5 ᠰᠠᠷ᠎ᠠ ᠶᠢᠨ 13 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠪᠦᠦ | ᠬᠦᠭᠵᠢᠯᠲᠦ ᠨᠡᠷ ᠭᠤᠣᠯ ᠤᠨ ᠪᠠᠶᠢᠰᠢᠩ ᠪᠠᠯᠭᠠᠰᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ | ᠪᠠᠯᠭᠠᠰᠤᠨ ᠤ ᠨᠠᠮ ᠤᠨ ᠬᠤᠷᠢᠶᠠᠨ ᠤ ᠱᠦᠵᠢ ᠤᠶᠤᠨᠪᠢᠯᠢᠭ᠌᠂ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ | ᠪᠠᠯᠭᠠᠰᠤᠨ ᠤ ᠳᠠᠷᠤᠭ᠎ᠠ ᠰᠤᠷᠭᠠᠯᠲᠤ ᠵᠢᠴᠢ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠷ᠎ᠠ ᠪᠣᠯᠪᠠ᠃ | ᠪᠦᠦ ᠬᠤᠰᠢᠭᠤᠨ ᠳᠠᠷᠤᠭ᠎ᠠ ᠨᠠᠷ ᠭᠤᠣᠯ ᠤᠨ ᠪᠠᠶᠢᠰᠢᠩ ᠪᠠᠯᠭᠠᠰᠤᠨ ᠤ ᠰᠠᠮᠠᠭ᠎ᠠ ᠭᠠᠴᠠᠭᠠᠨ ᠤ ᠡᠯᠡᠰᠦ ᠶᠢ | ᠵᠠᠰᠠᠬᠤ ᠲᠥᠷᠥᠯ ᠵᠦᠢᠯ ᠤᠨ ᠲᠣᠭᠤᠷᠢᠭ ᠲᠤ ᠭᠦᠨᠵᠡᠭᠡᠶᠢᠷᠡᠵᠦ᠂ ᠲᠤᠬᠠᠢ ᠶᠢᠨ ᠭᠠᠵᠠᠷ ᠲᠤᠨᠢ ᠰᠤᠷᠪᠤᠯᠵᠢᠯᠠᠬᠤ᠂ | ᠶᠠᠷᠢᠯᠴᠠᠨ ᠰᠣᠯᠢᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠭᠠᠴᠠᠭᠠᠨ ᠤ ᠡᠯᠡᠰᠦ ᠶᠢ ᠵᠠᠰᠠᠬᠤ ᠲᠥᠷᠥᠯ | ᠵᠦᠢᠯ ᠤᠨ ᠣᠷᠣᠨ ᠤ ᠣᠳᠣᠬᠢ ᠪᠠᠶᠢᠳᠠᠯ᠂ ᠵᠠᠰᠠᠯᠲᠠ ᠶᠢᠨ ᠠᠷᠭ᠎ᠠ ᠬᠡᠮᠵᠢᠶ᠎ᠡ᠂ ᠵᠠᠰᠠᠯᠲᠠ ᠶᠢᠨ ᠠᠬᠢᠴᠠ᠂ ᠴᠢᠬᠢ | ᠮᠣᠳᠣ ᠲᠠᠷᠢᠬᠤ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠳᠠᠷᠠᠭᠠᠴᠢ ᠶᠢᠨ ᠠᠯᠬᠤᠮ ᠤᠨ ᠠᠵᠢᠯ ᠳᠤ | ᠪᠦᠲᠦᠭᠡᠯᠴᠢ ᠴᠢᠨᠠᠷᠲᠠᠢ ᠰᠠᠨᠠᠯ ᠳᠤᠷᠠᠳᠪᠠ᠃ | ᠪᠦᠦ ᠬᠦᠭᠵᠢᠯᠲᠦ ᠴᠢᠬᠤᠯᠠᠴᠢᠯᠠᠭᠰᠠᠨ ᠨᠢ᠂ ᠨᠢᠭᠡ ᠳᠤ ᠠᠵᠢᠯ ᠤᠨ ᠬᠠᠷᠢᠭᠤᠴᠠᠯᠭ᠎ᠠ ᠪᠠᠨ ᠴᠢᠩᠭ᠎ᠠ | ᠪᠣᠳᠠᠲᠠᠶᠢᠵᠢᠭᠤᠯᠵᠤ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠡᠯᠡᠰᠦᠷᠬᠡᠭᠵᠢᠯ ᠢ | ᠰᠡᠷᠭᠡᠶᠢᠯᠡᠨ ᠡᠯᠡᠰᠦ ᠶᠢ ᠵᠠᠰᠠᠬᠤ ᠠᠵᠢᠯ ᠢ ᠰᠠᠶᠢᠲᠤᠷ ᠠᠳᠬᠤᠵᠤ ᠪᠣᠳᠠᠲᠠᠢ ᠠᠳᠬᠤᠨ ᠨᠠᠷᠢᠯᠢᠭ ᠠᠳᠬᠤᠵᠤ᠂ | ᠲᠥᠷᠥᠯ ᠵᠦᠢᠯ ᠢ ᠨᠠᠷᠢᠨ ᠨᠢᠮᠪᠠᠢ ᠲᠥᠯᠥᠪᠵᠢᠭᠦᠯᠵᠦ᠂ ᠲᠥᠷᠥᠯ ᠵᠦᠢᠯ ᠤᠨ ᠤᠷᠤᠭᠰᠢᠲᠠᠢ ᠬᠡᠷᠡᠭᠵᠢᠭᠦᠯᠦᠭᠳᠡᠬᠦ᠂ | ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠬᠡᠵᠡᠢ᠃ |