ᠪᠠᠶᠠᠨᠬᠤᠰᠢᠭᠤ ᠪᠠᠯᠭᠠᠰᠤ᠄ ᠲᠣᠭᠲᠠᠴᠠ ᠶᠢᠨ ᠰᠢᠨ᠎ᠡ ᠶᠢ ᠡᠭᠦᠳᠴᠦ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠢᠩᠭ᠎ᠠ ᠵᠠᠰᠠᠵᠤ ᠰᠢᠨ᠎ᠡ ᠳᠦᠷᠰᠦ ᠪᠠᠶᠢᠳᠠᠯ ᠢ ᠪᠣᠢ ᠪᠣᠯᠭᠠᠪᠠ
ᠨᠡᠶᠢᠲᠡᠯᠡᠭᠰᠡᠨ ᠴᠠᠭ᠄
2025/5/16
   ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠣᠯᠠᠨ ᠲᠦᠮᠡᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠶᠢᠨ ᠲᠥᠯᠥᠭᠡ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠠᠶᠠᠨᠬᠤᠰᠢᠭᠤ ᠪᠠᠯᠭᠠᠰᠤ ᠣᠷᠴᠢᠨ ᠲᠣᠭᠤᠷᠢᠨ ᠤ ᠵᠠᠰᠠᠯᠲᠠ ᠶᠢᠨ ᠰᠢᠨ᠎ᠡ ᠵᠠᠭᠪᠤᠷ ᠢ ᠢᠳᠡᠪᠬᠢᠲᠡᠢ ᠰᠦᠪᠡᠭᠴᠢᠯᠡᠵᠦ᠂ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ᠂ ᠳᠦᠷᠢᠮ ᠤᠨ ᠰᠢᠨ᠎ᠡ ᠶᠢ ᠡᠭᠦᠳᠬᠦ᠂ ᠪᠦᠬᠦ ᠠᠷᠠᠳ ᠢᠶᠠᠷ ᠢᠶᠠᠨ ᠣᠷᠣᠯᠴᠠᠬᠤ ᠪᠠᠷ ᠳᠠᠮᠵᠢᠭᠤᠯᠤᠨ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠲᠦᠯᠬᠢᠨ ᠠᠬᠢᠭᠤᠯᠪᠠ᠃ ᠨᠠᠮ ᠤᠨ ᠭᠡᠰᠢᠭᠦᠨ ᠲᠦᠷᠦᠭᠦᠯᠡᠨ ᠭᠠᠴᠠᠭᠠᠨ ᠤ ᠠᠷᠢᠭᠤᠨ ᠴᠡᠪᠡᠷ ᠢ ᠴᠡᠪᠡᠷᠯᠡᠪᠡ᠃ ᠪᠠᠶᠠᠨᠬᠤᠰᠢᠭᠤ ᠪᠠᠯᠭᠠᠰᠤᠨ ᠤ ᠤᠰᠤᠨ ᠭᠠᠴᠠᠭ᠎ᠠ ᠳᠤ᠂ ᠨᠠᠮ ᠤᠨ ᠪᠠᠶᠢᠭᠤᠯᠤᠯᠲᠠ ᠶᠢ ᠬᠥᠲᠥᠯᠥᠨ ᠳᠠᠭᠠᠭᠤᠯᠵᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠭᠤᠣᠯ ᠬᠦᠴᠦᠨ ᠪᠣᠯᠭᠠᠪᠠ᠃ ᠨᠠᠮ ᠤᠨ ᠭᠡᠰᠢᠭᠦᠨ ᠲᠦᠷᠦᠭᠦᠯᠡᠨ ᠵᠡᠭᠡᠯᠢ ᠭᠤᠳᠤᠮᠵᠢ ᠶᠢ ᠴᠡᠪᠡᠷᠯᠡᠵᠦ᠂ 18 ︽ᠨᠠᠮ ᠤᠨ ᠭᠡᠰᠢᠭᠦᠨ ᠭᠤᠳᠤᠮᠵᠢ︾ ᠬᠤᠪᠢᠶᠠᠵᠤ᠂ ᠭᠤᠳᠤᠮᠵᠢ ᠪᠣᠯᠭᠠᠨ ᠳᠤ ᠴᠥᠮ ᠲᠤᠰᠬᠠᠢ ᠬᠥᠮᠦᠨ ᠢᠶᠠᠷ ᠣᠷᠣᠨ ᠪᠦᠰᠡ ᠶᠢᠨ ᠳᠣᠲᠣᠷᠠᠬᠢ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠨᠣᠭᠤᠭᠠᠷᠠᠭᠤᠯᠵᠤ ᠭᠤᠶᠤᠵᠢᠭᠤᠯᠬᠤ ᠪᠠ ᠣᠯᠠᠨ ᠨᠡᠶᠢᠲᠡ ᠶᠢᠨ ᠲᠥᠬᠦᠭᠡᠷᠦᠮᠵᠢ ᠶᠢ ᠬᠠᠮᠠᠭᠠᠯᠠᠬᠤ ᠶᠢ ᠬᠠᠷᠢᠭᠤᠴᠠᠭᠤᠯᠪᠠ᠃ ᠡᠭᠦᠨ ᠤ ᠬᠠᠮᠲᠤ ᠭᠠᠴᠠᠭ᠎ᠠ ᠨᠢ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠤᠷᠠᠮᠳᠤᠯᠭ᠎ᠠ ᠶᠢᠨ ᠳᠦᠷᠢᠮ ᠢ ᠰᠢᠨ᠎ᠡ ᠪᠠᠷ ᠡᠭᠦᠳᠴᠦ᠂ ᠡᠲᠡᠭᠡᠷ ᠬᠤᠪᠢ ᠬᠤᠷᠠᠮᠳᠤᠭᠤᠯᠤᠯ ᠨᠢ ᠠᠮᠢᠳᠤᠷᠠᠯ ᠤᠨ ᠬᠡᠷᠡᠭᠰᠡᠯ ᠢ ᠰᠣᠯᠢᠵᠤ ᠪᠣᠯᠤᠨ᠎ᠠ᠂ ᠡᠨᠡ ᠨᠢ ᠲᠣᠰᠬᠤᠨ ᠤ ᠠᠷᠠᠳ ᠤᠨ ᠢᠳᠡᠪᠬᠢᠵᠢᠯ ᠢ ᠲᠦᠢᠯ ᠤᠨ ᠶᠡᠭᠡ ᠪᠠᠷ ᠳᠠᠶᠢᠴᠢᠯᠠᠭᠰᠠᠨ ᠪᠠᠶᠢᠨ᠎ᠠ᠃ ᠡᠭᠦᠨ ᠢᠶᠠᠷ ᠪᠠᠷᠠᠬᠤ ᠦᠭᠡᠢ᠂ ᠭᠠᠴᠠᠭ᠎ᠠ ᠪᠠᠰᠠ ᠬᠤᠭ ᠨᠣᠪᠰᠢ ᠶᠢ ᠲᠥᠪᠯᠡᠷᠡᠭᠦᠯᠦᠨ ᠰᠢᠢᠳᠪᠦᠷᠢᠯᠡᠬᠦ ᠴᠡᠭ ᠭᠠᠷᠭᠠᠵᠤ᠂ ᠮᠠᠰᠢᠨ ᠮᠧᠬᠠᠨᠢᠭ ᠢᠶᠠᠷ ᠬᠠᠮᠵᠢᠯᠴᠠᠨ ᠠᠵᠢᠯᠯᠠᠵᠤ᠂ ᠡᠯ᠎ᠡ ᠲᠥᠷᠥᠯ ᠤᠨ ᠬᠤᠭ ᠨᠣᠪᠰᠢ ᠶᠢ ᠥᠨᠳᠥᠷ ᠪᠦᠲᠦᠮᠵᠢᠲᠡᠢ ᠪᠠᠷ ᠴᠡᠪᠡᠷᠯᠡᠵᠦ᠂ ᠣᠷᠴᠢᠨ ᠲᠣᠭᠤᠷᠢᠨ ᠤ ᠴᠡᠪᠡᠷ ᠲᠡᠭᠰᠢ ᠡᠮᠬᠢ ᠵᠢᠷᠤᠮ ᠲᠠᠢ ᠪᠠᠶᠢᠬᠤ ᠶᠢ ᠦᠨᠡᠨ ᠬᠦ ᠪᠠᠲᠤᠯᠠᠪᠠ᠃ ︽ᠨᠠᠮ ᠤᠨ ᠭᠡᠰᠢᠭᠦᠨ ᠪᠣᠯᠤᠭᠰᠠᠨ ᠤ ᠬᠤᠪᠢ ᠳᠤ᠂ ᠪᠢᠳᠡ ︿ᠨᠠᠮ ᠤᠨ ᠭᠡᠰᠢᠭᠦᠨ ᠭᠤᠳᠤᠮᠵᠢ﹀ ᠶᠢᠨ ᠬᠠᠷᠢᠭᠤᠴᠠᠯᠭ᠎ᠠ ᠶᠢᠨ ᠳᠦᠷᠢᠮ ᠢ ᠢᠳᠡᠪᠬᠢᠲᠡᠢ ᠨᠠᠶᠢᠳᠠᠪᠤᠷᠢᠵᠢᠭᠤᠯᠵᠤ᠂ ᠰᠠᠷ᠎ᠠ ᠪᠦᠷᠢ ᠲᠥᠪᠯᠡᠷᠡᠭᠦᠯᠦᠨ ᠴᠡᠪᠡᠷᠯᠡᠬᠦ ᠡᠳᠦᠷ ᠤᠨ ᠠᠵᠢᠯᠯᠠᠭ᠎ᠠ ᠳᠤ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠬᠤᠭ ᠨᠣᠪᠰᠢ ᠶᠢ ᠲᠥᠷᠥᠯ ᠬᠤᠪᠢᠶᠠᠬᠤ ᠮᠡᠳᠡᠯᠭᠡ ᠪᠠ ᠬᠤᠭ ᠨᠣᠪᠰᠢ ᠶᠢᠨ ᠴᠡᠭ ᠤᠨ ᠬᠠᠮᠢᠶᠠᠷᠤᠯᠲᠠ ᠶᠢᠨ ᠰᠠᠬᠢᠬᠤ ᠳᠦᠷᠢᠮ ᠢ ᠬᠠᠮᠵᠢᠨ ᠤᠬᠠᠭᠤᠯᠵᠤ᠂ ᠡᠷᠭᠢᠨ ᠲᠣᠭᠤᠷᠢᠨ ᠤ ᠣᠯᠠᠨ ᠲᠦᠮᠡᠨ ᠢ ᠳᠠᠶᠢᠴᠢᠯᠠᠨ ᠭᠠᠴᠠᠭᠠᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠳᠤ ᠬᠠᠮᠲᠤ ᠪᠠᠷ ᠣᠷᠣᠯᠴᠠᠭᠤᠯᠪᠠ︾ ᠭᠡᠵᠦ ᠪᠠᠶᠠᠨᠬᠤᠰᠢᠭᠤ ᠪᠠᠯᠬᠠᠰᠤᠨ ᠤ ᠤᠰᠤᠨ ᠭᠠᠴᠠᠬᠠᠨ ᠤ ᠡᠮᠡᠭᠲᠡᠶᠢᠴᠦᠳ ᠤᠨ ᠬᠤᠯᠪᠤᠬᠠᠨ ᠤ ᠲᠡᠷᠢᠭᠦᠯᠡᠭᠴᠢ ᠱᠤᠸᠠᠩ ᠶᠢᠩ ᠬᠡᠯᠡᠪᠡ᠃    ᠰᠢᠷᠭ᠎ᠠ ᠭᠠᠴᠠᠭ᠎ᠠ ᠳᠤ᠂ ︽ᠡᠭᠦᠳᠡᠨ ᠡᠮᠦᠨᠡᠬᠢ ᠳᠥᠷᠪᠡ ᠶᠢ ᠳᠠᠭᠠᠭᠠᠴᠢᠯᠠᠬᠤ︾ ᠬᠠᠷᠢᠭᠤᠴᠠᠯᠭ᠎ᠠ ᠶᠢᠨ ᠳᠦᠷᠢᠮ ᠢ ᠯᠠᠪᠳᠠᠭᠤᠨ ᠢᠶᠠᠷ ᠨᠠᠶᠢᠳᠠᠪᠤᠷᠢᠵᠢᠭᠤᠯᠵᠤ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠬᠤ ᠬᠦᠴᠦᠲᠡᠢ ᠭᠠᠷᠳᠠᠴᠠ ᠪᠣᠯᠭᠠᠵᠤ᠂ ᠲᠣᠰᠬᠤᠨ ᠤ ᠠᠷᠠᠳ ᠰᠠᠨᠠᠭᠠᠴᠢᠯᠠᠭ᠎ᠠ ᠠᠴᠠ ᠪᠠᠨ ᠥᠪᠡᠷ ᠤᠨ ᠭᠡᠷ ᠤᠨ ᠡᠭᠦᠳᠡᠨ ᠡᠮᠦᠨ᠎ᠡ ᠵᠢᠴᠢ ᠡᠷᠭᠢᠨ ᠲᠣᠭᠤᠷᠢᠨ ᠤ ᠣᠷᠣᠨ ᠪᠦᠰᠡ ᠪᠠᠨ ᠴᠡᠪᠡᠷᠯᠡᠵᠦ᠂ ᠬᠦᠷᠢᠶᠡᠨ ᠤ ᠳᠦᠷᠰᠦ ᠪᠠᠶᠢᠳᠠᠯ ᠴᠣ᠋ ᠰᠢᠨ᠎ᠡ ᠪᠣᠯᠪᠠ᠃ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢᠶᠠᠨ ᠪᠠᠬᠢᠵᠢᠭᠦᠯᠬᠦ ᠶᠢᠨ ᠲᠥᠯᠥᠭᠡ᠂ ᠭᠠᠴᠠᠭᠠᠨ ᠤ ᠠᠵᠢᠯᠲᠠᠳ ᠲᠣᠭᠲᠠᠮᠠᠯ ᠬᠤᠭᠤᠴᠠᠭ᠎ᠠ ᠲᠠᠢ ᠪᠠᠷ ᠡᠷᠦᠬᠡ ᠳᠤ ᠣᠷᠣᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠳᠥᠭᠦᠮ ᠣᠶᠢᠯᠠᠭᠠᠮᠵᠢᠲᠠᠢ ᠦᠭᠡ ᠬᠡᠯᠡ ᠪᠠᠷ ᠬᠤᠭ ᠨᠣᠪᠰᠢ ᠶᠢ ᠲᠥᠷᠥᠯ ᠬᠤᠪᠢᠶᠠᠬᠤ ᠮᠡᠳᠡᠯᠭᠡ ᠪᠠ ᠬᠤᠭ ᠨᠣᠪᠰᠢ ᠶᠢᠨ ᠴᠡᠭ ᠤᠨ ᠬᠠᠮᠢᠶᠠᠷᠤᠯᠲᠠ ᠶᠢᠨ ᠳᠦᠷᠢᠮ ᠢ ᠲᠠᠶᠢᠯᠪᠤᠷᠢᠯᠠᠪᠠ᠃ ᠲᠣᠰᠬᠤᠨ ᠤ ᠠᠷᠠᠳ ᠤᠨ ᠳᠤᠷᠠᠳᠤᠭᠰᠠᠨ ᠮᠠᠳᠠᠭ ᠲᠠᠢ ᠠᠰᠠᠭᠤᠳᠠᠯ ᠳᠤ ᠴᠢᠭᠯᠡᠭᠦᠯᠦᠨ᠂ ᠠᠵᠢᠯᠲᠠᠳ ᠬᠦᠯᠢᠴᠡᠩᠭᠦᠢ ᠪᠠᠷ ᠬᠠᠷᠢᠭᠤᠯᠲᠠ ᠥᠭᠴᠦ᠂ ᠣᠯᠠᠨ ᠢᠶᠠᠷ ᠢᠶᠠᠨ ᠰᠣᠨᠣᠰᠴᠤ ᠣᠶᠢᠯᠠᠭᠠᠬᠤ᠂ ᠰᠤᠷᠴᠤ ᠴᠢᠳᠠᠬᠤ᠂ ᠬᠢᠵᠦ ᠳᠡᠶᠢᠯᠬᠦ ᠶᠢ ᠦᠨᠡᠨᠬᠦ ᠪᠠᠲᠤᠯᠠᠵᠤ᠂ ᠲᠣᠰᠬᠤᠨ ᠤ ᠠᠷᠠᠳ ᠢ ᠬᠥᠲᠥᠯᠥᠨ ᠵᠢᠯᠣᠭᠤᠳᠴᠤ ᠪᠠᠶᠢᠭᠠᠳ ᠡᠷᠡᠭᠦᠯ ᠬᠠᠮᠠᠭᠠᠯᠠᠯ ᠤᠨ ᠰᠠᠶᠢᠨ ᠰᠠᠶᠢᠬᠠᠨ ᠳᠠᠳᠬᠠᠯ ᠲᠠᠢ ᠪᠣᠯᠭᠠᠵᠤ᠂ ᠦᠵᠡᠰᠬᠦᠯᠡᠩᠲᠦ ᠰᠠᠶᠢᠬᠠᠨ ᠭᠡᠷ ᠣᠷᠣᠨ ᠢᠶᠠᠨ ᠬᠠᠮᠲᠤ ᠪᠠᠷ ᠬᠠᠮᠠᠭᠠᠯᠠᠬᠤ ᠬᠡᠷᠡᠭᠲᠡᠢ ᠭᠡᠵᠡᠢ ᠃ ︽︿ᠡᠭᠦᠳᠡᠨ ᠡᠮᠦᠨᠡᠬᠢ ᠳᠥᠷᠪᠡ ᠶᠢ ᠳᠠᠭᠠᠭᠠᠴᠢᠯᠠᠬᠤ﹀ ᠳᠦᠷᠢᠮ ᠢ ᠬᠡᠷᠡᠭᠵᠢᠭᠦᠯᠦᠭᠰᠡᠨ ᠤ ᠳᠠᠷᠠᠭ᠎ᠠ᠂ ᠪᠦᠬᠦ ᠭᠠᠴᠠᠭ᠎ᠠ ᠨᠢ ᠡᠷᠡᠭᠦᠯ ᠬᠠᠮᠠᠭᠠᠯᠠᠯ ᠤᠨ ᠲᠠᠯ᠎ᠠ ᠪᠠᠷ᠂ ᠣᠷᠴᠢᠨ ᠲᠣᠭᠤᠷᠢᠨ ᠤ ᠲᠠᠯ᠎ᠠ ᠪᠠᠷ ᠴᠥᠮ ᠶᠡᠭᠡ ᠪᠠᠷ ᠰᠠᠶᠢᠵᠢᠷᠠᠪᠠ᠃ ᠬᠠᠷᠢᠴᠠᠩᠭᠤᠢ ᠪᠠᠷ ᠥᠩᠭᠡᠷᠡᠭᠰᠡᠨ ᠳᠤ ᠠᠪᠴᠤ ᠬᠡᠯᠡᠪᠡᠯ᠂ ᠣᠳᠣᠬᠠᠨ ᠳᠤ ᠲᠣᠰᠬᠤᠨ ᠤ ᠠᠷᠠᠳ ᠨᠢᠭᠡᠪᠦᠷᠢ ᠴᠥᠮ ᠲᠠᠨᠢᠯᠲᠠ ᠪᠠᠨ ᠤᠬᠠᠮᠰᠠᠷ ᠠᠴᠠ ᠪᠠᠨ ᠳᠡᠭᠡᠭᠰᠢᠯᠡᠭᠦᠯᠵᠦ᠂ ᠭᠠᠴᠠᠭᠠᠨ ᠤ ᠣᠷᠴᠢᠨ ᠲᠣᠭᠤᠷᠢᠨ ᠳᠤ ᠠᠪᠴᠤ ᠬᠡᠯᠡᠪᠡᠯ ᠤᠯᠠᠮ ᠠᠴᠠ ᠤᠯᠠᠮ ᠰᠠᠶᠢᠵᠢᠷᠠᠵᠤ ᠪᠠᠶᠢᠨ᠎ᠠ︾  ᠬᠡᠵᠤ ᠪᠠᠶᠠᠨᠬᠤᠰᠢᠭᠤ ᠪᠠᠯᠭᠠᠰᠤᠨ ᠤ ᠰᠢᠷᠭ᠎ᠠ ᠭᠠᠴᠠᠭᠠᠨ ᠤ ᠠᠷᠠᠳ ᠵᠤᠤ ᠴᠠᠩ ᠯᠢᠨ ᠬᠡᠯᠡᠪᠡ᠃    ︽ᠨᠠᠮ ᠤᠨ ᠭᠡᠰᠢᠭᠦᠨ ᠭᠤᠳᠤᠮᠵᠢ ᠶᠢᠨ ᠬᠤᠰᠢᠭᠤᠴᠢ ᠬᠥᠲᠥᠯᠥᠨ ᠳᠠᠭᠠᠭᠤᠯᠵᠤ᠂ ︽ᠡᠭᠦᠳᠡᠨ ᠡᠮᠦᠨᠡᠬᠢ ᠳᠥᠷᠪᠡ ᠶᠢ ᠳᠠᠭᠠᠭᠠᠴᠢᠯᠠᠬᠤ︾ ᠪᠦᠬᠦ ᠠᠷᠠᠳ ᠢᠶᠠᠷ ᠢᠶᠠᠨ ᠦᠢᠯᠡᠳᠦᠯᠭᠡᠵᠢᠭᠦᠯᠬᠦ ᠬᠦᠷᠲᠡᠯ᠎ᠡ᠂ ᠪᠠᠶᠠᠨᠬᠤᠰᠢᠭᠤ ᠪᠠᠯᠭᠠᠰᠤ ᠣᠯᠠᠨ ᠡᠰᠢᠲᠦ ᠠᠷᠭ᠎ᠠ ᠬᠡᠮᠵᠢᠶ᠎ᠡ ᠪᠠᠷ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠤᠨ ᠠᠮᠵᠢᠯᠲᠠ ᠪᠦᠲᠦᠮᠵᠢ ᠣᠯᠬᠤ ᠶᠢ ᠠᠬᠢᠭᠤᠯᠪᠠ᠃ ᠡᠨᠡ ᠵᠢᠯ ᠠᠴᠠ ᠨᠠᠰᠢ᠂ ᠪᠦᠬᠦ ᠪᠠᠯᠭᠠᠰᠤ ᠪᠠᠷ ᠢᠶᠠᠨ ᠨᠠᠮ ᠤᠨ ᠭᠡᠰᠢᠭᠦᠨ ᠣᠯᠠᠨ ᠲᠦᠮᠡᠨ ᠢ ᠨᠡᠶᠢᠲᠡ ᠮᠢᠩᠭ᠎ᠠ ᠭᠠᠷᠤᠢ ᠬᠥᠮᠦᠨ ᠤᠳᠠᠭ᠎ᠠ ᠳᠠᠶᠢᠴᠢᠯᠠᠵᠤ ᠂ 100 ᠭᠠᠷᠤᠢ ᠤᠳᠠᠭ᠎ᠠ ᠲᠣᠮᠣ ᠬᠡᠯᠪᠡᠷᠢ ᠶᠢᠨ ᠮᠠᠰᠢᠨ ᠮᠧᠬᠠᠨᠢᠭ ᠢ ᠬᠥᠳᠡᠯᠭᠡᠵᠦ᠂ ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠬᠤᠶᠠᠷ ᠲᠦᠮᠡ ᠭᠠᠷᠤᠢ ᠲᠣᠨ ᠴᠡᠪᠡᠷᠯᠡᠪᠡ᠃ ︽ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠬᠤ ᠶᠢᠨ ᠲᠥᠯᠥᠭᠡ᠂ ᠪᠠᠶᠠᠨᠬᠤᠰᠢᠭᠤ ᠪᠠᠯᠭᠠᠰᠤ ᠰᠠᠨᠠᠭᠠᠴᠢᠯᠠᠭ᠎ᠠ ᠠᠴᠠ ᠪᠠᠨ ᠢᠳᠡᠪᠬᠢᠲᠡᠢ ᠠᠵᠢᠯᠯᠠᠵᠤ᠂ ᠨᠠᠮ ᠤᠨ ᠭᠡᠰᠢᠭᠦᠨ ᠺᠠᠳ᠋ᠷᠴᠤᠳ ᠤᠨ ᠵᠢᠱᠢᠶ᠎ᠡ ᠦᠵᠡᠭᠦᠯᠵᠦ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠳᠦᠷᠢᠮ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠶᠢ ᠠᠬᠢᠭᠤᠯᠵᠤ᠂ ᠦᠵᠡᠰᠬᠦᠯᠡᠩᠲᠦ ᠰᠠᠶᠢᠬᠠᠨ ᠬᠦᠷᠢᠶ᠎ᠡ ᠬᠠᠰᠢᠶ᠎ᠠ ᠶᠢ ᠵᠢᠱᠢᠶ᠎ᠡ ᠦᠵᠡᠭᠦᠯᠵᠦ ᠡᠭᠦᠳᠦᠨ ᠪᠠᠶᠢᠭᠤᠯᠬᠤ ᠵᠡᠷᠭᠡ ᠠᠵᠢᠯᠯᠠᠭ᠎ᠠ ᠶᠢ ᠥᠷᠨᠢᠭᠦᠯᠵᠦ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠨᠠᠷᠢᠯᠢᠬᠵᠢᠭᠤᠯᠬᠤ᠂ ᠪᠠᠶᠢᠩᠭᠤᠵᠢᠭᠤᠯᠬᠤ ᠶᠢ ᠠᠬᠢᠭᠤᠯᠵᠤ᠂ ᠠᠮᠢ ᠠᠬᠤᠢ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠢ᠂ ᠪᠣᠯᠪᠠᠰᠤᠨ ᠡᠶ᠎ᠡ ᠵᠣᠬᠢᠴᠠᠩᠭᠤᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠠᠶᠢᠭᠤᠯᠵᠤ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠪᠣᠯᠤᠨ ᠵᠣᠯ ᠵᠢᠷᠭᠠᠯᠲᠤ ᠲᠥᠷᠥᠭᠳᠡᠯ ᠢ ᠦᠨᠡᠨᠬᠦ ᠨᠡᠮᠡᠭᠳᠡᠭᠦᠯᠪᠡ︾ ᠭᠡᠵᠦ ᠪᠠᠶᠠᠨᠬᠤᠰᠢᠭᠤ ᠪᠠᠯᠭᠠᠰᠤᠨ ᠤ ᠨᠠᠮ ᠤᠨ ᠬᠤᠷᠢᠶᠠᠨ ᠤ ᠭᠡᠰᠢᠭᠦᠨ᠂ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠶᠢᠩ ᠶᠢᠩ ᠬᠡᠯᠡᠪᠡ    
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号