ᠤᠯᠤᠰ ᠪᠠ ᠥᠪᠡᠷᠲᠡᠭᠡᠨ ᠵᠠᠰᠠᠬᠤ ᠣᠷᠣᠨ ᠤ ᠳᠡᠭᠡᠳᠦ ᠬᠤᠷᠳᠤ ᠶᠢᠨ ᠵᠠᠰᠠᠮᠠᠯ ᠵᠠᠮ ᠤᠨ ᠲᠣᠣᠷ ᠢ | ᠲᠡᠭᠦᠯᠳᠡᠷᠵᠢᠭᠦᠯᠵᠦ᠂ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ | ᠠᠬᠢᠭᠤᠯᠬᠤ ᠶᠢᠨ ᠲᠥᠯᠥᠭᠡ᠂ ᠣᠶᠢᠷ᠎ᠠ ᠶᠢᠨ ᠡᠳᠦᠷ ᠤᠳ ᠲᠤ᠂ G1015 ᠰᠦᠢᠶᠤᠸᠠᠨ — ᠮᠠᠨᠵᠤᠤᠷ ᠬᠦᠷᠬᠦ | ᠲᠦᠷᠭᠡᠨ ᠤ ᠵᠠᠰᠠᠮᠠᠯ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠬᠦᠷᠲᠡᠯᠡᠬᠢ ᠬᠤᠯᠪᠣᠭ᠎ᠠ ᠠᠪᠬᠤ | ᠱᠤᠭᠤᠮ ᠤᠨ ᠰᠢᠨ ᠹᠠ ︵ᠦᠪᠦᠷ ᠮᠤᠩᠭᠤᠯ ᠬᠢᠷᠢᠨ︶ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ | ᠬᠦᠷᠲᠡᠯᠡᠬᠢ ᠬᠡᠰᠡᠭ ᠤᠨ ᠪᠠᠷᠢᠯᠭ᠎ᠠ ᠶᠢᠨ ᠲᠥᠷᠥᠯ ᠵᠦᠢᠯ ︵ᠰᠢᠨ ᠹᠠ ᠠᠴᠠ ᠬᠤᠷᠴᠢᠨ ᠪᠠᠷᠠᠭᠤᠨ ᠭᠠᠷᠤᠨ ᠳᠤᠮᠳᠠᠳᠤ | ᠬᠤᠰᠢᠭᠤ ᠬᠦᠷᠬᠦ ᠲᠦᠷᠭᠡᠨ ᠤ ᠵᠠᠰᠠᠮᠠᠯ ᠵᠠᠮ ᠤᠨ ᠢᠨᠵᠧᠨᠧᠷᠢᠩ ᠤᠨ ᠲᠥᠷᠥᠯ ᠵᠦᠢᠯ︶ ᠤᠨ ᠪᠠᠷᠢᠯᠭ᠎ᠠ ᠶᠢᠨ | ᠲᠠᠯ᠎ᠠ ᠶᠢᠨ ᠬᠢᠨ ᠪᠠᠷᠢᠯᠭ᠎ᠠ ᠶᠢᠨ ᠬᠤᠭᠤᠴᠠᠭ᠎ᠠ ᠶᠢ ᠠᠮᠵᠢᠨ᠂ ᠠᠬᠢᠴᠠ ᠶᠢ ᠠᠳᠬᠤᠵᠤ᠂ ᠡᠨᠡ ᠵᠢᠯ ᠤᠨ 6 ᠳ᠋ᠤᠭᠠᠷ | ᠰᠠᠷ᠎ᠠ ᠶᠢᠨ 30 ᠤ ᠡᠳᠦᠷ ᠠᠵᠢᠯ ᠲᠤᠰᠢᠶᠠᠵᠤ ᠰᠢᠯᠭᠠᠨ ᠠᠪᠬᠤ ᠨᠥᠬᠦᠴᠡᠯ ᠢ ᠪᠦᠷᠢᠳᠦᠭᠦᠯᠬᠦ ᠳᠤ ᠡᠴᠦᠰ ᠤᠨ | ᠰᠢᠪᠲᠤᠯᠤᠯᠲᠠ ᠬᠢᠪᠡ᠃ | ᠳᠤᠮᠳᠠᠳᠤ ᠤᠯᠤᠰ ᠤᠨ ᠵᠠᠮ ᠬᠠᠷᠢᠯᠴᠠᠭᠠᠨ ᠤ ᠬᠤᠶᠠᠳᠤᠭᠠᠷ ᠵᠠᠰᠠᠮᠠᠯ ᠵᠠᠮ ᠤᠨ ᠬᠤᠶᠠᠳᠤᠭᠠᠷ ᠵᠠᠰᠠᠮᠠᠯ ᠵᠠᠮ ᠤᠨ | ᠰᠢᠨ ᠹᠠ ᠠᠴᠠ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠬᠦᠷᠬᠦ ᠬᠡᠰᠡᠭ ᠤᠨ ᠪᠠᠷᠢᠯᠭ᠎ᠠ ᠶᠢᠨ 2 | ᠪᠠᠷᠢᠮᠵᠢᠶ᠎ᠠ ᠶᠢᠨ ᠲᠥᠷᠥᠯ ᠵᠦᠢᠯ ᠤᠨ ᠶᠡᠷᠦᠩᠬᠡᠢ ᠢᠨᠵᠧᠨᠧᠷ ᠰᠦᠨ ᠬᠤᠩ ᠪᠦᠸᠧ᠄ ︽ᠳᠤᠮᠳᠠᠳᠤ ᠤᠯᠤᠰ ᠤᠨ ᠵᠠᠮ | ᠬᠠᠷᠢᠯᠴᠠᠭᠠᠨ ᠤ ᠬᠤᠶᠠᠳᠤᠭᠠᠷ ᠵᠠᠰᠠᠮᠠᠯ ᠵᠠᠮ ᠤᠨ ᠲᠣᠪᠴᠢᠶ᠎ᠠ ᠶᠢᠨ G1015 ᠰᠢᠨ᠎ᠡ ᠰᠠᠯᠠᠭᠠᠨ ᠤ ᠲᠥᠷᠥᠯ | ᠵᠦᠢᠯ ᠤᠨ 2 ᠪᠠᠷᠢᠮᠵᠢᠶᠠᠲᠤ ᠪᠠᠷᠢᠯᠭ᠎ᠠ ᠶᠢᠨ ᠠᠵᠢᠯ ᠢ ᠬᠠᠷᠢᠭᠤᠴᠠᠵᠤ᠂ ᠭᠤᠣᠯ ᠪᠣᠯᠬᠤ ᠪᠠᠷᠢᠯᠭ᠎ᠠ ᠶᠢᠨ ᠠᠭᠤᠯᠭ᠎ᠠ ᠳᠤ | ᠵᠠᠮ ᠤᠨ ᠰᠠᠭᠤᠷᠢ᠂ ᠵᠠᠮ ᠤᠨ ᠭᠠᠳᠠᠷᠭᠤ᠂ ᠬᠥᠭᠦᠷᠭᠡ ᠶᠢᠨ ᠭᠤᠯᠳᠤᠩ᠂ ᠭᠡᠷ ᠤᠨ ᠪᠠᠷᠢᠯᠭ᠎ᠠ᠂ ᠨᠣᠭᠤᠭᠠᠷᠠᠭᠤᠯᠤᠯᠲᠠ | ᠵᠡᠷᠭᠡ ᠢᠨᠵᠧᠨᠧᠷᠢᠩ ᠪᠠᠭᠲᠠᠨ᠎ᠠ᠃ | ᠣᠳᠣᠬᠠᠨ ᠳᠤ᠂ ᠲᠥᠷᠥᠯ ᠵᠦᠢᠯ ᠤᠨ ᠪᠠᠷᠢᠯᠭ᠎ᠠ ᠶᠢ ᠨᠢᠭᠡᠨᠲᠡ 80% ᠠᠴᠠ ᠳᠡᠭᠡᠭᠰᠢ ᠪᠡᠶᠡᠯᠡᠭᠦᠯᠵᠦ᠂ 5 | ᠳ᠋ᠤᠭᠠᠷ ᠰᠠᠷ᠎ᠠ ᠶᠢᠨ ᠰᠡᠭᠦᠯᠴᠢ ᠪᠠᠷ ᠭᠤᠣᠯ ᠱᠤᠭᠤᠮ ᠵᠢᠴᠢ ᠬᠠᠷᠢᠯᠴᠠᠨ ᠨᠡᠪᠲᠡᠷᠡᠯᠴᠡᠬᠦ ᠵᠠᠮ ᠤᠨ ᠭᠠᠳᠠᠷᠭᠤ ᠶᠢ | ᠳᠡᠯᠭᠡᠨ ᠳᠡᠪᠢᠰᠬᠦ ᠠᠵᠢᠯ ᠢ ᠪᠡᠶᠡᠯᠡᠭᠦᠯᠵᠦ᠂ ᠪᠦᠬᠦ ᠱᠤᠭᠤᠮ ᠢᠶᠠᠷ ᠨᠡᠪᠲᠡᠷᠡᠭᠦᠯᠬᠦ ᠶᠢ ᠪᠡᠶᠡᠯᠡᠭᠦᠯᠵᠦ᠂ 6 ᠳ᠋ᠤᠭᠠᠷ | ᠰᠠᠷ᠎ᠠ ᠶᠢᠨ ᠳᠤᠮᠳᠠᠴᠢ ᠪᠠᠷ ᠬᠥᠭᠦᠷᠭᠡ᠂ ᠵᠠᠮ ᠤᠨ ᠰᠠᠭᠤᠷᠢ ᠵᠡᠷᠭᠡ ᠳᠠᠭᠠᠯᠲᠠ ᠪᠠᠷᠢᠯᠭ᠎ᠠ ᠶᠢᠨ ᠠᠵᠢᠯ ᠢ ᠪᠡᠶᠡᠯᠡᠭᠦᠯᠵᠦ᠂ | 6 ᠳ᠋ᠤᠭᠠᠷ ᠰᠠᠷ᠎ᠠ ᠶᠢᠨ ᠰᠡᠭᠦᠯᠴᠢ ᠪᠠᠷ ᠦᠢᠯᠡᠴᠢᠯᠡᠭᠡᠨ ᠤ ᠲᠣᠭᠤᠷᠢᠭ ᠤᠨ ᠭᠡᠷ ᠪᠠᠶᠢᠰᠢᠩ ᠪᠠᠷᠢᠬᠤ ᠪᠠᠷᠢᠯᠭ᠎ᠠ᠂ | ᠳᠣᠲᠣᠷ ᠭᠠᠳᠠᠨᠠᠬᠢ ᠵᠠᠰᠠᠯ ᠴᠢᠮᠡᠭᠯᠡᠯ ᠵᠢᠴᠢ ᠦᠢᠯᠡᠳᠪᠦᠷᠢ ᠶᠢᠨ ᠲᠣᠭᠤᠷᠢᠭ ᠤᠨ ᠪᠠᠷᠢᠯᠭ᠎ᠠ ᠶᠢ ᠳᠠᠭᠤᠰᠬᠠᠬᠤ ᠪᠠᠷ | ᠲᠥᠯᠥᠪᠯᠡᠵᠦ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠪᠢᠳᠡ ᠪᠠᠷᠢᠯᠭ᠎ᠠ ᠶᠢᠨ ᠵᠣᠬᠢᠶᠠᠨ ᠪᠠᠶᠢᠭᠤᠯᠤᠯᠲᠠ ᠶᠢ | ᠦᠷᠭᠦᠯᠵᠢᠯᠡᠨ ᠰᠢᠯᠢᠳᠡᠭᠵᠢᠭᠦᠯᠵᠦ᠂ ᠪᠠᠷᠢᠯᠭ᠎ᠠ ᠶᠢᠨ ᠠᠵᠢᠯ ᠤᠨ ᠳᠡᠰ ᠳᠠᠷᠠᠭᠠᠯᠠᠯ ᠢ ᠨᠠᠷᠢᠯᠢᠬᠵᠢᠭᠤᠯᠵᠤ᠂ ᠠᠬᠢᠴᠠ ᠶᠢ | ᠠᠮᠵᠢᠵᠤ᠂ ᠠᠮᠤᠷ ᠲᠦᠪᠰᠢᠨ ᠢ ᠪᠠᠲᠤᠯᠠᠵᠤ᠂ ᠶᠠᠰᠤ ᠴᠢᠨᠠᠷ ᠢ ᠠᠳᠬᠤᠵᠤ᠂ ᠲᠣᠭᠲᠠᠭᠰᠠᠨ ᠬᠤᠭᠤᠴᠠᠭᠠᠨ ᠳᠤ | ᠠᠵᠢᠯ ᠢᠶᠠᠨ ᠲᠤᠰᠢᠶᠠᠬᠤ ᠶᠢ ᠪᠠᠲᠤᠯᠠᠨ᠎ᠠ︾ ᠭᠡᠵᠦ ᠪᠠᠷᠢᠯᠭ᠎ᠠ ᠶᠢᠨ ᠠᠵᠢᠯᠲᠠᠳ ᠬᠡᠯᠡᠪᠡ᠃ |