ᠡᠯᠡᠰᠦ ᠶᠢ ᠵᠠᠰᠠᠵᠤ ᠪᠠᠶᠠᠵᠢᠯ ᠤᠨ ᠵᠠᠮ ᠢᠶᠠᠷ ᠳᠠᠭᠠᠭᠤᠯᠤᠭᠰᠠᠨ ᠴᠧᠨ ᠭᠥᠸᠧ ᠹᠠ
ᠨᠡᠶᠢᠲᠡᠯᠡᠭᠰᠡᠨ ᠴᠠᠭ᠄
2025/5/14
   ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠮᠲᠦ ᠶᠢᠨ ᠭᠤᠣᠯ ᠰᠤᠮᠤ ᠶᠢᠨ ᠪᠤᠯᠠᠭᠲᠠᠢ ᠭᠠᠴᠠᠭ᠎ᠠ ᠳᠤ ᠬᠦᠷᠬᠦ ᠳᠤ᠂ ᠠᠭᠤᠯᠠ ᠲᠠᠯ᠎ᠠ ᠳᠦᠭᠦᠷᠡᠩ ᠨᠣᠭᠤᠭᠠᠨ ᠥᠩᠭᠡ ᠪᠠᠷ ᠪᠢᠯᠬᠠᠵᠤ᠂ ᠬᠠᠶᠢᠯᠠᠷ ᠨᠠᠷᠠᠰᠤ᠂ ᠭᠦᠢᠯᠡᠰᠦᠨ ᠮᠣᠳᠣ᠂ ᠯᠦᠩ ᠹᠧᠩ ᠵᠢᠮᠢᠰ ᠤᠨ ᠮᠣᠳᠣ᠂ ᠤᠯᠠᠭᠠᠨ ᠭᠦᠢᠯᠡᠰᠦᠨ ᠮᠣᠳᠣ ᠵᠡᠷᠭᠡ ᠮᠣᠳᠣ ᠰᠠᠯᠬᠢᠨ ᠳᠤ ᠰᠡᠬᠦ᠋ᠢᠨ ᠰᠦᠨᠳᠡᠷᠯᠡᠵᠦ᠂ ᠪᠤᠯᠠᠭ ᠭᠠᠴᠠᠭᠠᠨ ᠤ ᠰᠠᠯᠬᠢ ᠡᠯᠡᠰᠦ ᠶᠢ ᠰᠡᠷᠭᠡᠶᠢᠯᠡᠬᠦ ᠪᠠᠲᠤ ᠪᠠᠬᠢ ᠬᠠᠯᠬᠠᠪᠴᠢ ᠪᠣᠯᠵᠠᠢ᠃ ᠪᠤᠯᠠᠭᠲᠠᠢ ᠭᠠᠴᠠᠬᠠᠨ ᠤ ᠠᠵᠤ ᠠᠬᠤᠢ ᠶᠢᠨ ᠤᠢ ᠠᠭᠤᠯᠠᠨ ᠬᠥᠲᠥᠯ ᠳᠤ ᠳᠦᠭᠦᠷᠡᠩ᠃ ᠡᠮᠲᠦ ᠶᠢᠨ ᠭᠤᠣᠯ ᠰᠤᠮᠤ ᠶᠢᠨ ᠪᠤᠯᠠᠭ ᠭᠠᠴᠠᠭ᠎ᠠ ᠶᠢᠨ ᠨᠠᠮ ᠤᠨ ᠡᠭᠦᠷ ᠤᠨ ᠱᠦᠵᠢ ᠴᠧᠨ ᠭᠦᠸᠧ ᠢᠦᠢ ᠭᠠᠴᠠᠭ᠎ᠠ ᠠᠴᠠ ᠭᠠᠴᠠᠭᠠᠲᠠᠢ ᠠᠭᠤᠯᠠᠨ ᠤ ᠬᠡᠳᠦᠨ ᠮᠢᠩᠭᠠᠨ ᠮᠦ ᠠᠵᠤ ᠠᠬᠤᠢ ᠶᠢᠨ ᠣᠢ ᠤᠷᠢᠬᠠᠨ ᠰᠠᠯᠬᠢ ᠰᠢᠭᠤᠷᠭᠠᠨ ᠳᠤ ᠳᠠᠭᠠᠷᠢᠭᠳᠠᠭᠰᠠᠨ ᠡᠳᠦᠷ ᠢ ᠬᠠᠷᠠᠵᠤ᠂ ᠠᠷᠪᠠᠨ ᠬᠡᠳᠦᠨ ᠵᠢᠯ ᠤᠨ ᠡᠮᠦᠨ᠎ᠡ ᠡᠵᠡᠭᠦᠢ ᠠᠭᠤᠯᠠ᠂ ᠡᠯᠡᠰᠦᠨ ᠰᠢᠭᠤᠷᠭ᠎ᠠ᠂ ᠰᠢᠪᠠᠷ ᠴᠢᠯᠠᠭᠤᠨ ᠤᠷᠤᠰᠬᠠᠯ᠂ ᠬᠠᠲᠠᠭᠤ ᠰᠢᠷᠦᠭᠦᠨ ᠣᠷᠴᠢᠨ ᠲᠣᠭᠤᠷᠢᠨ ᠨᠢ ᠲᠣᠰᠬᠤᠨ ᠤ ᠠᠷᠠᠳ ᠲᠤ ᠬᠤᠬᠢᠷᠠᠯ ᠤᠴᠠᠷᠠᠭᠤᠯᠵᠠᠢ᠃    2012 ᠣᠨ ᠳᠤ᠂ ᠴᠧᠨ ᠭᠦᠸᠧ ᠹᠠ ᠪᠤᠯᠠᠭᠲᠠᠢ ᠭᠠᠴᠠᠭ᠎ᠠ ᠶᠢᠨ ᠭᠠᠴᠠᠭᠠᠨ ᠳᠠᠷᠤᠭ᠎ᠠ ᠪᠣᠯᠤᠭᠰᠠᠨ ᠢ ᠲᠡᠷᠡ ᠭᠦᠨᠵᠡᠭᠡᠢ ᠲᠠᠨᠢᠵᠤ᠂ ᠭᠠᠴᠠᠭ᠎ᠠ ᠳᠤ ᠲᠤᠯᠭᠠᠷᠠᠵᠤ ᠪᠠᠶᠢᠭ᠎ᠠ ᠬᠦᠴᠢᠷᠳᠡᠯ ᠢ ᠬᠤᠪᠢᠷᠠᠭᠤᠯᠬᠤ ᠳᠤ ᠡᠷᠬᠡᠪᠰᠢ ᠠᠮᠢ ᠠᠬᠤᠢ ᠶᠢ ᠰᠠᠶᠢᠵᠢᠷᠠᠭᠤᠯᠬᠤ ᠬᠡᠷᠡᠭᠲᠡᠢ᠃ ᠲᠤᠰ ᠵᠢᠯ ᠳᠤ᠂ ᠬᠠᠪᠰᠤᠷᠤᠨ ᠲᠡᠳᠬᠦᠬᠦ ᠨᠢᠭᠡᠴᠡ ᠶᠢᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠥᠳᠡᠭᠡ ᠲᠣᠰᠬᠤᠨ ᠤ ᠢᠲᠡᠭᠡᠮᠵᠢ ᠶᠢᠨ ᠬᠤᠯᠪᠣᠭᠠᠲᠤ ᠬᠤᠷᠰᠢᠶ᠎ᠠ ᠶᠢᠨ 7 ᠲᠦᠮᠡᠨ ᠭᠦᠢᠯᠡᠰᠦᠨ ᠮᠣᠳᠣᠨ ᠴᠢᠬᠢ ᠶᠢᠨ ᠳᠡᠮᠵᠢᠯᠭᠡ ᠳᠣᠣᠷ᠎ᠠ᠂ ᠲᠡᠷᠡ ᠲᠣᠰᠬᠤᠨ ᠤ ᠠᠷᠠᠳ ᠢ ᠳᠠᠭᠠᠭᠤᠯᠤᠨ 1000 ᠮᠦ ᠭᠦᠢᠯᠡᠰᠦᠨ ᠮᠣᠳᠣ ᠲᠠᠷᠢᠵᠤ᠂ ᠴᠢᠬᠢ ᠮᠣᠳᠣ ᠶᠢ ᠨᠢᠭᠡ ᠰᠠᠭᠤᠷᠢ ᠵᠠᠶᠢᠯᠠᠵᠤ᠂ ᠴᠧᠨ ᠭᠦᠸᠧ ᠹᠠ ᠲᠣᠰᠬᠤᠨ ᠤ ᠠᠷᠠᠳ ᠤᠨ ᠡᠷᠴᠢ ᠵᠣᠷᠢᠭ ᠨᠡᠩ ᠡᠷᠡᠰ ᠪᠠᠲᠤ ᠪᠣᠯᠪᠠ᠃ ᠴᠧᠨ ᠭᠦᠸᠧ ᠹᠠ ᠪᠣᠯᠤᠨ ᠭᠠᠴᠠᠭᠠᠨ ᠤ ︽ᠬᠤᠶᠠᠷ ᠵᠥᠪᠯᠡᠯ︾ ᠤᠨ ᠪᠦᠷᠢᠯᠳᠦᠬᠦᠨ ᠨᠡᠷ ᠣᠢ ᠮᠣᠳᠣ ᠶᠢ ᠬᠠᠮᠢᠶᠠᠷᠴᠤ ᠬᠠᠮᠠᠭᠠᠯᠠᠬᠤ ᠠᠵᠢᠯ ᠢ ᠵᠥᠪᠳᠡᠯᠴᠡᠨ ᠶᠠᠷᠢᠯᠴᠠᠪᠠ᠃ ᠭᠡᠪᠡᠴᠦ᠂ ᠵᠤᠯᠵᠠᠭ᠎ᠠ ᠮᠣᠳᠣ ᠶᠢ ᠬᠠᠮᠢᠶᠠᠷᠤᠨ ᠬᠠᠮᠠᠭᠠᠯᠠᠬᠤ ᠲᠠᠯ᠎ᠠ ᠪᠠᠷ᠂ ᠴᠧᠨ ᠭᠦᠸᠧ ᠹᠠ ᠡᠯᠡᠰᠦᠨ ᠳᠤ ᠡᠯᠡᠰᠦ ᠶᠢ ᠵᠠᠰᠠᠬᠤ ᠵᠠᠮ ᠳᠡᠭᠡᠷᠡᠬᠢ ᠬᠠᠮᠤᠭ ᠤᠨ ᠶᠡᠭᠡ ᠬᠦᠴᠢᠷ ᠠᠰᠠᠭᠤᠳᠠᠯ ᠳᠤ ᠤᠴᠠᠷᠠᠵᠤ᠂ ᠮᠠᠯ ᠤᠨᠤᠭ᠎ᠠ ᠶᠡᠭᠡ ᠬᠡᠮᠵᠢᠶᠡᠨ ᠤ ᠴᠢᠬᠢ ᠮᠣᠳᠣ ᠶᠢ ᠡᠪᠳᠡᠪᠡ᠃ ᠴᠢᠬᠢ ᠮᠣᠳᠣ ᠶᠢ ᠬᠠᠮᠠᠭᠠᠯᠠᠬᠤ ᠶᠢᠨ ᠵᠠᠩᠭᠢᠯᠠᠭ᠎ᠠ ᠨᠢ ᠲᠣᠰᠬᠤᠨ ᠤ ᠠᠷᠠᠳ ᠤᠨ ᠠᠮᠢ ᠠᠬᠤᠢ ᠶᠢᠨ ᠦᠵᠡᠯ ᠰᠠᠨᠠᠭᠠᠨ ᠤ ᠬᠤᠪᠢᠷᠠᠯᠲᠠ ᠳᠤ ᠪᠠᠶᠢᠨ᠎ᠠ᠂ ᠲᠣᠰᠬᠤᠨ ᠤ ᠠᠷᠠᠳ ᠢ ᠰᠠᠶᠢᠨ ᠳᠤᠷ᠎ᠠ ᠠᠴᠠ ᠪᠠᠨ ᠠᠮᠢ ᠠᠬᠤᠢ ᠶᠢ ᠬᠠᠮᠠᠭᠠᠯᠠᠬᠤ ᠶᠢᠨ ᠲᠥᠯᠥᠭᠡ᠂ ᠴᠧᠨ ᠭᠦᠸᠧ ᠢᠦᠢ ᠪᠣᠯᠤᠨ ︽ᠬᠤᠶᠠᠷ ᠵᠥᠪᠯᠡᠯ︾ ᠤᠨ ᠪᠠᠭ ᠤᠨ ᠪᠦᠷᠢᠯᠳᠦᠬᠦᠨ ᠢ ᠡᠷᠦᠬᠡ ᠳᠠᠷᠠᠭᠠᠯᠠᠨ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠤᠬᠠᠭᠤᠯᠵᠤ᠂ ᠲᠣᠰᠬᠤᠨ ᠤ ᠠᠷᠠᠳ ᠤᠨ ᠳᠡᠮᠵᠢᠯᠭᠡ ᠶᠢ ᠣᠯᠵᠤ᠂ ᠡᠭᠦᠨ ᠤ ᠤᠯᠠᠮ ᠠᠴᠠ ᠴᠢᠬᠢ ᠮᠣᠳᠣ ᠶᠢ ᠬᠤᠬᠢᠷᠠᠭᠤᠯᠬᠤ ᠪᠠᠨ ᠵᠣᠭᠰᠣᠵᠤ᠂ ᠳᠠᠷᠠᠭ᠎ᠠ ᠨᠢ ᠲᠡᠷᠡ ᠪᠠᠰᠠ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠪᠡᠯᠡ ᠮᠥᠩᠭᠦ ᠴᠤᠭᠯᠠᠭᠤᠯᠵᠤ᠂ ᠴᠢᠬᠢ ᠨᠥᠬᠦᠪᠥᠷᠢᠯᠡᠬᠦ ᠠᠵᠢᠯ ᠬᠢᠵᠡᠢ᠃    ᠰᠠᠶ᠋ᠢᠬᠠᠨ ᠡᠬᠢᠯᠡᠭᠰᠡᠨ ᠲᠡᠷᠡ ᠬᠡᠳᠦᠨ ᠵᠢᠯ ᠳᠤ᠂ ᠡᠯᠡᠰᠦ ᠶᠢ ᠵᠠᠰᠠᠭᠰᠠᠨ ᠦᠷ᠎ᠡ ᠪᠦᠲᠦᠮᠵᠢ ᠨᠢ ᠢᠯᠡᠷᠬᠡᠢ ᠪᠤᠰᠤ᠂ ᠮᠣᠳᠣ ᠲᠠᠷᠢᠵᠤ ᠮᠣᠳᠣ ᠲᠠᠷᠢᠬᠤ ᠨᠢ ᠶᠡᠭᠡ ᠬᠡᠮᠵᠢᠶᠡᠨ ᠤ ᠭᠠᠴᠠᠭᠠᠨ ᠤ ᠬᠠᠮᠲᠤ ᠶᠢᠨ ᠬᠡᠷᠡᠭᠯᠡᠬᠦ ᠭᠠᠵᠠᠷ ᠢ ᠡᠵᠡᠯᠡᠵᠦ᠂ ᠭᠠᠴᠠᠭ᠎ᠠ ᠳᠤ ᠪᠠᠰᠠ ᠮᠠᠰᠢ ᠣᠯᠠᠨ ᠰᠡᠵᠢᠭ ᠲᠠᠢ ᠳᠠᠭᠤ ᠢᠯᠡᠷᠡᠪᠡ᠃ ᠴᠧᠨ ᠭᠦᠸᠧ ᠹᠠ ᠲᠡᠷᠡ ᠬᠡᠯᠡᠬᠦ ᠳᠡᠭᠡᠨ᠂ ︽ᠭᠠᠴᠠᠭᠠᠨ ᠤ ︿ᠬᠤᠶᠠᠷ ᠵᠥᠪᠯᠡᠯ﹀ ᠪᠣᠯᠤᠭᠰᠠᠨ ᠤ ᠬᠤᠪᠢ ᠳᠤ᠂ ᠬᠠᠮᠢᠭ᠎ᠠ ᠬᠦᠷᠲᠡᠯ᠎ᠡ ᠬᠢᠪᠡᠯ ᠲᠡᠳᠦᠢ ᠬᠢᠵᠦ᠂ ᠤᠯᠠᠮ ᠰᠡᠵᠢᠭ ᠲᠠᠢ ᠪᠣᠯᠵᠠᠢ᠂ ᠪᠢ ᠤᠯᠠᠮ ᠢᠯᠡᠭᠦᠦ ᠦᠷ᠎ᠡ ᠪᠦᠲᠦᠭᠡᠯ ᠢᠶᠠᠷ ᠢᠶᠠᠨ ᠦᠭᠡ ᠬᠡᠯᠡᠵᠦ᠂ ᠣᠯᠠᠨ ᠳᠤ ᠢᠲᠡᠭᠡᠭᠦᠯᠦᠨ᠎ᠡ᠂︾ ᠭᠡᠵᠡᠢ᠃     ᠥᠨᠥᠳᠦᠷ ᠤᠨ ᠠᠩ ᠲᠠᠢ ᠱᠠᠨ ᠠᠭᠤᠯᠠ ᠨᠢ ᠨᠢᠭᠡᠨᠲᠡ ︽ᠠᠩ ᠲᠠᠢ ᠠᠮᠢ ᠠᠬᠤᠢ ᠶᠢᠨ ᠬᠦᠷᠢᠶᠡᠯᠡᠩ︾ ᠪᠣᠯᠵᠤ ᠂ ᠠᠮᠢ ᠠᠬᠤᠢ ᠪᠠᠷ ᠠᠷᠠᠳ ᠢ ᠪᠠᠶᠠᠵᠢᠭᠤᠯᠬᠤ ᠪᠠ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠠᠮᠢᠳᠤᠯᠢᠭ ᠦᠢᠯᠡᠳᠦᠯᠭᠡ ᠪᠣᠯᠤᠭᠰᠠᠨ ᠪᠠᠶᠢᠨ᠎ᠠ᠃ ᠠᠵᠤ ᠠᠬᠤᠢ ᠶᠢᠨ ᠣᠢ ᠶᠢᠨ ᠣᠷᠣᠯᠭ᠎ᠠ ᠨᠢ ᠲᠣᠰᠬᠤᠨ ᠤ ᠠᠷᠠᠳ ᠤᠨ ᠪᠣᠭᠴᠣ ᠳᠤ ᠣᠷᠣᠵᠤ᠂ ᠲᠣᠰᠬᠤᠨ ᠤ ᠠᠷᠠᠳ ᠤᠨ ᠰᠡᠵᠢᠭᠯᠡᠬᠦ ᠳᠠᠭᠤᠨ ᠠᠷᠢᠯᠪᠠ᠂ ᠡᠭᠦᠨ ᠤ ᠳᠠᠭᠠᠤ ᠨᠡᠩ ᠣᠯᠠᠨ ᠵᠥᠪᠰᠢᠶᠡᠷᠡᠯ ᠪᠠ ᠬᠠᠮᠵᠢᠯᠴᠠᠭ᠎ᠠ ᠬᠢᠵᠦ ᠪᠠᠶᠢᠪᠠ᠃ ︽ᠤᠤᠯ ᠨᠢ ᠮᠠᠨ ᠤ ᠭᠠᠴᠠᠭᠠᠨ ᠳᠤ ᠪᠣᠷᠣᠭᠠᠨ ᠣᠷᠣᠮᠠᠭᠴᠠ ᠠᠮᠠᠷᠬᠠᠨ ᠦᠶᠡᠷᠯᠡᠵᠦ᠂ ᠰᠠᠯᠬᠢ ᠰᠠᠯᠬᠢᠯᠠᠬᠤ ᠦᠶ᠎ᠡ ᠳᠤ ᠰᠢᠷ᠎ᠠ ᠮᠠᠩᠬ᠎ᠠ ᠲᠩᠷᠢ ᠲᠤᠩᠭᠠᠯᠠᠭ᠂ ᠴᠧᠨ ᠱᠦᠵᠢ ᠨᠤᠲᠤᠭ ᠤᠨ ᠠᠬ᠎ᠠ ᠳᠡᠭᠦᠦ ᠨᠡᠷ ᠢᠶᠠᠨ ᠳᠠᠭᠠᠭᠤᠯᠤᠨ ᠬᠡᠭᠡᠷ᠎ᠡ ᠶᠢᠨ ᠭᠦᠢᠯᠡᠰᠦ ᠲᠠᠷᠢᠵᠤ᠂ ᠠᠮᠢ ᠠᠬᠤᠢ ᠶᠢᠨ ᠣᠷᠴᠢᠨ ᠨᠥᠬᠦᠴᠡᠯ ᠤᠯᠠᠮ ᠠᠴᠠ ᠤᠯᠠᠮ ᠰᠠᠶᠢᠵᠢᠷᠠᠭᠰᠠᠨ ᠠᠴᠠ ᠮᠠᠨ ᠤ ᠲᠣᠰᠬᠤᠨ ᠤ ᠠᠷᠠᠳ ᠪᠠᠰᠠ ᠵᠢᠮᠢᠰ ᠤᠨ ᠮᠣᠳᠣ ᠲᠠᠷᠢᠬᠤ ᠪᠠᠷ ᠳᠠᠮᠵᠢᠨ ᠠᠰᠢᠭ ᠣᠯᠵᠤ ᠪᠣᠯᠤᠨ᠎ᠠ᠂ ᠪᠢᠳᠡ ᠣᠳᠣ ᠪᠦᠷ ᠰᠠᠶᠢᠨ ᠳᠤᠷ᠎ᠠ ᠠᠴᠠ ᠪᠠᠨ ᠬᠠᠮᠢᠶᠠᠷᠴᠤ ᠪᠠᠶᠢᠨ᠎ᠠ︾  ᠬᠡᠵᠤ ᠭᠠᠴᠠᠭ᠎ᠠ ᠶᠢᠨ ᠠᠷᠠᠳ ᠸᠠᠩ ᠯᠢ ᠬᠡᠯᠡᠪᠡ᠃    ᠣᠳᠣᠬᠠᠨ ᠳᠤ ᠪᠤᠯᠠᠭ ᠭᠠᠴᠠᠭ᠎ᠠ ᠳᠤ 4500 ᠮᠦ ᠬᠡᠭᠡᠷ᠎ᠡ ᠶᠢᠨ ᠭᠦᠢᠯᠡᠰᠦᠨ ᠣᠢ᠂ ᠲᠣᠰᠬᠤᠨ ᠤ ᠠᠷᠠᠳ ᠭᠦᠢᠯᠡᠰᠦ ᠬᠤᠳᠠᠯᠳᠤᠬᠤ ᠪᠠᠷ ᠳᠠᠮᠵᠢᠨ ᠵᠣᠭᠤᠰ ᠣᠯᠵᠤ᠂ ᠭᠦᠢᠯᠡᠰᠦᠨ ᠮᠣᠳᠣᠨ ᠤ ᠣᠢ ᠶᠢᠨ ᠵᠠᠢ ᠵᠠᠪᠰᠠᠷ ᠢᠶᠠᠷ ᠭᠠᠳᠠᠷ ᠣᠷᠣᠨ ᠤ ᠠᠵᠤ ᠠᠬᠤᠶᠢᠯᠠᠯ ᠳᠤ ᠬᠢᠲᠠᠳ ᠡᠪᠡᠰᠦᠨ ᠡᠮ ᠲᠠᠷᠢᠵᠤ᠂ ᠲᠣᠰᠬᠤᠨ ᠤ ᠠᠷᠠᠳ ᠤᠨ ᠬᠥᠯᠥᠰᠥᠨ ᠠᠵᠢᠯ ᠬᠢᠵᠦ ᠣᠷᠣᠯᠭ᠎ᠠ ᠣᠯᠵᠤ ᠪᠠᠶᠢᠨ᠎ᠠ᠃ ᠭᠠᠴᠠᠭ᠎ᠠ ᠳᠤ ᠣᠳᠣᠬᠠᠨ ᠳᠤ ᠲᠠᠬᠢᠶᠠᠨ ᠵᠢᠷᠦᠬᠡᠨ ᠵᠢᠮᠢᠰ᠂ ᠯᠦᠩ ᠹᠧᠩ ᠵᠢᠮᠢᠰ ᠤᠨ ᠮᠣᠳᠣ᠂ ᠯᠢ ᠽᠢ ᠵᠡᠷᠭᠡ ᠠᠷᠪᠠᠨ ᠬᠡᠳᠦᠨ ᠲᠥᠷᠥᠯ ᠤᠨ ᠵᠢᠮᠢᠰ ᠤᠨ ᠮᠣᠳᠣ 4000 ᠮᠦ ᠪᠠᠶᠢᠵᠤ᠂ 300 ᠲᠣᠨ ᠵᠢᠮᠢᠰ ᠬᠠᠳᠠᠭᠠᠯᠠᠵᠤ ᠳᠡᠶᠢᠯᠬᠦ ᠰᠢᠨ᠎ᠡ ᠰᠣᠷᠭᠤᠭ ᠪᠠᠶᠢᠯᠭᠠᠬᠤ ᠬᠥᠮᠥᠷᠭᠡ᠂ 1000 ᠲᠣᠨ ᠤᠰᠤ ᠬᠠᠳᠠᠭᠠᠯᠠᠬᠤ ᠴᠥᠭᠦᠷᠥᠮ ᠪᠠᠶᠢᠵᠤ᠂ ᠣᠢ ᠵᠢᠮᠢᠰ ᠤᠨ ᠰᠠᠭᠤᠷᠢᠨ ᠭᠠᠵᠠᠷ ᠲᠤ ᠨᠢᠭᠡᠨᠲᠡ ᠲᠠᠷᠢᠬᠤ᠂ ᠬᠠᠮᠢᠶᠠᠷᠴᠤ ᠬᠠᠮᠠᠭᠠᠯᠠᠬᠤ᠂ ᠲᠡᠭᠦᠬᠦ᠂ ᠬᠠᠳᠠᠭᠠᠯᠠᠬᠤ᠂ ᠪᠣᠷᠣᠯᠠᠭᠤᠯᠬᠤ ᠶᠢ ᠨᠢᠭᠡ ᠴᠣᠭᠴᠠᠵᠢᠭᠤᠯᠤᠭᠰᠠᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢᠨ ᠵᠠᠭᠪᠤᠷ ᠢ ᠪᠤᠢ ᠪᠣᠯᠭᠠᠵᠠᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号