5 ᠰᠠᠷ᠎ᠠ ᠶᠢᠨ 16 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ | ᠬᠤᠷᠢᠶ᠎ᠠ ᠬᠤᠷᠠᠯ ᠬᠤᠷᠠᠯᠳᠤᠭᠤᠯᠵᠤ᠂ ︽ᠦᠨᠡᠨ︾ ᠰᠡᠳᠬᠦᠯ ᠤᠨ 2025 ᠣᠨ ᠤ 10 ᠳ᠋ᠤᠭᠠᠷ ᠬᠤᠭᠤᠴᠠᠭ᠎ᠠ ᠳᠤ | ᠨᠡᠶᠢᠲᠡᠯᠡᠭᠰᠡᠨ ᠶᠡᠷᠦᠩᠬᠡᠢ ᠱᠦᠵᠢ ᠰᠢ ᠶᠢᠨ ᠫᠢᠩ ᠤᠨ ︽ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ | ᠴᠥᠬᠦᠷᠡᠯᠲᠡ ᠦᠭᠡᠢ ᠨᠠᠶᠢᠳᠠᠪᠤᠷᠢᠵᠢᠭᠤᠯᠵᠤ᠂ ᠰᠢᠯᠢᠳᠡᠭ ᠨᠠᠮ ᠤᠨ ᠰᠤᠷᠲᠠᠯ ᠢᠶᠠᠷ ᠨᠡᠶᠢᠭᠡᠮ ᠤᠨ ᠰᠤᠷᠲᠠᠯ ᠠᠷᠠᠳ ᠤᠨ | ᠰᠤᠷᠲᠠᠯ ᠢ ᠬᠥᠲᠥᠯᠥᠨ ᠳᠠᠭᠠᠭᠤᠯᠬᠤ ᠬᠡᠷᠡᠭᠲᠡᠢ︾ ᠭᠡᠬᠦ ᠴᠢᠬᠤᠯᠠ ᠵᠣᠬᠢᠶᠠᠯ ᠢ ᠤᠯᠠᠮᠵᠢᠯᠠᠨ ᠰᠤᠷᠤᠯᠴᠠᠵᠤ᠂ ᠪᠦᠭᠦ | ᠣᠷᠣᠨ ᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ | ᠬᠥᠮᠦᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠯᠪᠣᠭᠳᠠᠯ ᠪᠦᠬᠦᠢ ᠠᠵᠢᠯ ᠢ | ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ | ᠴᠧᠩ ᠬᠤᠷᠠᠯ ᠢ ᠡᠷᠭᠢᠯᠡᠵᠡᠢ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ ᠢ ᠶᠡᠷᠦᠩᠬᠡᠢ ᠱᠦᠵᠢ ᠰᠢ ᠶᠢᠨ | ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠦᠵᠡᠯ ᠰᠠᠨᠠᠭ᠎ᠠ᠂ ᠨᠠᠮ ᠤᠨ ᠥᠪᠡᠷ ᠪᠡᠶ᠎ᠡ ᠶᠢᠨ | ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠲᠠᠢ ᠤᠶᠠᠯᠳᠤᠭᠤᠯᠵᠤ ᠪᠠᠶᠢᠭᠠᠳ ᠨᠢᠭᠡ ᠴᠣᠭᠴᠠᠵᠢᠭᠤᠯᠤᠨ | ᠰᠤᠷᠤᠯᠴᠠᠨ ᠲᠤᠭᠤᠰᠢᠯᠠᠭᠤᠯᠵᠤ᠂ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠢ ᠬᠡᠷᠡᠭᠵᠢᠭᠦᠯᠬᠦ ᠨᠠᠷᠢᠨ | ᠳᠦᠷᠢᠮ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠴᠥᠬᠦᠷᠡᠯᠲᠡ ᠦᠭᠡᠢ ᠪᠠᠷ ᠰᠤᠷᠲᠠᠯ ᠢ | ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠡᠯ ᠢ ᠡᠰᠡᠷᠭᠦᠴᠡᠵᠦ᠂ ᠰᠢᠯᠢᠳᠡᠭ ᠨᠠᠮ ᠤᠨ ᠰᠤᠷᠲᠠᠯ ᠵᠠᠰᠠᠭ ᠤᠨ | ᠰᠤᠷᠲᠠᠯ ᠢᠶᠠᠷ ᠨᠡᠶᠢᠭᠡᠮ ᠤᠨ ᠰᠤᠷᠲᠠᠯ ᠠᠷᠠᠳ ᠤᠨ ᠰᠤᠷᠲᠠᠯ ᠢ ᠦᠷᠭᠦᠯᠵᠢᠯᠡᠨ ᠰᠠᠶᠢᠵᠢᠷᠠᠭᠤᠯᠬᠤ ᠪᠠᠷ ᠴᠢᠷᠮᠠᠶᠢᠬᠤ | ᠬᠡᠷᠡᠭᠲᠡᠢ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ | ᠬᠥᠮᠦᠵᠢᠯ ᠢ ᠥᠷᠨᠢᠭᠦᠯᠬᠦ ᠲᠠᠢ ᠤᠶᠠᠯᠳᠤᠭᠤᠯᠤᠨ᠂ ︽ᠲᠦᠷᠪᠡᠨ ᠰᠤᠷᠲᠠᠯ︾ ᠤᠨ ᠲᠠᠯ᠎ᠠ ᠪᠠᠷ ᠬᠢ ᠬᠠᠭᠤᠴᠢᠨ | ᠠᠰᠠᠭᠤᠳᠠᠯ ᠪᠠ ᠰᠢᠨ᠎ᠡ ᠢᠯᠡᠷᠡᠯ ᠢ ᠬᠢᠨᠠᠮᠠᠭᠠᠢ ᠪᠠᠶᠢᠴᠠᠭᠠᠨ ᠦᠵᠡᠵᠦ᠂ ᠢᠯᠠᠩᠭᠤᠶ᠎ᠠ ᠠᠵᠢᠯᠯᠠᠭ᠎ᠠ ᠤᠳᠠᠭᠠᠨ ᠪᠠᠶᠢᠬᠤ | ᠪᠠ ᠠᠰᠠᠭᠤᠳᠠᠯ ᠢ ᠰᠢᠢᠳᠪᠦᠷᠢᠯᠡᠭᠰᠡᠨ ᠨᠢ ᠦᠨᠡᠨ ᠪᠣᠳᠠᠲᠠᠢ ᠪᠢᠰᠢ ᠪᠠᠶᠢᠬᠤ ᠵᠡᠷᠭᠡ ᠲᠣᠪᠤᠶᠢᠮ᠎ᠠ ᠠᠰᠠᠭᠤᠳᠠᠯ ᠳᠤ | ᠠᠩᠬᠠᠷᠤᠯ ᠢᠶᠠᠨ ᠲᠥᠪᠯᠡᠷᠡᠭᠦᠯᠵᠦ᠂ ᠬᠠᠨᠳᠤᠯᠭᠠᠲᠤ ᠴᠢᠨᠠᠷᠲᠠᠢ ᠪᠠᠷ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ | ᠬᠡᠷᠡᠭᠲᠡᠢ᠃ ᠰᠤᠷᠲᠠᠯ ᠢᠯᠵᠢᠷᠡᠯ ᠢ ᠬᠠᠮᠲᠤ ᠪᠠᠷ ᠪᠠᠶᠢᠴᠠᠭᠠᠵᠤ ᠬᠠᠮᠲᠤ ᠪᠠᠷ ᠵᠠᠰᠠᠬᠤ ᠶᠢ ᠪᠠᠷᠢᠮᠲᠠᠯᠠᠵᠤ᠂ ᠡᠷᠬᠡ | ᠲᠥᠪᠯᠡᠷᠡᠭᠰᠡᠨ᠂ ᠪᠡᠯᠡ ᠮᠥᠩᠭᠦ ᠲᠥᠪᠯᠡᠷᠡᠭᠰᠡᠨ᠂ ᠡᠬᠢ ᠪᠠᠶᠠᠯᠢᠭ ᠲᠥᠪᠯᠡᠷᠡᠭᠰᠡᠨ ᠬᠦᠷᠢᠶᠡᠨ ᠳᠠᠬᠢ ᠢᠯᠵᠢᠷᠡᠯ ᠤᠨ | ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ | ᠪᠣᠯᠣᠨ ᠢᠯᠵᠢᠷᠡᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠭᠦᠨᠵᠡᠭᠡᠢ ᠠᠬᠢᠭᠤᠯᠬᠤ ᠬᠡᠷᠡᠭᠲᠡᠢ | ᠭᠡᠵᠦ ᠴᠢᠬᠤᠯᠠᠴᠢᠯᠠᠪᠠ᠃ | ᠬᠤᠷᠠᠯ ᠠᠴᠠ᠂ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠠᠴᠠ ᠨᠠᠭᠠᠰᠢ᠂ ᠰᠤᠷᠤᠯᠴᠠᠬᠤ ᠪᠠᠶᠢᠴᠠᠭᠠᠬᠤ | ᠵᠠᠯᠠᠷᠠᠭᠤᠯᠬᠤ ᠡᠯ᠎ᠡ ᠲᠠᠯ᠎ᠠ ᠶᠢᠨ ᠠᠵᠢᠯ ᠳᠤ ᠱᠠᠲᠤᠴᠢ ᠴᠢᠨᠠᠷᠲᠠᠢ ᠦᠷ᠎ᠡ ᠪᠦᠲᠦᠮᠵᠢ ᠣᠯᠣᠭᠰᠠᠨ ᠪᠤᠯᠪᠠᠴᠤ ᠪᠠᠰᠠ | ᠵᠠᠷᠢᠮ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ ᠣᠷᠣᠰᠢᠵᠤ ᠪᠤᠢ᠃ ᠡᠯ᠎ᠡ ᠱᠠᠲᠤᠨ ᠤ ᠬᠢᠨ ᠲᠥᠪ ᠤᠨ | ᠬᠤᠯᠪᠣᠭᠳᠠᠯ ᠪᠦᠬᠦᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠰᠤᠷᠤᠯᠴᠠᠯᠭ᠎ᠠ ᠬᠥᠮᠦᠵᠢᠯ ᠤᠨ ᠡᠯ᠎ᠡ ᠵᠦᠢᠯ ᠤᠨ ᠠᠵᠢᠯ ᠢ ᠤᠯᠠᠮ ᠨᠢᠭᠡ ᠠᠯᠬᠤᠮ ᠪᠣᠳᠠᠲᠠᠢ | ᠨᠠᠷᠢᠯᠢᠭ ᠠᠳᠬᠤᠬᠤ ᠬᠡᠷᠡᠭᠲᠡᠢ᠃ ᠰᠤᠷᠤᠯᠴᠠᠬᠤ ᠪᠠᠶᠢᠴᠠᠭᠠᠬᠤ ᠵᠠᠯᠠᠷᠠᠭᠤᠯᠬᠤ ᠠᠵᠢᠯ ᠢ ᠦᠷᠭᠦᠯᠵᠢᠯᠡᠨ ᠭᠦᠨᠵᠡᠭᠡᠢ | ᠠᠬᠢᠭᠤᠯᠵᠤ᠂ ᠨᠠᠮ ᠤᠨ ᠭᠡᠰᠢᠭᠦᠨ᠂ ᠺᠠᠳ᠋ᠷ ᠢ ᠵᠣᠬᠢᠶᠠᠨ ᠪᠠᠶᠢᠭᠤᠯᠵᠤ ᠶᠡᠷᠦᠩᠬᠡᠢ ᠱᠦᠵᠢ ᠰᠢ ᠶᠢᠨ ᠫᠢᠩ ᠤᠨ | ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠵᠥ ᠨᠠᠷᠢᠨ | ᠣᠶᠢᠯᠠᠭᠠᠵᠤ᠂ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ | ᠰᠠᠨᠠᠭ᠎ᠠ ᠶᠢ ᠤᠯᠠᠮ ᠨᠢᠭᠡ ᠠᠯᠬᠤᠮ ᠨᠡᠪᠳᠡᠷᠡᠳᠡᠯ᠎ᠡ ᠣᠶᠢᠯᠠᠭᠠᠵᠤ᠂ ᠬᠥᠮᠥᠨ ᠪᠠ ᠬᠡᠷᠡᠭ ᠶᠠᠪᠤᠳᠠᠯ ᠢ ᠦᠵᠡᠵᠦ | ᠠᠰᠠᠭᠤᠳᠠᠯ ᠢ ᠡᠷᠢᠵᠦ ᠵᠠᠯᠠᠷᠠᠭᠤᠯᠤᠨ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠪᠣᠳᠠᠲᠠᠢ ᠭᠠᠷᠳᠠᠴᠠ ᠲᠠᠢ | ᠪᠤᠯᠭᠠᠬᠤ ᠪᠠᠷ ᠴᠢᠷᠮᠠᠶᠢᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠤ ᠲᠠᠷᠠᠭ᠎ᠠ ᠴᠡᠭ ᠢᠶᠠᠷ ᠨᠡᠶᠢᠳᠡᠮ ᠢ | ᠳᠠᠶᠢᠴᠢᠯᠠᠬᠤ ᠦᠷ᠎ᠡ ᠪᠦᠲᠦᠮᠵᠢ ᠣᠯᠬᠤ ᠬᠡᠷᠡᠭᠲᠡᠢ᠃ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠴᠢᠩᠭ᠎ᠠ ᠪᠣᠳᠠᠲᠠᠢ | ᠠᠳᠬᠤᠵᠤ᠂ ᠴᠡᠭᠴᠡᠯᠡᠨ ᠵᠠᠰᠠᠬᠤ ᠲᠥᠷᠥᠯ ᠵᠦᠢᠯ ᠪᠠ ᠪᠠᠷᠢᠮᠵᠢᠶ᠎ᠠ ᠶᠢ ᠦᠨᠡᠨ ᠪᠣᠳᠠᠲᠠᠢ ᠲᠣᠭᠲᠠᠭᠠᠵᠤ᠂ ᠳᠡᠭᠡᠳᠦ | ᠳᠣᠣᠷᠠᠳᠤ ᠱᠠᠲᠤ ᠬᠤᠯᠪᠤᠭᠠᠯᠠᠨ ᠬᠥᠳᠡᠯᠦᠯᠴᠡᠵᠦ᠂ ᠨᠢᠭᠡᠳᠦᠯᠲᠡᠢ ᠲᠥᠯᠥᠪᠵᠢᠭᠦᠯᠦᠨ ᠪᠦᠭᠦᠨ ᠢ ᠬᠠᠮᠤᠷᠴᠤ | ᠴᠡᠭᠴᠡᠯᠡᠨ ᠵᠠᠰᠠᠬᠤ ᠶᠢ ᠠᠬᠢᠭᠤᠯᠵᠤ᠂ ᠳᠦᠷᠢᠮ ᠲᠣᠭᠲᠠᠭᠠᠯ ᠲᠣᠭᠲᠠᠭᠠᠬᠤ ᠳᠤ ᠲᠦᠰᠢᠭᠯᠡᠨ ᠠᠰᠠᠭᠤᠳᠠᠯ ᠢ | ᠦᠨᠳᠦᠰᠦᠨ ᠠᠴᠠ ᠨᠢ ᠴᠡᠭᠴᠡᠯᠡᠨ ᠰᠠᠶᠢᠵᠢᠷᠠᠭᠤᠯᠬᠤ᠂ ᠠᠯᠳᠠᠰᠢ ᠶᠢ ᠬᠤᠷᠢᠭᠯᠠᠬᠤ ᠶᠢ ᠴᠢᠬᠤᠯᠠᠴᠢᠯᠠᠵᠤ᠂ ᠴᠡᠭᠴᠡᠯᠡᠨ | ᠰᠠᠶᠢᠵᠢᠷᠠᠭᠤᠯᠬᠤ ᠳᠤᠮᠳᠠ ᠬᠠᠰᠢ ᠶᠠᠰᠢ ᠪᠠᠷ ᠠᠯᠪᠠ ᠬᠠᠭᠠᠭᠰᠠᠳ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ | ᠬᠠᠷᠢᠭᠤᠴᠠᠯᠭ᠎ᠠ ᠲᠤᠯᠭᠠᠬᠤ ᠬᠡᠷᠡᠭᠲᠡᠢ᠃ ᠨᠢᠭᠤᠷ ᠲᠠᠯ᠎ᠠ ᠬᠠᠷᠠᠬᠤ ᠦᠭᠡᠢ ᠪᠠᠷ ᠦᠨᠡᠨ ᠬᠦ ᠬᠢᠨᠠᠨ ᠵᠢᠯᠤᠭᠤᠳᠴᠤ᠂ | ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠦᠨ ᠮᠡᠳᠡᠭᠦᠯᠵᠦ᠂ ᠬᠤᠯᠪᠣᠭᠳᠠᠯ ᠪᠦᠬᠦᠢ ᠲᠠᠯ᠎ᠠ ᠶᠢᠨ ᠬᠢᠨ ᠢ | ᠱᠠᠯᠠᠪᠳᠠᠭᠤᠯᠵᠤ ᠪᠠᠶᠢᠭᠠᠳ ᠠᠰᠠᠭᠤᠳᠠᠯ ᠢ ᠦᠨᠡᠨ ᠪᠣᠳᠠᠲᠠᠢ ᠰᠢᠢᠳᠪᠦᠷᠢᠯᠡᠭᠦᠯᠬᠦ ᠬᠡᠷᠡᠭᠲᠡᠢ᠃ ᠡᠯ᠎ᠡ ᠱᠠᠲᠤᠨ ᠤ | ᠤᠳᠤᠷᠢᠳᠬᠤ ᠪᠠᠶᠢᠭᠤᠯᠭ᠎ᠠ ᠪᠣᠯᠣᠨ ᠤᠳᠤᠷᠢᠳᠬᠤ ᠺᠠᠳ᠋ᠷ ︽ᠲᠦᠷᠦᠭᠦᠴᠢ ᠭᠠᠯᠠᠭᠤ ᠶᠢᠨ ᠦᠢᠯᠡᠳᠦᠯ︾ ᠢ | ᠪᠠᠳᠠᠷᠠᠭᠤᠯᠵᠤ᠂ ᠮᠤᠵᠢ ᠶᠢᠨ ᠱᠠᠲᠤᠨ ᠤ ᠤᠳᠤᠷᠢᠳᠬᠤ ᠺᠠᠳ᠋ᠷ ︽ᠨᠢᠭᠡ ᠠᠵᠢᠯ ᠤᠨ ᠪᠠᠶᠢᠷᠢ ᠳᠤ ᠬᠤᠣᠰ | ᠬᠠᠷᠢᠭᠤᠴᠠᠯᠭ᠎ᠠ ᠡᠭᠦᠷᠭᠡᠯᠡᠬᠦ︾ ᠶᠢ ᠲᠦᠷᠦᠭᠦᠯᠡᠨ ᠭᠦᠢᠴᠡᠳᠬᠡᠵᠦ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ | ᠪᠣᠯᠣᠨ ᠭᠠᠵᠠᠷ ᠣᠷᠣᠨ ᠲᠠᠢ ᠬᠠᠷᠢᠯᠴᠠᠬᠤ ᠺᠠᠳ᠋ᠷ ᠤᠨ ᠡᠩᠨᠡᠭᠡ ᠶᠢᠨ ᠰᠤᠷᠲᠠᠯ ᠤᠨ ᠪᠠᠶᠢᠳᠠᠯ ᠢ ᠭᠦᠨᠵᠡᠭᠡᠢ ᠣᠶᠢᠯᠠᠭᠠᠨ | ᠡᠵᠡᠮᠰᠢᠵᠦ᠂ ᠠᠰᠠᠭᠤᠳᠠᠯ ᠢ ᠰᠢᠢᠳᠪᠦᠷᠢᠯᠡᠬᠦ ᠰᠡᠳᠬᠢᠬᠦᠢ ᠶᠢ ᠪᠠᠷᠢᠮᠲᠠᠯᠠᠵᠤ᠂ ᠰᠠᠨᠠᠭᠠᠴᠢᠯᠠᠭ᠎ᠠ ᠠᠴᠠ ᠪᠠᠨ ᠠᠰᠠᠭᠤᠳᠠᠯ ᠢ | ᠰᠢᠢᠳᠪᠦᠷᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠰᠤᠷᠲᠠᠯ ᠤᠨ ᠪᠠᠶᠢᠭᠤᠯᠤᠯᠲᠠ ᠶᠢ ᠠᠳᠬᠤᠬᠤ ᠶᠢ ᠠᠵᠤ ᠠᠬᠤᠢ ᠶᠢᠨ ᠪᠦᠲᠦᠭᠡᠨ | ᠪᠠᠶᠢᠭᠤᠯᠤᠯᠲᠠ ᠶᠢ ᠠᠳᠬᠤᠬᠤ ᠯᠤᠭ᠎ᠠ ᠨᠢᠭᠡᠳᠦᠯᠲᠡᠢ ᠲᠥᠯᠥᠪᠵᠢᠭᠦᠯᠵᠦ᠂ ᠥᠪᠡᠷᠲᠡᠭᠡᠨ ᠵᠠᠰᠠᠬᠤ ᠣᠷᠣᠨ ᠠᠴᠠ | ᠠᠶᠢᠮᠠᠭ ᠬᠤᠲᠠ ᠭᠦᠷᠲᠡᠯ᠎ᠡ᠂ ᠳᠠᠭᠢᠭᠠᠳ ᠬᠤᠰᠢᠭᠤ ᠰᠢᠶᠠᠨ ᠭᠦᠷᠲᠡᠯ᠎ᠡ ᠪᠦᠷ ᠠᠵᠤ ᠠᠬᠤᠢ ᠶᠢᠨ ᠪᠦᠲᠦᠭᠡᠨ | ᠪᠠᠶᠢᠭᠤᠯᠤᠯᠲᠠ ᠭᠡᠬᠦ ᠡᠨᠡ ᠬᠦ ᠭᠤᠣᠯ ᠠᠵᠢᠯ ᠢ ᠥᠴᠥᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠵᠤ᠂ | ᠠᠵᠤ ᠠᠬᠤᠢ ᠶᠢ ᠬᠦᠴᠦᠯᠡᠨ ᠲᠡᠮᠡᠴᠡᠬᠦ᠂ ᠬᠥᠭᠵᠢᠯᠲᠡ ᠶᠢ ᠠᠬᠢᠭᠤᠯᠬᠤ ᠡᠷᠴᠢ ᠵᠣᠷᠢᠭ ᠢᠶᠠᠨ ᠬᠥᠪᠴᠢᠯᠡᠵᠦ᠂ ᠠᠵᠤ | ᠠᠬᠤᠢ ᠶᠢᠨ ᠦᠷᠭᠦᠯᠵᠢᠯᠡᠨ ᠳᠡᠭᠡᠭᠰᠢᠯᠡᠵᠦ ᠰᠠᠶᠢᠵᠢᠷᠠᠬᠤ ᠶᠢ ᠪᠦᠭᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ | ᠦᠢᠯᠡᠳᠪᠦᠷᠢᠯᠡᠯ ᠤᠨ ᠠᠮᠤᠷ ᠲᠦᠪᠰᠢᠨ ᠢ ᠪᠠᠲᠤᠯᠠᠬᠤ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠠᠷᠢᠮᠵᠢᠶ᠎ᠠ ᠳᠤ | ᠨᠡᠶᠢᠴᠡᠭᠰᠡᠨ ᠤᠷᠢᠲᠠᠯ ᠳᠣᠣᠷ᠎ᠠ᠂ ᠡᠯ᠎ᠡ ᠲᠦᠷᠦᠯ ᠤᠨ ᠠᠭᠤᠷᠬᠠᠢ ᠶᠢᠨ ᠠᠵᠤ ᠠᠬᠤᠶᠢᠯᠠᠯ ᠤᠨ ᠨᠡᠭᠡᠭᠡᠵᠦ | ᠪᠤᠯᠬᠤ ᠶᠢ ᠨᠢ ᠪᠦᠭᠦᠨ ᠢ ᠨᠡᠭᠡᠭᠡᠬᠦ ᠶᠢ ᠠᠬᠢᠭᠤᠯᠵᠤ᠂ ᠬᠤᠯᠪᠣᠭᠳᠠᠯ ᠪᠦᠬᠦᠢ ᠠᠵᠤ ᠠᠬᠤᠶᠢᠯᠠᠯ ᠤᠨ ᠭᠠᠷᠤᠯᠲᠠ ᠶᠢ | ᠲᠣᠭᠲᠠᠪᠤᠷᠢᠵᠢᠭᠤᠯᠤᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠯᠥᠰᠦᠨ ᠲᠠᠷᠢᠶᠠᠴᠢᠨ ᠤ ᠴᠠᠯᠢᠩ ᠢ | ᠥᠭᠬᠦ ᠶᠢ ᠪᠠᠲᠤᠯᠠᠬᠤ ᠳᠦᠷᠢᠮ ︵ᠲᠥᠰᠥᠯ ᠳᠤ ᠵᠠᠰᠠᠪᠤᠷᠢ ᠣᠷᠣᠭᠤᠯᠤᠭᠰᠠᠨ ᠨᠣᠣᠷᠠᠭ︶︾ ᠢ ᠬᠢᠨᠠᠨ ᠵᠥᠪᠯᠡᠵᠦ᠂ | ᠡᠯ᠎ᠡ ᠱᠠᠲᠤᠨ ᠤ ᠬᠢᠨ ᠬᠠᠤᠯᠢ ᠪᠠᠷ ᠵᠠᠰᠠᠬᠤ ᠪᠠᠲᠤᠯᠠᠭ᠎ᠠ ᠶᠢ ᠴᠢᠩᠭᠠᠳᠬᠠᠵᠤ᠂ ᠳᠦᠷᠢᠮ ᠤᠨ ᠬᠡᠷᠡᠭᠵᠢᠭᠦᠯᠦᠯᠲᠡ ᠶᠢ | ᠵᠢᠷᠤᠮᠵᠢᠭᠤᠯᠵᠤ᠂ ᠴᠠᠯᠢᠩ ᠥᠷᠢᠲᠦᠬᠦ ᠠᠰᠠᠭᠤᠳᠠᠯ ᠢ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠮᠠᠭᠤ | ᠰᠠᠨᠠᠭ᠎ᠠ ᠪᠠᠷ ᠴᠠᠯᠢᠩ ᠥᠷᠢᠲᠦᠬᠦ ᠶᠢ ᠴᠢᠩᠭ᠎ᠠ ᠰᠢᠳᠭᠡᠵᠦ᠂ ᠬᠥᠯᠥᠰᠦᠨ ᠲᠠᠷᠢᠶᠠᠴᠢᠨ ᠤ ᠬᠠᠤᠯᠢ ᠶᠣᠰᠣᠨ ᠤ ᠡᠷᠬᠡ | ᠠᠰᠢᠭ ᠢ ᠦᠨᠡᠨ ᠬᠦ ᠰᠠᠶᠢᠲᠤᠷ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |