ᠪᠥᠬᠦ ᠨᠠᠮ ᠤᠨ ᠳᠣᠲᠣᠷ᠎ᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ | ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠦᠷᠨᠢᠭᠦᠯᠬᠦ ᠨᠠᠮ ᠤᠨ ᠲᠦᠪ ᠬᠤᠷᠢᠶ᠎ᠠ ᠶᠢᠨ ᠨᠢᠭᠡᠳᠦᠯᠲᠡᠶ | ᠪᠠᠶᠢᠷᠢᠯᠠᠭᠤᠯᠤᠯᠲᠠ ᠶᠢ ᠦᠨᠳᠦᠰᠦᠯᠡᠨ᠂ 5 ᠰᠠᠷ᠎ᠠ ᠶᠢᠨ 10 ᠤ ᠡᠳᠦᠷ ᠪᠣᠯᠲᠠᠯ᠎ᠠ᠂ ᠲᠥᠪ ᠤᠨ 8 ᠵᠢᠯᠣᠭᠤᠳᠬᠤ | ᠳᠤᠭᠤᠶᠢᠯᠠᠩ 21 ᠣᠷᠣᠨ ᠨᠤᠲᠤᠭ ᠪᠠ ᠨᠢᠭᠡᠴᠢ ᠳᠤ ᠲᠤᠭᠤᠷᠢᠨ ᠪᠠᠶᠢᠴᠠᠭᠠᠬᠤ ᠪᠠᠷ ᠣᠷᠣᠵᠤ ᠰᠠᠭᠤᠪᠠ᠃ | ᠲᠤᠭᠤᠷᠢᠨ ᠪᠠᠶᠢᠴᠠᠭᠠᠬᠤ ᠪᠠᠷ ᠤᠷᠤᠵᠤ ᠰᠠᠭᠤᠬᠤ ᠠᠭᠤᠯᠵᠠᠯᠲᠠ ᠶᠢᠨ ᠬᠤᠷᠠᠯ ᠳᠡᠭᠡᠷ᠎ᠡ᠂ ᠲᠥᠪ ᠤᠨ | ᠵᠢᠯᠣᠭᠤᠳᠬᠤ ᠳᠤᠭᠤᠶᠢᠯᠠᠩ ᠤᠨ ᠳᠠᠷᠤᠭ᠎ᠠ ᠨᠠᠷ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠣᠯᠤᠨ | ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠲᠤᠬᠠᠢ | ᠱᠠᠭᠠᠷᠳᠠᠯᠭ᠎ᠠ ᠳᠤᠷᠠᠳᠴᠤ᠂ ᠲᠥᠪ ᠤᠨ ᠵᠢᠯᠣᠭᠤᠳᠬᠤ ᠳᠤᠭᠤᠶᠢᠯᠠᠩ ᠤᠨ ᠡᠭᠦᠷᠭᠡ ᠬᠠᠷᠢᠭᠤᠴᠠᠯᠭ᠎ᠠ᠂ ᠠᠵᠢᠯ ᠤᠨ | ᠲᠤᠬᠢᠷᠠᠭᠤᠯᠤᠯᠳᠠ ᠪᠣᠯᠤᠨ ᠪᠣᠳᠠᠲᠠᠢ ᠱᠠᠭᠠᠷᠳᠠᠯᠭ᠎ᠠ ᠶᠢ ᠮᠡᠳᠡᠭᠳᠡᠵᠦ᠂ ᠰᠤᠷᠤᠯᠴᠠᠯᠭ᠎ᠠ ᠬᠥᠮᠦᠵᠢᠯ ᠤᠨ ᠠᠬᠢᠴᠠ ᠶᠢᠨ | ᠪᠠᠶᠢᠳᠠᠯ ᠢ ᠰᠣᠨᠣᠰᠴᠤ᠂ ᠱᠠᠯᠠᠪᠳᠠᠭᠤᠯᠤᠨ ᠵᠢᠯᠣᠭᠤᠳᠬᠤ ᠠᠵᠢᠯ ᠢ ᠰᠤᠳᠤᠯᠤᠨ ᠪᠠᠶᠢᠷᠢᠯᠠᠭᠤᠯᠪᠠ᠃ | ᠲᠥᠪ ᠤᠨ ᠡᠯ᠎ᠡ ᠵᠢᠯᠣᠭᠤᠳᠬᠤ ᠳᠤᠭᠤᠶᠢᠯᠠᠩ ᠤᠨ ᠳᠠᠷᠤᠭ᠎ᠠ᠂ ᠪᠦᠬᠦ ᠨᠠᠮ ᠤᠨ ᠳᠣᠲᠣᠷ᠎ᠠ ᠲᠥᠪ ᠤᠨ ᠨᠠᠢᠮᠠᠨ | ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠣᠯ | ᠡᠨᠡ ᠵᠢᠯ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠭᠤᠣᠯᠳᠠᠯᠭ᠎ᠠ ᠲᠠᠢ ᠡᠭᠦᠷᠭᠡ ᠮᠥᠨ᠃ ᠲᠥᠪ ᠤᠨ | ᠵᠢᠯᠣᠭᠤᠳᠬᠤ ᠳᠤᠭᠤᠶᠢᠯᠠᠩ ᠢ ᠲᠣᠮᠢᠯᠠᠵᠤ᠂ ᠬᠤᠯᠪᠣᠭᠳᠠᠯ ᠪᠦᠬᠦᠢ ᠣᠷᠣᠨ ᠨᠤᠲᠤᠭ ᠪᠣᠯᠤᠨ ᠨᠢᠭᠡᠴᠢ ᠶᠢᠨ | ᠰᠤᠷᠤᠯᠴᠠᠯᠭ᠎ᠠ ᠬᠥᠮᠦᠵᠢᠯ ᠢ ᠰᠠᠶᠢᠲᠤᠷ ᠠᠳᠬᠤᠬᠤ ᠶᠢ ᠬᠠᠨᠳᠤᠯᠭᠠᠲᠤ ᠴᠢᠨᠠᠷᠲᠠᠢ ᠪᠠᠷ ᠱᠠᠯᠠᠪᠳᠠᠭᠤᠯᠤᠨ ᠵᠢᠯᠣᠭᠤᠳᠬᠤ | ᠪᠣᠯ ᠰᠤᠷᠤᠯᠴᠠᠯᠭ᠎ᠠ ᠬᠥᠮᠦᠵᠢᠯ ᠤᠨ ᠡᠯ᠎ᠡ ᠵᠦᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ | ᠪᠦᠲᠦᠮᠵᠢ ᠭᠠᠷᠭᠠᠬᠤ ᠶᠢ ᠠᠬᠢᠭᠤᠯᠬᠤ᠂ ᠲᠤᠪᠤᠶᠢᠮ᠎ᠠ ᠠᠰᠠᠭᠤᠳᠠᠯ ᠢ ᠨᠡᠩ ᠰᠠᠶᠢᠲᠤᠷ ᠰᠢᠢᠳᠪᠦᠷᠢᠯᠡᠬᠦ ᠴᠢᠬᠤᠯᠠ | ᠠᠷᠭ᠎ᠠ ᠬᠡᠮᠵᠢᠶ᠎ᠡ ᠮᠥᠨ᠂ ᠡᠨᠡ ᠨᠢ ᠨᠠᠮ ᠤᠨ ᠲᠥᠪ ᠬᠤᠷᠢᠶ᠎ᠠ ᠠᠴᠠ ᠬᠤᠯᠪᠣᠭᠳᠠᠯ ᠪᠦᠬᠦᠢ ᠣᠷᠣᠨ ᠨᠤᠲᠤᠭ ᠪᠣᠯᠤᠨ | ᠨᠢᠭᠡᠴᠢ ᠶᠢ ᠬᠠᠯᠠᠮᠵᠢᠯᠠᠵᠤ ᠪᠠᠶᠢᠬᠤ ᠶᠢ ᠬᠠᠷᠠᠭᠤᠯᠵᠤ ᠪᠠᠶᠢᠨ᠎ᠠ ᠭᠡᠵᠤ ᠵᠢᠭᠠᠵᠤ ᠭᠠᠷᠭᠠᠪᠠ᠃ | ᠲᠥᠪ ᠤᠨ ᠵᠢᠯᠣᠭᠤᠳᠬᠤ ᠳᠤᠭᠤᠶᠢᠯᠠᠩ ᠤᠨ ᠳᠠᠷᠤᠭ᠎ᠠ ᠨᠠᠷ᠂ ᠱᠠᠯᠠᠪᠳᠠᠭᠤᠯᠤᠨ ᠵᠢᠯᠣᠭᠤᠳᠬᠤ ᠠᠵᠢᠯ ᠳᠤ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠡᠭᠦᠷᠭᠡ ᠬᠠᠷᠢᠭᠤᠴᠠᠯᠭ᠎ᠠ ᠪᠠᠨ ᠴᠢᠩᠭ᠎ᠠ ᠪᠣᠳᠠᠲᠠᠶ | ᠭᠦᠢᠴᠡᠳᠭᠡᠵᠤ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠣᠯᠤᠨ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ᠂ ᠨᠠᠮ ᠤᠨ ᠲᠥᠪ ᠬᠤᠷᠢᠶ᠎ᠠ ᠶᠢᠨ ᠰᠤᠷᠤᠯᠴᠠᠯᠭ᠎ᠠ ᠬᠥᠮᠦᠵᠢᠯ ᠤᠨ | ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠢᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠲᠤᠬᠠᠶ ᠪᠠᠶᠢᠳᠠᠯ ᠢ | ᠱᠠᠯᠠᠪᠳᠠᠭᠤᠯᠤᠨ ᠪᠠᠶᠢᠴᠠᠭᠠᠵᠤ᠂ ᠬᠠᠮᠢᠶ᠎ᠠ ᠪᠦᠬᠦᠢ ᠭᠠᠵᠠᠷ ᠣᠷᠣᠨ ᠪᠣᠯᠤᠨ ᠨᠢᠭᠡᠴᠢ ᠶᠢᠨ ᠬᠢᠨ ᠲᠥᠪ ᠤᠨ ᠨᠠᠢᠮᠠᠨ | ᠲᠣᠭᠲᠠᠭᠠᠯ ᠵᠢᠴᠢ ᠲᠡᠭᠦᠨ ᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠵᠥᠷᠢᠴᠡᠭᠰᠡᠨ ᠲᠤᠪᠤᠶᠢᠮ᠎ᠠ | ᠠᠰᠠᠭᠤᠳᠠᠯ ᠢ ᠬᠠᠲᠠᠭᠤ ᠲᠠᠢ ᠨᠢ ᠬᠠᠯᠳᠠᠵᠤ᠂ ᠦᠨᠡᠨ ᠪᠤᠳᠠᠳᠠᠢ ᠰᠢᠢᠳᠪᠦᠷᠢᠯᠡᠬᠦ ᠶᠢ ᠱᠠᠯᠠᠪᠳᠠᠭᠤᠯᠤᠨ ᠵᠢᠯᠤᠭᠤᠳᠴᠤ᠂ | ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ᠂ ᠲᠣᠭᠲᠠᠭᠠᠯ ᠠᠴᠠ ᠵᠥᠷᠢᠴᠡᠨ ᠪᠡᠯᠡᠭ ᠰᠡᠯᠲᠡ ᠪᠡᠯᠡᠭ ᠤᠨ | ᠵᠣᠭᠤᠰ ᠠᠪᠬᠤ ᠪᠤᠶᠤ ᠬᠦᠷᠭᠡᠬᠦ᠂ ᠣᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠬᠤ᠂ ᠬᠠᠷᠢᠭᠤᠴᠠᠯᠭ᠎ᠠ | ᠡᠭᠦᠷᠭᠡᠯᠡᠬᠦ ᠦᠭᠡᠢ ᠠᠵᠢᠯ ᠬᠢᠬᠦ ᠦᠭᠡᠢ ᠵᠡᠷᠭᠡ ᠳᠤᠪᠤᠶᠢᠮ᠎ᠠ ᠠᠰᠠᠭᠤᠳᠠᠯ ᠢ ᠴᠠᠭ ᠲᠤᠬᠠᠶ ᠳᠤᠨᠢ ᠢᠯᠡᠷᠡᠭᠦᠯᠬᠦ ᠶᠢᠨ | ᠬᠠᠮᠲᠤ ᠰᠢᠢᠳᠪᠦᠷᠢᠯᠡᠵᠤ᠂ ᠨᠢᠭᠡ ᠰᠡᠳᠦᠪ ᠢ ᠬᠠᠮᠲᠤ ᠪᠠᠷ ᠬᠠᠷᠢᠭᠤᠯᠬᠤ ᠶᠢ ᠪᠠᠷᠢᠮᠲᠠᠯᠠᠵᠤ᠂ ᠵᠢᠯᠣᠭᠤᠳᠤᠨ | ᠱᠠᠯᠠᠪᠳᠠᠭᠤᠯᠬᠤ ᠠᠵᠢᠯ ᠢ ᠬᠦᠴᠦᠲᠡᠶ ᠪᠥᠭᠡᠳ ᠡᠮᠬᠢ ᠵᠢᠷᠤᠮ ᠲᠠᠢ ᠥᠷᠨᠢᠭᠦᠯᠵᠤ᠂ ᠴᠡᠭ ᠢᠶᠠᠷ ᠨᠡᠶᠢᠳᠡᠮ ᠢ | ᠠᠬᠢᠭᠤᠯᠬᠤ ᠪᠠᠷ ᠳᠠᠮᠵᠢᠭᠤᠯᠤᠨ ᠪᠦᠬᠦ ᠨᠠᠮ ᠤᠨ ᠰᠤᠷᠤᠯᠴᠠᠯᠭ᠎ᠠ ᠬᠥᠮᠦᠵᠢᠯ ᠤᠨ ᠯᠠᠪᠳᠠᠭᠤᠨ ᠪᠠᠲᠤᠲᠠᠢ ᠦᠷ᠎ᠡ | ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ ᠭᠡᠵᠤ ᠴᠢᠬᠤᠯᠠᠴᠢᠯᠠᠵᠠᠢ᠃ | ᠬᠤᠯᠪᠣᠭᠳᠠᠯ ᠪᠥᠬᠦᠶ ᠣᠷᠣᠨ ᠨᠤᠲᠤᠭ ᠪᠠ ᠨᠢᠭᠡᠴᠢ ᠶᠢᠨ ᠨᠠᠮ ᠤᠨ ᠬᠤᠷᠢᠶ᠎ᠠ ︵ᠨᠠᠮ ᠤᠨ ᠤᠳᠤᠷᠢᠳᠬᠤ | ᠳᠤᠭᠤᠶᠢᠯᠠᠩ︶ ᠢᠢᠨ ᠭᠤᠤᠯ ᠬᠠᠷᠢᠭᠤᠴᠠᠯᠭᠠᠲᠠᠳ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ | ᠪᠣᠯᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ | ᠨᠠᠮ ᠤᠨ ᠲᠥᠪ ᠬᠤᠷᠢᠶ᠎ᠠ ᠶᠢᠨ ᠰᠤᠷᠤᠯᠴᠠᠯᠭ᠎ᠠ ᠬᠥᠮᠦᠵᠢᠯ ᠤᠨ ᠲᠤᠬᠠᠢ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ | ᠶᠣᠰᠣᠭᠠᠷ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠤ᠂ ᠡᠨᠡ ᠤᠳᠠᠭ᠎ᠠ ᠶᠢᠨ ᠰᠤᠷᠤᠯᠴᠠᠯᠭ᠎ᠠ | ᠬᠥᠮᠦᠵᠢᠯ ᠤᠨ ᠴᠢᠬᠤᠯᠠ ᠠᠴᠢ ᠬᠤᠯᠪᠣᠭᠳᠠᠯ ᠪᠣᠯᠤᠨ ᠨᠠᠮ ᠤᠨ ᠲᠥᠪ ᠬᠤᠷᠢᠶ᠎ᠠ ᠠᠴᠠ ᠲᠥᠪ ᠤᠨ ᠵᠢᠯᠣᠭᠤᠳᠬᠤ | ᠳᠤᠭᠤᠶᠢᠯᠠᠩ ᠲᠣᠮᠢᠯᠠᠭᠰᠠᠨ ᠤᠯᠤᠰ ᠲᠦᠷᠦ ᠶᠢᠨ ᠪᠣᠳᠣᠯᠬᠢᠯᠠᠯ ᠢ ᠭᠦᠨᠵᠡᠭᠡᠢ ᠲᠠᠨᠢᠵᠤ᠂ ᠡᠭᠦᠨ ᠢᠶᠠᠷ ᠠᠵᠠ ᠲᠣᠬᠢᠶᠠᠯ | ᠪᠣᠯᠭᠠᠬᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠭᠡᠵᠤ᠂ ᠰᠤᠷᠤᠯᠴᠠᠯᠭ᠎ᠠ ᠬᠥᠮᠦᠵᠢᠯ ᠤᠨ ᠭᠤᠤᠯ ᠴᠣᠭᠴᠠ ᠶᠢᠨ | ᠬᠠᠷᠢᠭᠤᠴᠠᠯᠭ᠎ᠠ ᠶᠢ ᠡᠭᠦᠷᠭᠡᠯᠡᠵᠤ᠂ ᠵᠢᠯᠣᠭᠤᠳᠬᠤ ᠳᠤᠭᠤᠶᠢᠯᠠᠩ ᠤᠨ ᠠᠵᠢᠯ ᠢ ᠪᠦᠬᠦ ᠬᠦᠴᠦᠨ ᠢᠶᠠᠷ ᠢᠶᠠᠨ | ᠬᠠᠮᠵᠢᠯᠴᠠᠨ ᠳᠡᠮᠵᠢᠵᠤ᠂ ᠠᠰᠠᠭᠤᠳᠠᠯ ᠢ ᠦᠨᠡᠨ ᠬᠦ ᠰᠢᠢᠳᠪᠦᠷᠢᠯᠡᠵᠤ᠂ ᠰᠤᠷᠤᠯᠴᠠᠯᠭ᠎ᠠ ᠬᠥᠮᠦᠵᠢᠯ ᠢ ᠲᠠᠰᠤᠷᠠᠯᠲᠠ | ᠥᠬᠡᠶ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠭᠰᠠᠨ︾ | ᠢ ᠡᠷᠡᠰ ᠬᠦᠷᠢᠶᠡᠯᠡᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠦᠨ᠎ᠠ ᠭᠡᠵᠤ ᠢᠯᠡᠳᠭᠡᠵᠡᠭᠡᠪᠡ᠃ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 11 ᠤ ᠴᠠᠬᠢᠯᠭᠠᠨ ᠮᠡᠳᠡᠭᠡ︶ |