︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦ᠋ᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠰᠤᠷᠤᠯᠴᠠᠯᠭ᠎ᠠ ᠶᠢᠨ ᠤᠨᠤᠯ ᠤᠨ ᠴᠤᠪᠤᠷᠠᠯ︾ ᠤᠨ ᠠᠷᠪᠠᠨ ᠨᠢᠭᠡᠳᠦᠭᠡᠷ ᠡᠮᠬᠢᠳᠭᠡᠯ ᠠᠴᠠ ᠠᠷᠪᠠᠨ ᠲᠠᠪᠤᠳᠤᠭᠠᠷ ᠡᠮᠬᠢᠳᠭᠡᠯ ᠢ ᠬᠡᠪᠯᠡᠨ ᠲᠠᠷᠬᠠᠭᠠᠪᠠ
ᠨᠡᠶᠢᠲᠡᠯᠡᠭᠰᠡᠨ ᠴᠠᠭ᠄
2025/5/20
   ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠨᠠᠮ ᠤᠨ ᠲᠡᠦᠬᠡ ᠪᠠ ᠲᠤᠯᠭᠤᠷ ᠪᠢᠴᠢᠭ ᠤᠨ ᠰᠤᠳᠤᠯᠭᠠᠨ ᠤ ᠬᠦᠷᠢᠶᠡᠯᠡᠩ ᠤᠨ ᠨᠠᠶᠢᠷᠠᠭᠤᠯᠤᠭᠰᠠᠨ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦ᠋ᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠰᠤᠷᠤᠯᠴᠠᠯᠭ᠎ᠠ ᠶᠢᠨ ᠤᠨᠤᠯ ᠤᠨ ᠴᠤᠪᠤᠷᠠᠯ︾ ᠤᠨ ᠠᠷᠪᠠᠨ ᠨᠢᠭᠡᠳᠦᠭᠡᠷ ᠡᠮᠬᠢᠳᠭᠡᠯ ᠠᠴᠠ ᠠᠷᠪᠠᠨ ᠲᠠᠪᠤᠳᠤᠭᠠᠷ ᠡᠮᠬᠢᠳᠭᠡᠯ ᠢ ᠣᠶᠢᠷ᠎ᠠ ᠳᠤ ᠲᠥᠪ ᠤᠨ ᠲᠤᠯᠭᠤᠷ ᠪᠢᠴᠢᠭ ᠤᠨ ᠬᠡᠪᠯᠡᠯ ᠤᠨ ᠬᠤᠷᠢᠶ᠎ᠠ ᠠᠴᠠ ᠬᠡᠪᠯᠡᠭᠦᠯᠵᠦ᠂ ᠪᠥᠬᠦ ᠤᠯᠤᠰ ᠲᠤ ᠲᠠᠷᠬᠠᠭᠠᠪᠠ᠃   ᠲᠤᠰ ᠨᠣᠮ ᠤᠨ ᠠᠷᠪᠠᠨ ᠨᠢᠭᠡᠳᠦᠭᠡᠷ ᠡᠮᠬᠢᠳᠭᠡᠯ ᠠᠴᠠ ᠠᠷᠪᠠᠨ ᠲᠠᠪᠤᠳᠤᠭᠠᠷ ᠡᠮᠬᠢᠳᠭᠡᠯ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠨᠠᠮ ᠤᠨ ᠲᠡᠦᠬᠡ ᠪᠠ ᠲᠤᠯᠭᠤᠷ ᠪᠢᠴᠢᠭ ᠤᠨ ᠰᠤᠳᠤᠯᠭᠠᠨ ᠤ ᠬᠦᠷᠢᠶᠡᠯᠡᠩ ᠤᠨ 2023 ᠣᠨ ᠤ 11 ᠰᠠᠷ᠎ᠠ ᠠᠴᠠ ᠨᠠᠭᠠᠰᠢᠬᠢ ᠵᠣᠬᠢᠶᠠᠨ ᠪᠠᠶᠢᠭᠤᠯᠵᠤ ᠲᠤᠭᠤᠷᠪᠢᠨ ᠪᠢᠴᠢᠭᠰᠡᠨ ᠪᠥᠭᠡᠳ ᠠᠷᠠᠳ ᠤᠨ ᠡᠳᠦᠷ ᠤᠨ ᠰᠣᠨᠢᠨ᠂ ︽ᠦᠨᠡᠨ︾ ᠰᠡᠳᠬᠦᠯ ᠵᠡᠷᠭᠡ ᠳᠤ ᠨᠡᠶᠢᠲᠡᠯᠡᠭᠰᠡᠨ ᠨᠡᠶᠢᠲᠡ 29 ᠰᠢᠷᠢᠰ ᠤᠨᠤᠯ ᠤᠨ ᠤᠬᠠᠭᠤᠯᠭ᠎ᠠ ᠶᠢᠨ ᠵᠣᠬᠢᠶᠠᠯ ᠢ ᠤᠷᠤᠭᠤᠯᠵᠤ᠂ ᠪᠠᠷᠤᠭ 23 ᠲᠦᠮᠡᠨ ᠦᠰᠦᠭ ᠲᠠᠢ᠃ ᠡᠳᠡᠭᠡᠷ ᠵᠣᠬᠢᠶᠠᠯ ᠨᠢ ᠶᠡᠷᠦᠩᠬᠡᠢ ᠱᠦᠵᠢ ᠰᠢ ᠶᠢᠨ ᠫᠢᠩ ᠤᠨ ᠬᠤᠯᠪᠣᠭᠳᠠᠯ ᠪᠦᠬᠦᠢ ᠴᠢᠬᠤᠯᠠ ᠥᠭᠦᠯᠡᠯᠲᠡ ᠶᠢ ᠰᠤᠷᠤᠯᠴᠠᠨ ᠲᠤᠭᠤᠰᠢᠯᠠᠭᠤᠯᠬᠤ ᠶᠢᠨ ᠲᠣᠭᠤᠷᠢᠨ ᠳᠤ᠂ ᠰᠢᠨ᠎ᠡ ᠴᠠᠭ ᠦᠶ᠎ᠡ ᠶᠢᠨ ᠨᠠᠮ ᠤᠨ ᠰᠢᠨ᠎ᠡ ᠡᠭᠦᠳᠦᠯᠲᠡ ᠶᠢᠨ ᠤᠨᠤᠯ ᠤᠨ ᠰᠢᠰᠲᠤᠮᠵᠢᠭ᠍ᠰᠡᠨ ᠰᠤᠳᠤᠯᠭᠠᠨ᠂ ᠶᠣᠰᠣ ᠵᠦᠢᠴᠢᠯᠡᠭᠰᠡᠨ ᠲᠠᠶᠢᠯᠪᠤᠷᠢᠯᠠᠯᠲᠠ ᠶᠢ ᠴᠢᠷᠮᠠᠶᠢᠨ ᠠᠬᠢᠭᠤᠯᠪᠠ᠃ ᠲᠤᠰ ᠨᠣᠮ ᠤᠨ ᠨᠢᠭᠡᠳᠦᠭᠡᠷ ᠡᠮᠬᠢᠳᠭᠡᠯ ᠠᠴᠠ ᠲᠠᠪᠤᠳᠤᠭᠠᠷ ᠡᠮᠬᠢᠳᠭᠡᠯ᠂ ᠵᠢᠷᠭᠤᠳᠤᠭᠠᠷ ᠡᠮᠬᠢᠳᠭᠡᠯ ᠠᠴᠠ ᠠᠷᠪᠠᠳᠤᠭᠠᠷ ᠡᠮᠬᠢᠳᠭᠡᠯ ᠢ ᠲᠤᠰ ᠲᠤᠰ 2020 ᠣᠨ᠂ 2023 ᠣᠨ ᠳᠤ ᠬᠡᠪᠯᠡᠨ ᠲᠠᠷᠬᠠᠭᠠᠪᠠ᠃   ︵ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 19 ᠤ ᠴᠠᠬᠢᠯᠭᠠᠨ ᠮᠡᠳᠡᠭᠡ︶
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号