ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠤᠷᠢᠨ ᠬᠤᠶᠠᠳᠤᠭᠠᠷ ᠤᠳᠠᠭᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/5/15
   5 ᠰᠠᠷ᠎ᠠ ᠶᠢᠨ 14 ᠤ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠬᠤᠶᠠᠳᠤᠭᠠᠷ ᠬᠤᠷᠠᠯ ᠬᠤᠷᠠᠯᠳᠤᠭᠤᠯᠪᠠ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠴᠡᠩᠭᠡᠯᠳᠦ ᠬᠤᠷᠠᠯ ᠢ ᠡᠷᠬᠢᠯᠡᠪᠡ᠃ ᠬᠤᠷᠠᠯ ᠳᠤ ᠣᠷᠣᠯᠴᠠᠬᠤ ᠶᠣᠰᠣᠲᠠᠢ ᠪᠠᠶᠢᠩᠭᠤ ᠶᠢᠨ ᠬᠤᠷᠢᠶᠠᠨ ᠤ ᠪᠦᠷᠢᠯᠳᠦᠬᠦᠨ 29 ᠬᠥᠮᠦᠨ᠂ ᠪᠣᠳᠠᠲᠠᠢ ᠣᠷᠣᠯᠴᠠᠭᠰᠠᠨ ᠨᠢ 27 ᠬᠥᠮᠦᠨ ᠪᠠᠶᠢᠵᠤ᠂ ᠬᠠᠤᠯᠢ ᠴᠠᠭᠠᠵᠠ ᠶᠢᠨ ᠲᠣᠭᠲᠠᠭᠠᠯ ᠳᠤ ᠨᠡᠶᠢᠴᠡᠵᠦ ᠪᠠᠶᠢᠨ᠎ᠠ᠃ ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠢᠨᠠᠯᠲᠠ ᠲᠠᠯᠪᠢᠬᠤ ᠬᠠᠤᠯᠢ︾ ᠪᠣᠯᠤᠨ ᠦᠨᠳᠦᠰᠦᠲᠡᠨ ᠤ ᠪᠦᠯᠬᠦᠮᠳᠡᠯ ᠤᠨ ᠮᠡᠳᠡᠯᠭᠡ ᠶᠢ ᠰᠤᠷᠤᠯᠴᠠᠵᠤ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2024 ᠣᠨ ᠤ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢᠨ ᠪᠠᠶᠢᠳᠠᠯ ᠤᠨ ᠲᠤᠬᠠᠢ ᠮᠡᠳᠡᠭᠦᠯᠦᠯᠲᠡ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2023 ᠣᠨ ᠤ ᠡᠳ᠋ ᠤᠨ ᠵᠠᠰᠠᠭ ᠤᠨ ᠲᠥᠰᠦᠪ ᠤᠨ ᠬᠡᠷᠡᠭᠵᠢᠭᠦᠯᠦᠯᠲᠡ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠬᠢᠨᠠᠨ ᠪᠣᠳᠣᠯᠲᠠ ᠪᠠᠷ ᠪᠠᠶᠢᠴᠠᠭᠠᠨ ᠭᠠᠷᠭᠠᠭᠰᠠᠨ ᠳᠣᠪᠤᠶᠢᠮ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠵᠦ᠂ ᠬᠢᠨᠠᠨ ᠪᠣᠳᠣᠯᠲᠠ ᠪᠠᠷ ᠪᠠᠶᠢᠴᠠᠭᠠᠵᠤ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠮᠡᠳᠡᠭᠦᠯᠦᠯᠲᠡ ᠳᠤ ᠬᠠᠨᠤᠮᠵᠢ ᠶᠢᠨ ᠬᠡᠮᠵᠢᠶ᠎ᠡ ᠶᠢᠨ ᠦᠨᠡᠯᠡᠯᠲᠡ ᠬᠢᠪᠡ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠬᠢᠨᠠᠨ ᠪᠠᠶᠢᠴᠠᠭᠠᠬᠤ ᠵᠥᠪᠯᠡᠯ᠂ ᠬᠤᠰᠢᠭᠤᠨ ᠤ ᠠᠷᠠᠳ ᠤᠨ ᠰᠢᠭᠦᠬᠦ ᠬᠤᠷᠢ᠊ ᠡᠶ᠎ᠡ᠂ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢ᠊ ᠡᠶ᠎ᠡ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠠᠤᠯᠢ ᠶᠣᠰᠣᠭᠠᠷ ᠬᠤᠷᠠᠯ ᠳᠤ ᠰᠤᠯᠠ ᠣᠷᠣᠯᠴᠠᠪᠠ᠃ ᠬᠤᠰᠢᠭᠤᠨ ᠳᠤ ᠰᠠᠭᠤᠭ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢ᠂ ᠬᠡᠰᠡᠭ ᠰᠤᠮᠤ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ᠂ ᠬᠡᠰᠡᠭ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠪᠠ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号