ᠪᠦᠬᠦ ᠪᠠᠯᠭᠠᠰᠤᠨ ᠤ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠠᠵᠢᠯ ᠢ ᠤᠯᠠᠮ ᠨᠢᠭᠡ ᠠᠯᠬᠤᠮ ᠴᠢᠨᠠᠷ | ᠰᠠᠶᠢᠲᠠᠢ ᠠᠬᠢᠭᠤᠯᠵᠤ᠂ ᠣᠯᠠᠨ ᠲᠦᠮᠡᠨ ᠤ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠦᠵᠡᠯ ᠰᠠᠨᠠᠭᠠᠨ ᠤ | ᠲᠠᠨᠢᠯᠲᠠ ᠶᠢ ᠦᠨᠡᠨ ᠬᠦ ᠳᠡᠭᠡᠭᠰᠢᠯᠡᠭᠦᠯᠵᠦ᠂ ᠣᠯᠠᠨ ᠲᠦᠮᠡᠨ ᠢ ᠢᠳᠡᠪᠬᠢᠲᠡᠢ ᠪᠠᠷ ᠬᠥᠲᠥᠯᠥᠨ ᠵᠢᠯᠣᠭᠤᠳᠴᠤ | ᠡᠯᠡᠰᠦᠷᠬᠡᠭ ᠭᠠᠵᠠᠷ ᠢ ᠵᠠᠰᠠᠬᠤ ᠠᠵᠢᠯ ᠳᠤ ᠣᠷᠣᠯᠴᠠᠭᠤᠯᠬᠤ ᠶᠢᠨ ᠲᠥᠯᠥᠭᠡ᠂ ᠣᠶᠢᠷ᠎ᠠ ᠳᠤ᠂ ᠪᠠᠯᠭᠠᠰᠤᠨ ᠤ ᠭᠤᠣᠯ | ᠤᠳᠤᠷᠢᠳᠤᠯᠭ᠎ᠠ ᠪᠣᠯᠤᠨ ᠬᠤᠰᠢᠭᠤᠨ ᠤ ᠣᠢ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠶᠢᠨ ᠠᠵᠢᠯᠲᠠᠳ | ᠭᠠᠴᠠᠭᠠᠨ ᠤ ᠡᠯᠡᠰᠦᠷᠬᠡᠭ ᠭᠠᠵᠠᠷ ᠢ ᠵᠠᠰᠠᠬᠤ ᠲᠤᠬᠠᠢ ᠶᠢᠨ ᠲᠠᠯᠠᠪᠠᠢ ᠳᠤ ᠭᠦᠨᠵᠡᠭᠡᠶᠢᠷᠡᠨ᠂ ᠵᠣᠬᠢᠴᠠᠭᠤᠯᠬᠤ ᠠᠵᠢᠯ | ᠥᠷᠨᠢᠭᠦᠯᠵᠦ᠂ ᠡᠯᠡᠰᠦᠷᠬᠡᠭ ᠭᠠᠵᠠᠷ ᠢ ᠵᠠᠰᠠᠬᠤ ᠲᠥᠷᠥᠯ ᠵᠦᠢᠯ ᠤᠨ ᠢᠨᠵᠧᠨᠧᠷᠢᠩ ᠤᠨ ᠤᠷᠤᠭᠰᠢᠲᠠᠢ | ᠶᠠᠪᠤᠭᠳᠠᠬᠤ ᠶᠢ ᠦᠨᠡᠨ ᠬᠦ ᠪᠠᠲᠤᠯᠠᠪᠠ᠃ | ᠡᠯᠡᠰᠦᠷᠬᠡᠭ ᠭᠠᠵᠠᠷ ᠢ ᠵᠠᠰᠠᠬᠤ ᠲᠤᠬᠠᠢ ᠶᠢᠨ ᠲᠠᠯᠠᠪᠠᠢ ᠳᠤ᠂ ᠪᠠᠯᠭᠠᠰᠤᠨ ᠤ ᠨᠠᠮ ᠤᠨ ᠬᠤᠷᠢᠶᠠᠨ ᠤ ᠳᠡᠳ᠋ | ᠱᠦᠵᠢ᠂ ᠪᠠᠯᠭᠠᠰᠤᠨ ᠤ ᠳᠠᠷᠤᠭ᠎ᠠ ᠰᠤᠷᠭᠠᠯᠲᠤ᠂ ᠬᠤᠰᠢᠭᠤ ᠣᠢ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠶᠢᠨ | ᠠᠵᠢᠯᠲᠠᠳ ᠬᠠᠷᠢᠶᠠᠲᠤ ᠣᠷᠣᠨ ᠤ ᠪᠠᠨ ᠣᠯᠠᠨ ᠲᠦᠮᠡᠨ ᠲᠠᠢ ᠨᠢᠭᠤᠷᠳᠠᠨ ᠶᠠᠷᠢᠯᠴᠠᠵᠤ᠂ ᠣᠯᠠᠨ ᠲᠦᠮᠡᠨ ᠤ ᠬᠦᠰᠡᠯ | ᠱᠠᠭᠠᠷᠳᠠᠯᠭ᠎ᠠ ᠪᠠ ᠵᠣᠪᠠᠨᠢᠯ ᠢ ᠨᠠᠷᠢᠨ ᠬᠢᠨᠠᠮᠠᠭᠠᠢ ᠰᠣᠨᠣᠰᠴᠤ᠂ ᠣᠯᠠᠨ ᠲᠦᠮᠡᠨ ᠤ ᠠᠩᠬᠠᠷᠴᠤ ᠪᠠᠶᠢᠭ᠎ᠠ ᠭᠠᠵᠠᠷ | ᠰᠢᠷᠣᠢ ᠶᠢᠨ ᠬᠡᠷᠡᠭᠯᠡᠯᠲᠡ᠂ ᠠᠵᠢᠯ ᠣᠯᠭᠤᠯᠲᠠ ᠶᠢᠨ ᠲᠣᠬᠢᠶᠠᠯ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠵᠡᠷᠭᠡ | ᠠᠰᠠᠭᠤᠳᠠᠯ ᠳᠤ ᠴᠢᠭᠯᠡᠭᠦᠯᠦᠨ ᠨᠢᠭᠡᠳ ᠨᠢᠭᠡ ᠪᠠᠷ ᠨᠠᠷᠢᠨ ᠨᠢᠮᠪᠠᠢ ᠬᠠᠷᠢᠭᠤᠯᠲᠠ ᠥᠭᠬᠦ ᠶᠢᠨ ᠬᠠᠮᠲᠤ ᠬᠠᠮᠢᠶ᠎ᠠ ᠪᠦᠬᠦᠢ | ᠰᠠᠯᠠᠭ᠎ᠠ ᠮᠥᠴᠢᠷ ᠲᠤ ᠴᠠᠭ ᠲᠤᠬᠠᠢ ᠳᠤᠨᠢ ᠬᠠᠷᠢᠭᠤ ᠲᠤᠰᠬᠠᠵᠤ᠂ ᠦᠨᠡᠨ ᠰᠡᠳᠬᠢᠯ ᠠᠴᠠ ᠪᠠᠨ ᠬᠠᠶᠢᠷ᠎ᠠ | ᠰᠡᠳᠬᠢᠯᠭᠡ ᠲᠠᠢ ᠪᠠᠷ ᠬᠦᠴᠦ ᠣᠷᠣᠭᠤᠯᠤᠨ ᠣᠯᠠᠨ ᠲᠦᠮᠡᠨ ᠤ ᠤᠴᠢᠷ ᠶᠠᠪᠤᠳᠠᠯ ᠨᠢᠭᠡᠪᠦᠷᠢ ᠶᠢ ᠰᠠᠶᠢᠲᠤᠷ ᠬᠢᠵᠦ | ᠥᠭᠪᠡ᠃ ᠡᠭᠦᠨ ᠤ ᠬᠠᠮᠲᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠲᠥᠷᠥᠯ ᠵᠦᠢᠯ ᠤᠨ | ᠴᠢᠬᠤᠯᠠ ᠠᠴᠢ ᠬᠤᠯᠪᠣᠭᠳᠠᠯ᠂ ᠬᠡᠷᠡᠭᠵᠢᠭᠦᠯᠬᠦ ᠲᠥᠯᠥᠪᠵᠢᠭᠦᠯᠭᠡ ᠵᠢᠴᠢ ᠵᠢᠱᠢᠭᠰᠡᠨ ᠦᠷ᠎ᠡ ᠠᠰᠢᠭ ᠢ ᠠᠷᠠᠳ | ᠣᠯᠠᠨ ᠳᠤ ᠬᠦᠯᠢᠴᠡᠩᠭᠦᠢ ᠪᠠᠷ ᠲᠠᠶᠢᠯᠪᠤᠷᠢᠯᠠᠨ ᠥᠭᠴᠦ᠂ ᠪᠠᠷᠢᠯᠭ᠎ᠠ ᠶᠢᠨ ᠴᠠᠭ ᠪᠠ ᠠᠬᠢᠴᠠ ᠶᠢ ᠵᠦᠢ ᠵᠣᠬᠢᠰᠲᠠᠢ | ᠲᠣᠬᠢᠷᠠᠭᠤᠯᠤᠨ᠂ ᠠᠮᠢ ᠠᠬᠤᠢ ᠶᠢᠨ ᠦᠷ᠎ᠡ ᠠᠰᠢᠭ ᠪᠠ ᠠᠵᠤ ᠠᠬᠤᠢ ᠶᠢᠨ ᠦᠷ᠎ᠡ ᠠᠰᠢᠭ ᠤᠨ ᠬᠤᠣᠰ | ᠠᠮᠵᠢᠯᠲᠠ ᠶᠢ ᠪᠡᠶᠡᠯᠡᠭᠦᠯᠦᠨ᠎ᠡ᠃ | ᠳᠠᠷᠠᠭᠠᠴᠢ ᠶᠢᠨ ᠠᠯᠬᠤᠮ ᠳᠤ᠂ ᠭᠤᠣᠯ ᠤᠨ ᠪᠠᠶᠢᠰᠢᠩ ᠪᠠᠯᠭᠠᠰᠤ ᠦᠷᠭᠦᠯᠵᠢᠯᠡᠨ ᠬᠤᠰᠢᠭᠤᠨ ᠤ ᠣᠢ ᠰᠢᠭᠤᠢ | ᠡᠪᠡᠰᠦ ᠪᠡᠯᠴᠢᠭᠡᠷ ᠤᠨ ᠲᠣᠪᠴᠢᠶ᠎ᠠ ᠲᠠᠢ ᠬᠠᠮᠲᠤᠷᠠᠯᠴᠠᠵᠤ᠂ ᠲᠥᠷᠥᠯ ᠵᠦᠢᠯ ᠤᠨ ᠠᠬᠢᠴᠠ ᠶᠢᠨ ᠪᠠᠶᠢᠳᠠᠯ ᠢ ᠨᠢᠭᠲᠠ | ᠠᠩᠬᠠᠷᠴᠤ᠂ ᠪᠠᠷᠢᠯᠭ᠎ᠠ ᠶᠢᠨ ᠶᠠᠪᠤᠴᠠ ᠳᠤ ᠢᠯᠡᠷᠡᠭᠰᠡᠨ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠮᠠᠨ ᠤ | ᠪᠠᠯᠭᠠᠰᠤᠨ ᠤ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ | ᠡᠯᠡᠰᠦᠷᠬᠡᠭ ᠭᠠᠵᠠᠷ ᠢ ᠵᠠᠰᠠᠬᠤ ᠲᠥᠷᠥᠯ ᠵᠦᠢᠯ ᠢ ᠴᠠᠭ ᠲᠤᠬᠠᠢ ᠳᠤᠨᠢ᠂ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠵᠤ | ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ | ᠪᠠᠬᠢᠵᠢᠭᠦᠯᠬᠦ ᠳᠤ ᠬᠦᠴᠦᠨ ᠴᠢᠳᠠᠯ ᠢᠶᠠᠨ ᠡᠷᠭᠦᠨ᠎ᠡ ᠭᠡᠪᠡ᠃ |