤᠭᠰᠢ ᠠᠬᠢᠭᠤᠯᠵᠤ᠂ ᠬᠡᠤᠬᠡᠳ ᠤᠨ ᠴᠡᠴᠡᠷᠯᠢᠭ ᠪᠠ ᠪᠠᠭ᠎ᠠ ᠰᠤᠷᠭᠠᠭᠤᠯᠢ ᠶᠢᠨ | ᠰᠤᠷᠤᠭᠴᠢᠳ ᠤᠨ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠵᠠᠩᠭᠢᠯᠠᠭ᠎ᠠ ᠶᠢᠨ ᠱᠠᠲᠤᠨ ᠤ ᠠᠵᠢᠯ ᠢ ᠴᠢᠩᠭ᠎ᠠ | ᠮᠦᠷᠳᠡᠭᠡᠨ ᠪᠣᠳᠠᠲᠠᠶ ᠠᠳᠬᠤᠬᠤ ᠬᠡᠷᠡᠭᠲᠡᠶ ᠭᠡᠵᠦ ᠱᠠᠭᠠᠷᠳᠠᠪᠠ᠃ ᠡᠨᠡ ᠬᠦ ᠠᠵᠢᠯ ᠤᠨ ᠰᠡᠳᠭᠢᠴᠠ ᠮᠠᠰᠢ ᠴᠢᠩᠭ᠎ᠠ | ᠬᠠᠨᠳᠤᠯᠭᠠᠳᠤ ᠴᠢᠨᠠᠷ ᠲᠠᠢ᠃ ᠬᠡᠤᠬᠡᠳ ᠪᠠᠭᠠᠴᠤᠳ ᠤᠨ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠳᠤ ᠬᠠᠷᠠᠬᠠᠨ | ᠪᠠᠭ᠎ᠠ ᠠᠴᠠ ᠨᠢ ᠡᠬᠢᠯᠡᠨ ᠠᠳᠬᠤᠵᠤ᠂ ᠡᠷᠲᠡ ᠠᠴᠠ ᠠᠳᠬᠤᠵᠤ ᠪᠠᠭ᠎ᠠ ᠠᠴᠠ ᠨᠢ ᠠᠳᠬᠤᠬᠤ ᠨᠢ ᠣᠶᠢᠷ᠎ᠠ | ᠬᠠᠷᠠᠭ᠎ᠠ ᠶᠢ ᠵᠠᠰᠠᠬᠤ ᠳᠤ ᠠᠰᠢᠭᠲᠠᠶ ᠶᠤᠮ᠃ ᠨᠢᠳᠦ ᠪᠠᠨ ᠬᠠᠶᠢᠷᠠᠯᠠᠬᠤ ᠰᠠᠶᠢᠨ ᠳᠠᠳᠬᠠᠯ ᠢ ᠬᠠᠷᠠᠬᠠᠨ | ᠪᠠᠭ᠎ᠠ ᠠᠴᠠ ᠪᠠᠨ ᠬᠥᠮᠦᠵᠢᠭᠦᠯᠵᠦ᠂ ᠢᠳᠡᠪᠬᠢᠲᠡᠶ ᠪᠠᠷ ᠰᠡᠷᠭᠡᠶᠢᠯᠡᠨ ᠡᠵᠡᠮᠳᠡᠬᠦ ᠠᠷᠭ᠎ᠠ ᠪᠠᠷᠢᠯ ᠢ ᠡᠷᠲᠡᠬᠡᠨ | ᠪᠦᠷᠢᠯᠳᠦᠭᠦᠯᠬᠦ ᠬᠡᠷᠡᠭᠲᠡᠶ᠃ ᠴᠥᠭᠡᠨ ᠪᠤᠰᠤ ᠬᠡᠤᠬᠡᠳ ᠪᠠᠭᠠᠴᠤᠳ ᠵᠠᠯᠠᠭᠤᠴᠤᠳ ᠤᠨ ᠣᠶᠢᠷ᠎ᠠ ᠬᠠᠷᠠᠭ᠎ᠠ ᠲᠠᠢ | ᠪᠤᠯᠤᠭᠰᠠᠠ ᠨᠢ ᠳᠠᠷᠤᠢ ᠬᠡᠦᠬᠡᠳ ᠪᠠᠶᠢᠬᠤ ᠦᠶ᠎ᠠ ᠳᠤ ᠳᠠᠯᠳᠠ ᠭᠡᠮ ᠦᠯᠡᠳᠡᠬᠡᠭᠰᠡᠡ ᠠᠴᠠ ᠪᠣᠯᠵᠠᠢ᠂ ᠵᠢᠱᠢᠶᠡᠯᠡᠪᠡᠯ | ᠭᠡᠷ ᠤᠨ ᠠᠬᠠᠮᠠᠳ ᠴᠢᠬᠤᠯᠠᠴᠢᠯᠠᠨ ᠦᠵᠡᠬᠦ ᠦᠭᠡᠢ ᠪᠤᠶᠤ ᠬᠤᠯᠪᠣᠭᠳᠠᠯ ᠪᠦᠬᠦᠢ ᠮᠡᠳᠡᠯᠭᠡ ᠪᠠᠷ ᠳᠤᠲᠠᠮᠠᠭ᠂ ᠣᠶᠢᠷ᠎ᠠ | ᠬᠠᠷᠠᠭ᠎ᠠ ᠶᠢ ᠰᠡᠷᠭᠡᠶᠢᠯᠡᠨ ᠡᠵᠡᠮᠳᠡᠬᠦ ᠦᠵᠡᠯ ᠤᠬᠠᠮᠰᠠᠷ ᠬᠡᠲᠦᠷᠬᠡᠢ ᠪᠠᠭᠤᠷᠠᠢ︔ ᠪᠠᠰᠠ ᠵᠠᠷᠢᠮ ᠭᠡᠷ ᠤᠨ ᠠᠬᠠᠮᠠᠳ | ᠬᠡᠦᠬᠡᠳ ᠲᠤ ᠬᠡᠳᠤᠷᠬᠡᠢ ᠤᠷᠳᠤ ᠴᠠᠭ ᠢᠶᠠᠷ ᠲᠧᠯᠸᠢᠰ ᠦᠵᠡᠬᠦᠯᠬᠦ᠂ ᠠᠯᠢ ᠡᠰᠡᠬᠦᠯ᠎ᠠ ᠡᠯᠧᠺᠳ᠋ᠷᠣᠨ | ᠪᠦᠲᠦᠭᠡᠭᠳᠡᠬᠦᠨ ᠢᠶᠠᠷ ︽ᠠᠰᠠᠷᠠᠭᠴᠢ︾ ᠪᠣᠯᠭᠠᠵᠤ ᠰᠤᠷᠭᠠᠬᠰᠠᠠ ᠳᠤ ᠪᠤᠢ᠃ ᠬᠡᠦᠬᠡᠳ ᠤᠳ ᠬᠡᠷᠪᠡ ᠬᠠᠷᠠᠬᠠᠨ | ᠪᠠᠭ᠎ᠠ ᠠᠴᠠ ᠪᠠᠨ ᠨᠢᠳᠦ ᠪᠠᠨ ᠬᠠᠶᠢᠷᠠᠯᠠᠬᠤ ᠰᠠᠶᠢᠨ ᠳᠠᠳᠬᠠᠯ ᠲᠠᠢ ᠪᠤᠯᠬᠤ ᠦᠭᠡᠢ ᠶᠤᠮ ᠪᠣᠯ ᠬᠡᠦᠬᠡᠳ ᠤᠨ | ᠬᠤᠭᠤᠴᠠᠭᠠᠨ ᠳᠤ ᠬᠠᠷᠠᠭ᠎ᠠ ᠨᠢ ᠮᠠᠭᠤᠳᠠᠬᠤ ᠪᠤᠯᠤᠮᠵᠢ ᠲᠠᠢ᠂ ᠳᠤᠮᠳᠠᠳᠤ ᠪᠠᠭ᠎ᠠ ᠰᠤᠷᠭᠠᠭᠤᠯᠢ ᠶᠢᠨ ᠱᠠᠲᠤᠨ ᠳᠤ | ᠣᠷᠣᠭᠠᠳ ᠨᠢᠳᠦᠨ ᠤ ᠳᠠᠷᠤᠯᠲᠠ ᠨᠢ ᠶᠡᠬᠡᠳᠬᠦ ᠳᠤᠰᠤᠮ ᠨᠢᠳᠤ ᠨᠢ ᠠᠶᠠᠨᠳᠠᠭᠠᠨ ᠨᠡᠩ ᠠᠮᠠᠷᠬᠠᠨ ᠮᠠᠭᠤᠳᠠᠬᠤ | ᠪᠤᠯᠤᠨ᠎ᠠ᠃ | |