ᠰᠦᠨ ᠱᠤᠤ ᠴᠧᠩ ᠪᠠᠶᠠᠨᠨᠠᠭᠤᠷ ᠬᠤᠳᠠ ᠳᠤ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/5/16
   5 ᠰᠠᠷ᠎ᠠ ᠶᠢᠨ 12 ᠠᠴᠠ 13 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠪᠠᠶᠠᠨᠨᠠᠭᠤᠷ ᠬᠤᠳᠠ ᠳᠤ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠪᠠ᠃   ᠰᠦᠨ ᠱᠤᠤ ᠴᠧᠩ ᠲᠡᠭᠦᠨ ᠤ ᠬᠠᠷᠢᠯᠴᠠᠵᠤ ᠪᠠᠶᠢᠭ᠎ᠠ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠤᠯᠬᠤ ᠰᠠᠨ ᠷᠦᠢ ᠬᠦᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠣᠯᠤᠨ ᠰᠠᠨ ᠫᠠᠩ ᠳ᠋ᠠᠨ ᠢᠳᠡᠭᠡᠨ ᠤ ᠺᠣᠮᠫᠠᠨᠢ ᠳᠤ ᠬᠦᠷᠴᠦ᠂ ᠨᠡᠷᠡᠨ ᠬᠤᠸᠠᠷ ᠤᠨ ᠡᠬᠦᠯᠳᠡᠷ ᠪᠤᠶᠢᠵᠢᠭᠤᠯᠬᠤ᠂ ᠦᠢᠯᠡᠳᠬᠦᠨ ᠢ ᠰᠤᠳᠤᠯᠤᠨ ᠨᠡᠭᠡᠭᠡᠬᠦ ᠪᠠ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠵᠡᠷᠭᠡ ᠪᠠᠶᠢᠳᠠᠯ ᠢ ᠨᠢ ᠣᠶᠢᠯᠠᠭᠠᠵᠤ᠂ ᠠᠵᠤ ᠠᠬᠤᠶᠢᠯᠠᠯ ᠤᠨ ᠬᠢᠨ ᠢ ᠪᠠᠶᠠᠵᠢᠭᠰᠠᠨ ᠴᠤ ᠤᠷᠤᠭᠰᠢᠯᠠᠨ ᠲᠠᠪᠰᠢᠬᠤ ᠶᠢ ᠪᠤᠳᠤᠵᠤ᠂ ᠦᠷ᠎ᠡ ᠡᠳ᠋ ᠤᠨ ᠳᠠᠪᠠᠭᠤᠯᠢᠭ᠂ ᠶᠠᠰᠤ ᠴᠢᠨᠠᠷ ᠤᠨ ᠳᠠᠪᠠᠭᠤᠯᠢᠭ᠂ ᠲᠦᠷᠦᠯ ᠲᠡᠮᠳᠡᠭ ᠤᠨ ᠳᠠᠪᠠᠭᠤᠯᠢᠭ ᠢ ᠤᠶᠠᠯᠳᠤᠭᠤᠯᠵᠤ᠂ ᠪᠦᠬᠦ ᠤᠯᠤᠰ ᠤᠨ ᠲᠤᠮᠤ ᠵᠠᠬ᠎ᠠ ᠳᠡᠯᠭᠡᠭᠦᠷ ᠲᠤ ᠠᠩᠬᠠᠷᠤᠯ ᠢᠶᠠᠨ ᠲᠦᠪᠯᠡᠷᠡᠭᠦᠯᠵᠦ᠂ ᠴᠢᠨᠠᠷ ᠰᠠᠶᠢᠲᠠᠢ ᠦᠢᠯᠡᠳᠬᠦᠨ ᠤ ᠬᠠᠩᠭᠠᠯᠭ᠎ᠠ ᠶᠢ ᠥᠷᠭᠡᠳᠭᠡᠵᠦ᠂ ᠡᠵᠡᠩᠨᠡᠯᠲᠡ ᠶᠢᠨ ᠦᠷ᠎ᠡ ᠠᠰᠢᠭ ᠪᠣᠯᠤᠨ ᠵᠠᠬ᠎ᠠ ᠳᠡᠯᠭᠡᠭᠦᠷ ᠤᠨ ᠨᠥᠯᠥᠭᠡᠯᠡᠬᠦ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ ᠭᠡᠵᠦ ᠵᠤᠷᠢᠭᠵᠢᠭᠤᠯᠪᠠ᠃ ᠰᠦᠨ ᠱᠤᠤ ᠴᠧᠩ᠂ ᠡᠯ᠎ᠡ ᠱᠠᠲᠤᠨ ᠤ ᠬᠢᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠲᠦᠷᠦ ᠶᠢᠨ ᠪᠤᠳᠤᠯᠭ᠎ᠠ ᠠᠷᠭ᠎ᠠ ᠬᠡᠮᠵᠶ᠊ ᠡᠶ᠎ᠡ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠢ ᠦᠨᠡᠨ ᠪᠣᠳᠠᠲᠠᠢ ᠬᠠᠪᠰᠤᠷᠤᠨ ᠬᠦᠴᠢᠷᠳᠡᠯᠲᠠᠢ ᠠᠰᠠᠭᠤᠳᠠᠯ ᠢ ᠨᠢ ᠰᠢᠢᠳᠪᠦᠷᠢᠯᠡᠵᠦ ᠥᠭᠬᠦ ᠬᠡᠷᠡᠭᠲᠡᠢ ᠭᠡᠵᠡᠢ᠃ ᠯᠢᠨ ᠾᠧ ᠲᠣᠭᠤᠷᠢᠭ ᠤᠨ ᠵᠢᠨᠴᠤᠸᠠᠨ ᠵᠡᠭᠡᠯᠢ ᠭᠤᠳᠤᠮᠵᠢ ᠶᠢᠨ ᠵᠢᠶᠠᠩ ᠯᠢᠨ ᠨᠡᠶᠢᠭᠡᠮ ᠲᠣᠭᠤᠷᠢᠭ ᠤᠨ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡᠨ ᠤ ᠶᠡᠭᠡ ᠲᠢᠩᠬᠢᠮ ᠪᠣᠯᠤᠨ ᠨᠠᠮ ᠤᠨ ᠭᠡᠰᠢᠭᠦᠨ ᠪᠤᠯᠤᠨ ᠤᠯᠠᠨ ᠲᠦᠮᠡᠨ ᠤ ᠦᠢᠯᠡᠴᠢᠯᠡᠭᠡᠨ ᠤ ᠲᠥᠪ ᠲᠤ᠂ ᠰᠦᠨ ᠱᠤᠤ ᠴᠧᠩ ᠨᠡᠶᠢᠭᠡᠮ ᠲᠣᠭᠤᠷᠢᠭ ᠤᠨ ᠠᠵᠢᠯᠲᠠᠳ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠨᠡᠶᠢᠭᠡᠮ ᠲᠣᠭᠤᠷᠢᠭ ᠤᠨ ᠠᠵᠢᠯ ᠤᠨ ᠠᠭᠤᠯᠭ᠎ᠠ ᠪᠣᠯᠤᠨ ᠳᠠᠷᠤᠭᠠᠰᠤ ᠶᠢ ᠬᠥᠩᠭᠡᠷᠡᠭᠦᠯᠦᠭᠰᠡᠨ ᠦᠷ᠎ᠡ ᠪᠦᠲᠦᠮᠵᠢ ᠶᠢ ᠣᠶᠢᠯᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ᠂ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠵᠥ ᠤᠷᠤᠬᠰᠢᠯᠠᠬᠤ︾ ᠤᠯᠠᠨ ᠲᠦᠮᠡᠨᠴᠢ ᠬᠥᠮᠦᠵᠢᠯ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠳᠤ ᠠᠪᠤᠭᠰᠠᠨ ᠠᠷᠭ᠎ᠠ ᠬᠡᠮᠵᠶ᠊ ᠡᠶ᠎ᠡ ᠶᠢ ᠯᠠᠪᠯᠠᠨ ᠠᠰᠠᠭᠤᠪᠠ᠃ ᠲᠡᠷᠡ᠂ ᠦᠨᠳᠦᠰᠦᠨ ᠱᠠᠲᠤᠨ ᠤ ᠵᠠᠰᠠᠯᠲᠠ ᠶᠢ ᠴᠢᠩᠭᠠᠳᠬᠠᠬᠤ ᠳᠤ ᠠᠯᠢ ᠨᠢᠭᠡ ᠵᠦᠢᠯ ᠤᠨ ᠠᠵᠢᠯ ᠨᠢ ᠴᠤ ᠨᠡᠶᠢᠭᠡᠮ ᠲᠣᠭᠤᠷᠢᠭ ᠠᠴᠠ ᠰᠠᠯᠵᠤ ᠴᠢᠳᠠᠬᠤ ᠦᠭᠡᠢ ᠶᠤᠮ᠂ ᠨᠡᠶᠢᠭᠡᠮ ᠲᠣᠭᠤᠷᠢᠭ ᠤᠨ ᠡᠭᠦᠷᠭᠡ ᠴᠢᠳᠠᠪᠬᠢ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ ᠂ ᠡᠭᠦᠷᠭᠡᠯᠡᠬᠦ ᠴᠢᠬᠤᠯᠠ ᠦᠭᠡᠢ ᠶᠢ ᠨᠢ ᠡᠷᠡᠰ ᠬᠠᠰᠤᠵᠤ᠂ ᠦᠨᠳᠦᠰᠦᠨ ᠱᠠᠲᠤᠨ ᠤ ᠬᠢᠨ ᠨᠡᠩ ᠤᠯᠠᠨ ᠤᠶᠤᠨ ᠴᠢᠳᠠᠯ ᠢᠶᠠᠨ ᠠᠷᠠᠳ ᠲᠦᠮᠡᠨ ᠳᠤ ᠦᠢᠯᠡᠴᠢᠯᠡᠬᠦ ᠳᠡᠭᠡᠷ᠎ᠡ ᠲᠠᠯᠪᠢᠬᠤ ᠬᠡᠷᠡᠭᠲᠡᠢ᠃ ᠤᠯᠠᠨ ᠲᠦᠮᠡᠨ ᠬᠦᠴᠢᠷᠳᠡᠯ ᠳᠤ ᠲᠤᠯᠭᠠᠷᠠᠭᠰᠠᠨ ᠦᠶ᠎ᠡ ᠳᠤ᠂ ᠨᠡᠶᠢᠭᠡᠮ ᠲᠣᠭᠤᠷᠢᠭ ᠤᠨ ᠬᠢᠨ ᠰᠠᠨᠠᠭᠠᠴᠢᠯᠠᠭ᠎ᠠ ᠠᠴᠠ ᠪᠠᠨ ᠬᠦᠷᠦᠯᠴᠡᠨ ᠤᠴᠢᠵᠤ ᠣᠶᠢᠯᠠᠭᠠᠵᠤ᠂ ᠴᠠᠭ ᠲᠤᠬᠠᠢ ᠳᠤᠨᠢ ᠲᠡᠮᠵᠢᠯᠭᠡ ᠦᠵᠡᠭᠦᠯᠵᠦ ᠤᠯᠠᠨ ᠲᠦᠮᠡᠨ ᠢ ᠬᠠᠪᠰᠤᠷᠤᠨ ᠪᠣᠳᠠᠲᠠᠢ ᠬᠦᠴᠢᠷᠳᠡᠯ ᠢ ᠨᠢ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠢ ᠭᠡᠵᠡᠢ᠃   ᠪᠠᠶᠠᠨᠨᠠᠭᠤᠷ ᠬᠤᠳᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ ᠰᠦᠨ ᠱᠤᠤ ᠴᠤᠩ᠂ ᠪᠠᠶᠠᠨᠨᠠᠭᠤᠷ ᠬᠤᠳᠠ ᠶᠢᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ ᠰᠠᠨᠠᠭᠠᠴᠢᠯᠠᠭ᠎ᠠ ᠠᠴᠠ ᠪᠠᠨ ᠤᠬᠠᠮᠰᠠᠷ ᠠᠴᠠ ᠪᠠᠨ᠂ ᠯᠠᠪᠳᠠᠭᠤᠨ ᠪᠠᠲᠤᠲᠠᠢ ᠠᠵᠢᠯᠯᠠᠵᠤ᠂ ᠢᠳᠡᠪᠬᠢᠲᠡᠢ ᠦᠷ᠎ᠡ ᠪᠦᠲᠦᠮᠵᠢ ᠤᠯᠪᠠ᠂ ᠠᠵᠢᠯ ᠢᠶᠠᠨ ᠨᠡᠩ ᠰᠡᠳᠭᠢᠯ ᠲᠠᠯᠪᠢᠨ᠂ ᠨᠡᠩ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠣᠳᠠᠲᠤ ᠦᠷ᠎ᠡ ᠪᠦᠲᠦᠮᠵᠢ ᠪᠠᠷ ᠶᠡᠷᠦᠩᠬᠡᠢ ᠱᠦᠵᠢ ᠰᠢ ᠶᠢᠨ ᠫᠢᠩ ᠤᠨ ᠬᠠᠶᠢᠷ᠎ᠠ ᠬᠠᠯᠠᠮᠵᠢ ᠪᠣᠯᠤᠨ ᠬᠦᠰᠡᠯ ᠨᠠᠶᠢᠳᠠᠯᠭ᠎ᠠ ᠶᠢᠨ ᠠᠴᠢ ᠶᠢ ᠬᠠᠷᠢᠭᠤᠯᠬᠤ ᠬᠡᠷᠡᠭᠲᠡᠢ᠃ ᠪᠠᠶᠠᠨᠨᠠᠭᠤᠷ ᠬᠤᠳᠠ ᠶᠢᠨ ᠮᠠᠯ ᠠᠵᠤ ᠠᠬᠤᠢ ᠲᠠᠷᠢᠶᠠᠯᠠᠩ᠂ ᠠᠭᠤᠷᠬᠠᠢ ᠶᠢᠨ ᠭᠠᠷᠤᠯᠲᠠ᠂ ᠰᠣᠶᠣᠯ ᠵᠢᠭᠤᠯᠴᠢᠯᠠᠯ ᠵᠡᠷᠭᠡ ᠡᠬᠢ ᠪᠠᠶᠠᠯᠢᠭ ᠪᠦᠷ ᠨᠡᠯᠢᠶᠡᠳ ᠡᠯᠪᠡᠭ ᠶᠤᠮ᠂ ᠪᠠᠶᠢᠷᠢ ᠲᠣᠭᠲᠠᠭᠠᠯᠲᠠ ᠪᠠᠨ ᠣᠨᠣᠪᠴᠢᠲᠠᠢ ᠣᠯᠵᠤ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠬᠥᠭᠵᠢᠯᠲᠡ ᠶᠢ ᠤᠬᠠᠭᠠᠯᠠᠨ ᠲᠦᠯᠦᠪᠯᠡᠬᠦ ᠲᠠᠢ ᠤᠶᠠᠯᠳᠤᠭᠤᠯᠵᠤ᠂ ᠴᠤᠬᠤᠮ ᠶᠠᠮᠠᠷ ᠶᠠᠮᠠᠷ ᠳᠠᠪᠠᠭᠤᠯᠢᠭ ᠲᠠᠢ᠂ ᠶᠠᠮᠠᠷ ᠶᠠᠮᠠᠷ ᠭᠤᠣᠯᠳᠠᠯᠭ᠎ᠠ ᠲᠠᠢ ᠠᠵᠤ ᠦᠢᠯᠡᠰ ᠢ ᠲᠥᠪᠯᠡᠷᠡᠭᠦᠯᠦᠨ ᠪᠠᠶᠢᠭᠤᠯᠬᠤ ᠪᠠᠨ ᠲᠣᠳᠣᠷᠬᠠᠢ ᠪᠤᠳᠤᠵᠤ᠂ ᠲᠣᠭᠲᠠᠭᠠᠮᠠᠭᠴᠠ ᠡᠷᠴᠢ ᠵᠣᠷᠢᠭ ᠢᠶᠠᠨ ᠬᠥᠪᠴᠢᠯᠡᠨ ᠡᠴᠦᠰ ᠲᠤᠨᠢ ᠲᠤᠯᠲᠠᠯ᠎ᠠ ᠬᠢᠬᠦ ᠬᠡᠷᠡᠭᠲᠡᠢ᠃ ᠪᠤᠵᠠᠭᠠᠶᠢᠷᠠᠭᠤᠯᠤᠨ ᠬᠦᠴᠦᠷᠬᠡᠭᠵᠢᠭᠦᠯᠬᠦ᠂ ᠲᠡᠷᠢᠭᠦᠨ ᠳᠤ ᠣᠷᠣᠬᠤ ᠪᠠᠷ ᠴᠢᠷᠮᠠᠶᠢᠬᠤ ᠠᠤᠭ᠎ᠠ ᠰᠠᠨᠠᠭ᠎ᠠ ᠡᠷᠡᠯᠬᠡᠭ ᠵᠣᠷᠢᠭ ᠢ ᠪᠤᠢ ᠪᠣᠯᠭᠠᠵᠤ᠂ ᠥᠪᠡᠷ ᠢᠶᠠᠨ ᠰᠡᠳᠬᠢᠯ ᠬᠠᠨᠭ᠍ᠬᠤ᠂ ᠪᠠᠭ᠎ᠠ ᠪᠠᠶᠠᠵᠢᠭᠰᠠᠭᠠᠷ ᠪᠤᠯᠴᠢᠬᠠᠬᠤ ᠰᠡᠳᠭᠢᠴᠡ ᠶᠢ ᠲᠡᠪᠴᠢᠵᠦ᠂ ᠠᠵᠤ ᠦᠢᠯᠡᠰ ᠤᠨ ᠬᠥᠭᠵᠢᠯᠲᠡ ᠶᠢ ᠨᠠᠷᠢᠨ ᠬᠢᠨᠠᠮᠠᠭᠠᠢ ᠲᠥᠯᠥᠪᠵᠢᠭᠦᠯᠵᠦ᠂ ᠬᠦᠴᠦᠨ ᠢᠶᠠᠨ ᠲᠥᠪᠯᠡᠷᠡᠭᠦᠯᠦᠨ ᠬᠡᠪᠴᠢᠶ᠎ᠡ ᠶᠢ ᠶᠡᠬᠡᠰᠬᠡᠵᠦ᠂ ᠦᠢᠯᠡᠳᠬᠦᠨ ᠢᠶᠠᠨ ᠰᠢᠯᠢᠳᠡᠭᠵᠢᠭᠦᠯᠵᠦ᠂ ᠲᠦᠷᠦᠯ ᠲᠡᠮᠳᠡᠭ ᠢᠶᠠᠨ ᠬᠦᠴᠦᠷᠬᠡᠭᠵᠢᠭᠦᠯᠬᠦ ᠬᠡᠷᠡᠭᠲᠡᠢ᠃ ᠬᠥᠭᠵᠢᠯᠲᠡ ᠶᠢᠨ ᠪᠠᠶᠢᠷᠢ ᠲᠣᠭᠲᠠᠭᠠᠯᠲᠠ᠂ ᠴᠢᠭᠯᠡᠯ ᠪᠠ ᠪᠠᠶᠢᠷᠢᠯᠠᠭᠤᠯᠤᠯᠲᠠ ᠵᠡᠷᠭᠡ ᠪᠠᠶᠢᠯᠳᠤᠬᠤ ᠪᠤᠳᠤᠯᠭ᠎ᠠ ᠶᠢᠨ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠶᠢᠨ ᠬᠠᠮᠲᠤ᠂ ᠣᠳᠣᠬᠠᠨ ᠤ ᠪᠠᠶᠢᠳᠠᠯ ᠳᠤ ᠰᠠᠭᠤᠷᠢᠯᠠᠨ᠂ ︽ᠲᠠᠪᠤᠨ ᠶᠡᠭᠡ ᠡᠭᠦᠷᠭᠡ︾ ᠵᠢᠴᠢ ︽ᠵᠢᠷᠭᠤᠭᠠᠨ ᠢᠨᠵᠧᠨᠧᠷᠢᠩ︾᠂ ︽ᠵᠢᠷᠭᠤᠭᠠᠨ ᠠᠵᠢᠯᠯᠠᠭ᠎ᠠ︾ ᠢᠢ ᠰᠠᠶᠢᠲᠤᠷ ᠨᠠᠶᠢᠳᠠᠪᠤᠷᠢᠵᠢᠭᠤᠯᠵᠤ᠂ ᠠᠵᠤ ᠠᠬᠤᠢ ᠶᠢᠨ ᠦᠷᠭᠦᠯᠵᠢᠯᠡᠨ ᠳᠡᠭᠡᠭᠰᠢᠯᠡᠵᠦ ᠰᠠᠶᠢᠵᠢᠷᠠᠬᠤ ᠶᠢ ᠠᠬᠢᠭᠤᠯᠬᠤ ᠬᠡᠷᠡᠭᠲᠡᠢ᠃ ᠠᠵᠢᠯ ᠤᠨ ᠠᠬᠢᠴᠠ ᠪᠠᠨ ᠲᠦᠷᠭᠡᠳᠭᠡᠵᠦ᠂ ︽ᠤᠮᠠᠷᠠᠲᠤ ᠶᠢᠨ ᠭᠤᠷᠪᠠᠨ ᠤᠷᠤᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠬᠡᠷᠡᠭᠲᠡᠢ᠃ ᠮᠠᠯ ᠠᠵᠤ ᠠᠬᠤᠶ ᠲᠠᠷᠢᠶᠠᠯᠠᠩ ᠤᠨ ᠦᠨᠳᠦᠰᠦᠨ ᠬᠦᠴᠦᠨ ᠵᠦᠢᠯ ᠢ ᠲᠣᠭᠲᠠᠪᠤᠷᠢᠵᠢᠭᠤᠯᠵᠤ᠂ ᠮᠤ ᠨᠢᠭᠡᠴᠢ ᠶᠢᠨ ᠤᠨᠠᠯᠲᠠ ᠪᠠ ᠪᠤᠳᠠᠭᠠᠯᠢ ᠪᠠᠶ᠎ᠠ ᠶᠢᠨ ᠭᠠᠷᠤᠯᠳᠠ ᠨᠡᠮᠡᠭᠳᠡᠭᠦᠯᠬᠦ ᠳᠤ ᠲᠦᠰᠢᠭᠯᠡᠨ ᠮᠠᠯ ᠠᠵᠤ ᠠᠬᠤᠶ ᠲᠠᠷᠢᠶᠠᠯᠠᠩ ᠤᠨ ᠦᠷ᠎ᠡ ᠠᠰᠢᠭ ᠢ ᠳᠡᠭᠡᠭᠰᠢᠯᠡᠭᠦᠯᠬᠦ ᠶᠢ ᠨᠠᠩ ᠴᠢᠬᠤᠯᠠᠴᠢᠯᠠᠵᠤ᠂ ᠲᠦᠬᠦᠭᠡᠷᠦᠮᠵᠢᠲᠦ ᠲᠠᠷᠢᠶᠠᠯᠠᠩ᠂ ᠬᠠᠰᠢᠶᠠᠯᠠᠨ ᠲᠡᠵᠢᠭᠡᠬᠦ᠂ ᠬᠦᠷᠢᠶ᠎ᠡ ᠬᠠᠰᠢᠶᠠᠨ ᠤ ᠠᠵᠤ ᠠᠬᠤᠶ ᠶᠢ ᠬᠥᠭᠵᠢᠭᠦᠯᠬᠦ ᠳᠤ ᠲᠦᠰᠢᠭᠯᠡᠨ ᠮᠠᠯᠴᠢᠨ ᠲᠠᠷᠢᠶᠠᠴᠢᠨ ᠤ ᠣᠷᠣᠯᠭ᠎ᠠ ᠶᠢ ᠳᠡᠭᠡᠭᠰᠢᠯᠡᠭᠦᠯᠬᠦ ᠶᠢ ᠨᠠᠩ ᠴᠢᠬᠤᠯᠠᠴᠢᠯᠠᠬᠤ ᠬᠡᠷᠡᠭᠲᠡᠶ᠃ ᠠᠵᠤ ᠦᠢᠯᠡᠳᠪᠦᠷᠢ ᠶᠢᠨ ᠲᠦᠷᠭᠡᠨ ᠬᠥᠭᠵᠢᠯᠲᠡ ᠶᠢ ᠠᠬᠢᠭᠤᠯᠵᠤ᠂ ᠢᠳᠡᠭᠡᠨ ᠪᠣᠯᠪᠠᠰᠤᠷᠠᠭᠤᠯᠬᠤ᠂ ᠠᠷᠠᠯᠵᠢᠶ᠎ᠠ ᠬᠤᠳᠠᠯᠳᠤᠭ᠎ᠠ ᠡᠳ᠋ ᠪᠠᠷᠠᠭᠠᠨ ᠤ ᠭᠦᠢᠯᠭᠡᠭᠡ ᠵᠡᠷᠭᠡ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠬᠡᠷᠡᠭᠲᠡᠢ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠡᠯ᠎ᠡ ᠲᠦᠷᠦᠯ ᠤᠨ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠬᠤ ᠬᠡᠷᠡᠭᠲᠡᠢ ᠭᠡᠪᠡ᠃   ᠢᠦᠢ ᠯᠢ ᠰᠢᠨ ᠠᠵᠢᠯᠯᠠᠭ᠎ᠠ ᠳᠤ ᠣᠷᠣᠯᠴᠠᠵᠠᠢ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号