5 ᠰᠠᠷ᠎ᠠ ᠶᠢᠨ 12 ᠤᠨ ᠡᠳᠦᠷ᠂ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠶᠢᠨ ᠪᠦᠭᠦ ᠤᠯᠤᠰ ᠤᠨ ᠠᠵᠢᠯᠴᠢᠨ ᠤ | ᠶᠡᠷᠦᠩᠬᠡᠢ ᠡᠪᠯᠡᠯ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠵᠢᠴᠢ ᠪᠦᠭᠦ ᠤᠯᠤᠰ ᠤᠨ | ᠭᠦᠳᠡᠯᠮᠦᠷᠢ ᠶᠢᠨ ᠵᠢᠱᠢᠶᠡᠴᠢ ᠪᠣᠯᠣᠨ ᠲᠡᠷᠢᠭᠦᠨ ᠤ ᠠᠵᠢᠯᠲᠠᠨ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ | ᠴᠢᠬᠤᠯᠠ ᠶᠠᠷᠢᠶ᠎ᠠ ᠪᠣᠯᠣᠨ ︽ᠰᠢᠨ᠎ᠡ ᠴᠠᠭ ᠦᠶ᠎ᠡ ᠶᠢᠨ ᠵᠠᠯᠠᠭᠤᠴᠤᠳ ᠤᠨ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤᠮᠳᠠ ᠣᠮᠤᠭ ᠲᠡᠭᠦᠯᠳᠡᠷ ᠢᠶᠠᠷ ᠬᠠᠷᠢᠭᠤᠴᠠᠯᠭ᠎ᠠ ᠡᠭᠦᠷᠭᠡᠯᠡᠬᠦ ᠶᠢ | ᠵᠣᠷᠢᠭᠵᠢᠭᠤᠯᠬᠤ ᠬᠡᠷᠡᠭᠲᠡᠢ︾ ᠭᠡᠬᠦ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ | ᠥᠯᠢᠭᠡᠷ ᠳᠠᠭᠤᠷᠢᠶᠠᠯ ᠤᠨ ᠦᠢᠯᠡᠳᠦᠯ ᠢ ᠪᠠᠳᠠᠷᠠᠭᠤᠯᠵᠤ᠂ ᠭᠦᠳᠡᠯᠮᠦᠷᠢ ᠶᠢ ᠬᠦᠨᠳᠦᠳᠬᠡᠬᠦ᠂ ᠮᠡᠳᠡᠯᠭᠡ ᠶᠢ | ᠬᠦᠨᠳᠦᠳᠬᠡᠬᠦ᠂ ᠴᠢᠳᠠᠪᠤᠷᠢᠲᠠᠨ ᠢ ᠬᠦᠨᠳᠦᠳᠬᠡᠬᠦ᠂ ᠡᠭᠦᠳᠦᠨ ᠪᠦᠲᠦᠭᠡᠯᠲᠡ ᠶᠢ ᠬᠦᠨᠳᠦᠳᠬᠡᠬᠦ ᠥᠳᠬᠡᠨ ᠵᠤᠵᠠᠭᠠᠨ | ᠠᠭᠤᠷ ᠠᠮᠢᠰᠬᠤᠯ ᠢ ᠪᠤᠶ ᠪᠤᠯᠭᠠᠵᠤ᠂ ᠮᠡᠳᠡᠯᠭᠡ ᠶᠢᠨ ᠭᠡᠯᠪᠡᠷᠢ᠂ ᠤᠷ᠎ᠠ ᠴᠢᠳᠠᠪᠤᠷᠢ ᠶᠢᠨ ᠭᠡᠯᠪᠡᠷᠢ᠂ ᠰᠢᠨ᠎ᠡ ᠶᠢ | ᠡᠭᠦᠳᠬᠦ ᠭᠡᠯᠪᠡᠷᠢ ᠶᠢᠨ ᠠᠵᠤ ᠦᠢᠯᠡᠰ ᠤᠨ ᠠᠵᠢᠯᠴᠢᠨ ᠤ ᠡᠩᠨᠡᠭᠡ ᠶᠢ ᠪᠤᠶᠢᠵᠢᠭᠤᠯᠤᠨ ᠴᠣᠭᠴᠠᠯᠠᠵᠤ᠂ | ᠬᠥᠭᠵᠢᠯᠲᠡ ᠳᠤ ᠦᠵᠡᠭᠦᠯᠭᠦ ᠲᠤᠯᠭᠠᠭᠤᠷᠢᠯᠠᠬᠤ ᠦᠢᠯᠡᠳᠦᠯ ᠢ ᠴᠢᠩᠭᠠᠳᠬᠠᠬᠤ ᠬᠡᠷᠡᠭᠲᠡᠢ᠃ ᠵᠠᠯᠠᠭᠤᠴᠤᠳ ᠤᠨ | ᠠᠵᠢᠯ ᠢ ᠰᠠᠶᠢᠲᠤᠷ ᠬᠢᠵᠦ᠂ ᠠᠵᠢᠯ ᠬᠢᠵᠦ ᠦᠢᠯᠡᠰ ᠪᠣᠰᠬᠠᠬᠤ ᠲᠠᠪᠴᠠᠩ ᠢ ᠰᠠᠶᠢᠲᠤᠷ ᠪᠠᠶᠢᠭᠤᠯᠵᠤ᠂ ᠨᠡᠩ ᠤᠯᠠᠨ | ᠵᠠᠯᠠᠭᠤ ᠴᠢᠳᠠᠪᠤᠷᠢᠲᠠᠨ ᠢ ᠮᠠᠨ ᠤ ᠣᠷᠣᠨ ᠤ ᠪᠦᠲᠦᠭᠡᠨ ᠪᠠᠶᠢᠭᠤᠯᠤᠯᠲᠠ ᠬᠥᠭᠵᠢᠯᠲᠡ ᠳᠤ ᠣᠷᠤᠯᠴᠠᠬᠤ ᠶᠢ ᠲᠠᠲᠠᠬᠤ | ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠦᠭᠦ ᠣᠷᠣᠨ ᠤ ᠠᠵᠤ ᠠᠬᠤᠢ ᠶᠢᠨ ᠠᠵᠢᠯ ᠤᠨ ᠵᠠᠳᠠᠯᠤᠯᠲᠠ ᠶᠢᠨ ᠬᠤᠷᠠᠯ ᠤᠨ ᠵᠣᠷᠢᠭ ᠰᠠᠨᠠᠭ᠎ᠠ | ᠵᠢᠴᠢ ᠳᠥᠷᠪᠡᠳᠦᠭᠡᠷ ᠰᠠᠷ᠎ᠠ ᠶᠢᠨ ᠠᠵᠤ ᠠᠬᠤᠢ ᠶᠢᠨ ᠡᠷᠭᠢᠯᠲᠡ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ | ᠰᠣᠨᠣᠰᠴᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠠᠵᠤ ᠠᠬᠤᠶᠢᠯᠠᠯ ᠢ ᠲᠣᠭᠲᠠᠪᠤᠷᠢᠵᠢᠭᠤᠯᠬᠤ᠂ ᠵᠠᠬ᠎ᠠ | ᠳᠡᠯᠭᠡᠭᠦᠷ ᠢ ᠲᠣᠭᠲᠠᠪᠤᠷᠢᠵᠢᠭᠤᠯᠬᠤ᠂ ᠵᠢᠱᠢᠯᠲᠡ ᠶᠢ ᠲᠣᠭᠲᠠᠪᠤᠷᠢᠵᠢᠭᠤᠯᠬᠤ ᠱᠠᠭᠠᠷᠳᠠᠯᠭ᠎ᠠ ᠪᠠᠷ ᠪᠠᠷᠢᠮᠵᠢᠶᠠᠯᠠᠵᠤ᠂ | ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠲᠣᠪᠤᠶᠢᠯᠭᠠᠨ᠂ ᠠᠰᠠᠭᠤᠳᠠᠯ ᠢ ᠰᠢᠢᠳᠪᠦᠷᠢᠯᠡᠬᠦ ᠰᠡᠳᠬᠢᠬᠦᠢ ᠶᠢ ᠪᠤᠶ | ᠪᠤᠯᠭᠠᠵᠤ᠂ ᠠᠵᠤ ᠠᠬᠤᠢ ᠶᠢᠨ ᠲᠣᠬᠢᠷᠠᠭᠤᠯᠤᠯᠲᠠ ᠶᠢ ᠴᠢᠩᠭᠠᠳᠬᠠᠨ᠂ ᠳᠠᠪᠠᠭᠤᠯᠢᠭ ᠢᠶᠠᠨ ᠪᠠᠳᠠᠷᠠᠭᠤᠯᠵᠤ᠂ | ᠳᠤᠲᠠᠭᠤᠳᠠᠯ ᠢ ᠨᠥᠬᠦᠪᠦᠷᠢᠯᠡᠬᠦ᠂ ᠲᠦᠭᠵᠢᠷᠡᠯ ᠢ ᠨᠡᠪᠲᠡᠷᠡᠭᠦᠯᠬᠦ ᠶᠢ ᠪᠠᠷᠢᠮᠲᠠᠯᠠᠨ ᠠᠵᠤ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠬᠡᠷᠡᠭᠲᠡᠢ᠃ ᠵᠠᠳᠠᠯᠤᠯᠲᠠ ᠶᠢᠨ ᠬᠤᠷᠠᠯ ᠤᠨ ᠪᠠᠶᠢᠷᠢᠯᠠᠭᠤᠯᠤᠯᠲᠠ ᠪᠠ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠭᠤᠣᠯ ᠤᠳᠤᠷᠢᠳᠬᠤ ᠨᠥᠬᠦᠳ ᠤᠨ ᠦᠨᠡᠯᠡᠯᠲᠡ ᠱᠠᠭᠠᠷᠳᠠᠯᠭ᠎ᠠ ᠪᠠᠷ | ᠪᠠᠷᠢᠮᠵᠢᠶ᠎ᠠ ᠪᠤᠯᠭᠠᠵᠤ᠂ ︽ᠨᠢᠭᠡ ᠱᠤᠭᠤᠮ︾ ᠤᠨ ᠲᠣᠭᠲᠠᠴᠠ᠂ ᠨᠠᠶᠢᠳᠠᠪᠤᠷᠢᠵᠢᠭᠤᠯᠤᠯᠲᠠ ᠶᠢᠨ ᠳᠤᠮᠳᠠᠬᠢ ᠬᠦᠴᠢᠷ | ᠠᠰᠠᠭᠤᠳᠠᠯ ᠢ ᠲᠦᠷᠭᠡᠨ ᠰᠢᠢᠳᠪᠦᠷᠢᠯᠡᠬᠦ ᠶᠢ ᠴᠢᠩᠭ᠎ᠠ ᠠᠳᠬᠤᠬᠤ ᠶᠣᠰᠣᠭᠠᠷ ᠠᠵᠢᠯ ᠣᠯᠭᠤᠯᠲᠠ ᠶᠢ ᠠᠬᠢᠭᠤᠯᠬᠤ ᠪᠠ | ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠶᠢ ᠤᠶᠠᠯᠳᠤᠭᠤᠯᠤᠨ ᠣᠯᠠᠨ ᠲᠦᠮᠡᠨ ᠤ ᠣᠷᠣᠯᠭ᠎ᠠ ᠶᠢ | ᠨᠡᠮᠡᠭᠳᠡᠭᠦᠯᠬᠦ ᠶᠢ ᠳᠠᠶᠢᠴᠢᠯᠠᠵᠤ᠂ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠪᠠᠷ ᠭᠠᠷᠳᠠᠴᠠ ᠪᠣᠯᠭᠠᠨ ᠠᠵᠤ | ᠠᠬᠤᠶᠢᠯᠠᠯ ᠢ ᠬᠠᠪᠰᠤᠷᠤᠨ ᠬᠥᠮᠥᠷᠭᠡ ᠶᠢᠨ ᠬᠠᠳᠠᠭᠠᠯᠠᠯᠲᠠ ᠶᠢ ᠪᠠᠭᠠᠰᠬᠠᠬᠤ᠂ ᠵᠠᠬ᠎ᠠ ᠳᠡᠯᠭᠡᠭᠦᠷ ᠢ ᠥᠷᠭᠡᠳᠬᠡᠬᠦ ᠶᠢ | ᠬᠠᠪᠰᠤᠷᠴᠤ᠂ ᠰᠢᠨ᠎ᠡ ᠡᠨᠧᠷᠭᠢ ᠶᠢᠨ ᠲᠣᠮᠣ ᠰᠠᠭᠤᠷᠢᠨ ᠵᠡᠷᠭᠡ ︽ᠲᠣᠮᠣ ᠪᠦᠷᠢᠨ︾ ᠵᠦᠢᠯ ᠢ ᠴᠢᠩᠭ᠎ᠠ ᠠᠩᠬᠠᠷᠴᠤ | ᠴᠢᠬᠤᠯᠠ ᠶᠡᠭᠡ ᠲᠥᠷᠥᠯ ᠵᠦᠢᠯ ᠢ ᠤᠬᠠᠭᠠᠯᠠᠨ ᠲᠥᠯᠥᠪᠯᠡᠬᠦ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠥᠪᠡᠷᠲᠡᠭᠡᠨ | ᠵᠠᠰᠠᠬᠤ ᠣᠷᠣᠨ ᠤ ᠲᠣᠭᠲᠠᠭᠠᠭᠰᠠᠨ ᠬᠠᠷᠠᠯᠲᠠᠲᠤ ᠡᠭᠦᠷᠭᠡ ᠶᠢ ᠪᠦᠭᠦ ᠬᠦᠴᠦᠨ ᠢᠶᠠᠷ ᠢᠶᠠᠨ ᠪᠡᠶᠡᠯᠡᠭᠦᠯᠬᠦ ᠬᠡᠷᠡᠭᠲᠡᠢ᠃ | ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠡᠳ᠋ ᠤᠨ ᠵᠠᠰᠠᠭ ᠮᠥᠩᠭᠦᠨ ᠭᠦᠢᠯᠭᠡᠭᠡᠨ᠂ | ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠠᠶᠤᠯᠭᠦᠢ ᠦᠢᠯᠡᠳᠪᠦᠷᠢᠯᠡᠯ ᠤᠨ ᠠᠶᠤᠯ ᠲᠦᠭᠰᠢᠭᠦᠷᠢ ᠶᠢᠨ | ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠰᠠᠭᠤᠷᠢ ᠲᠥᠬᠦᠭᠡᠷᠦᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠠᠵᠢᠯ ᠢ ᠰᠤᠳᠤᠯᠵᠤ᠂ ︽ | ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠲᠠᠢ ᠤᠶᠠᠯᠳᠤᠭᠤᠯᠵᠤ᠂ | ᠤᠯᠤᠰ ᠤᠨ ᠲᠦᠷᠦ ᠶᠢᠨ ᠪᠣᠳᠣᠯᠭ᠎ᠠ ᠶᠢᠨ ᠳᠡᠮᠵᠢᠯᠭᠡ ᠶᠢ ᠣᠯᠬᠤ ᠪᠠᠷ ᠪᠦᠭᠦ ᠬᠦᠴᠦᠨ ᠢᠶᠠᠷ ᠢᠶᠠᠨ ᠴᠢᠷᠮᠠᠶᠢᠵᠤ᠂ ᠵᠠᠮ | ᠬᠠᠷᠢᠯᠴᠠᠭᠠᠨ ᠤ ᠲᠣᠣᠷ᠂ ᠡᠨᠧᠷᠭᠢ ᠶᠢᠨ ᠲᠣᠣᠷ᠂ ᠤᠰᠤᠨ ᠠᠰᠢᠭᠯᠠᠯᠲᠠ ᠶᠢᠨ ᠲᠣᠣᠷ᠂ ᠮᠡᠳᠡᠭᠡ ᠵᠠᠩᠭᠢ ᠶᠢᠨ | ᠲᠣᠣᠷ ᠢ ᠰᠢᠨᠵᠢᠯᠡᠬᠦ ᠤᠬᠠᠭᠠᠨᠴᠢ ᠪᠠᠷ ᠪᠠᠶᠢᠷᠢᠰᠢᠭᠤᠯᠵᠤ᠂ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ | ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠲᠠᠪᠴᠠᠩ ᠤᠨ ᠪᠠᠶᠢᠭᠤᠯᠤᠯᠲᠠ ᠶᠢᠨ ᠪᠠᠶᠢᠳᠠᠯ ᠢ | ᠣᠶᠢᠯᠠᠭᠠᠭᠰᠠᠨ ᠪᠠᠶᠢᠳᠠᠯ ᠢ ᠰᠣᠨᠣᠰᠴᠤ᠂ ᠰᠢᠰᠲ᠋ᠧᠮᠵᠢᠭᠦᠯᠦᠨ ᠬᠤᠷᠠᠭᠤᠯᠬᠤ ᠶᠢ ᠴᠢᠩᠭᠠᠳᠬᠠᠵᠤ᠂ ᠮᠡᠳᠡᠭᠡ | ᠵᠠᠩᠭᠢ ᠶᠢᠨ ᠲᠦᠭᠵᠢᠮᠡᠯ ᠪᠠᠶᠢᠳᠠᠯ ᠢ ᠡᠪᠳᠡᠵᠦ᠂ ᠮᠡᠳᠡᠭᠡ ᠵᠠᠩᠭᠢᠴᠢᠯᠠᠯᠲᠠ ᠪᠠᠷ ᠨᠡᠩ ᠤᠯᠠᠨ ᠬᠦᠷᠢᠶᠡᠨ ᠤ ︽ᠥᠨᠳᠥᠷ | ᠪᠦᠲᠦᠮᠵᠢᠲᠡᠢ ᠪᠠᠷ ᠨᠢᠭᠡ ᠶᠠᠪᠤᠳᠠᠯ ᠢ ᠪᠦᠲᠦᠭᠡᠬᠦ︾ ᠳᠤ ᠡᠨᠧᠷᠭᠢ ᠣᠯᠭᠤᠬᠤ ᠬᠡᠷᠡᠭᠲᠡᠢ ᠭᠡᠵᠦ ᠱᠠᠭᠠᠷᠳᠠᠪᠠ᠃ | |