ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ 106 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/5/21
   5 ᠰᠠᠷ᠎ᠠ ᠶᠢᠨ 20 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠼᠠᠢ ᠪᠦᠦ ᠵᠢᠶᠦ᠋ᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ 106 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠪᠠ᠃ ᠶᠡᠷᠦᠩᠬᠡᠢ ᠱᠦᠵᠢ ᠰᠢ ᠶᠢᠨ ᠫᠢᠩ ᠤᠨ ᠭᠤᠴᠢᠨ ᠲᠠᠪᠤᠳᠤᠭᠠᠷ ᠪᠦᠬᠦ ᠤᠯᠤᠰ ᠤᠨ ᠵᠡᠮᠳᠡᠭᠴᠦᠳ ᠢ ᠲᠤᠰᠠᠯᠠᠬᠤ ᠡᠳᠦᠷ ᠬᠦᠷᠴᠦ ᠢᠷᠡᠬᠦ ᠲᠠᠰᠢᠷᠠᠮ ᠳᠤ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ 2024 ᠣᠨ ᠤ ︽ᠬᠠᠷᠢᠭᠤᠴᠠᠯᠭ᠎ᠠ ᠡᠭᠦᠷᠭᠡᠯᠡᠨ ᠰᠠᠶᠢᠨ ᠺᠠᠳ᠋ᠷ ᠪᠣᠯᠬᠤ︾ ᠨᠡᠷᠡᠶᠢᠳᠦᠯ ᠤᠨ ᠬᠤᠷᠠᠯ ᠪᠠ ᠥᠪᠡᠷᠲᠡᠭᠡᠨ ᠵᠠᠰᠠᠬᠤ ᠣᠷᠣᠨ ᠤ ᠬᠥᠳᠡᠯᠮᠦᠷᠢ ᠶᠢᠨ ᠵᠢᠱᠢᠶᠡᠴᠢ᠂ ᠲᠡᠷᠢᠭᠦᠨ ᠤ ᠠᠵᠢᠯᠲᠠᠨ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠯᠪᠣᠭᠳᠠᠯ ᠪᠦᠬᠦᠢ ᠤᠴᠢᠷ ᠶᠠᠪᠤᠳᠠᠯ ᠢ ᠰᠣᠨᠣᠰᠴᠤ ᠬᠢᠨᠠᠨ ᠵᠥᠪᠯᠡᠵᠦ᠂ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠬᠤ ᠶᠢ ᠵᠡᠮᠳᠡᠭᠴᠦᠳ ᠤᠨ ᠠᠵᠢᠯ ᠤᠨ ᠪᠦᠬᠦ ᠶᠠᠪᠤᠴᠠ ᠶᠢᠨ ᠡᠯ᠎ᠡ ᠲᠠᠯ᠎ᠠ ᠳᠤ ᠲᠤᠭᠤᠰᠢᠯᠠᠭᠤᠯᠵᠤ᠂ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠴᠢᠭᠯᠡᠯ ᠢ ᠪᠠᠲᠤ ᠡᠵᠡᠮᠳᠡᠵᠦ᠂ ᠵᠡᠮᠳᠡᠭᠴᠦᠳ ᠤᠨ ᠠᠵᠢᠯ ᠢ ᠢᠮᠠᠭᠲᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠵᠡᠮᠳᠡᠭᠴᠦᠳ ᠤᠨ ᠦᠨᠳᠦᠰᠦᠨ ᠵᠦᠢᠯ ᠢ ᠪᠠᠲᠤᠯᠠᠬᠤ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠬᠢᠨᠠᠮᠠᠭᠠᠢ ᠰᠠᠶᠢᠲᠤᠷ ᠨᠠᠶᠢᠳᠠᠪᠤᠷᠢᠵᠢᠭᠤᠯᠵᠤ᠂ ᠵᠡᠮᠳᠡᠭᠴᠦᠳ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠵᠦ᠂ ᠵᠡᠮᠳᠡᠭᠴᠦᠳ ᠢ ᠲᠡᠳᠬᠦᠵᠦ ᠵᠡᠮᠳᠡᠭᠴᠦᠳ ᠢ ᠲᠤᠰᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠶᠡᠭᠡ ᠪᠠᠷ ᠪᠣᠢ ᠪᠣᠯᠭᠠᠬᠤ ᠬᠡᠷᠡᠭᠲᠡᠢ᠃    ᠬᠤᠷᠠᠯ ᠠᠴᠠ ᠱᠠᠭᠠᠷᠳᠠᠭᠰᠠᠨ ᠨᠢ᠂ ᠴᠢᠳᠠᠪᠤᠷᠢᠲᠠᠨ ᠢ ᠣᠷᠣᠭᠤᠯᠤᠨ ᠠᠪᠴᠢᠷᠠᠵᠤ ᠦᠯᠡᠳᠡᠭᠡᠨ ᠬᠡᠷᠡᠭᠯᠡᠬᠦ ᠶᠢ ᠤᠯᠠᠮ ᠨᠢᠭᠡ ᠠᠯᠬᠤᠮ ᠴᠢᠩᠭᠠᠳᠬᠠᠵᠤ᠂ ᠪᠦᠬᠦ ᠬᠤᠰᠢᠭᠤᠨ ᠤ ᠨᠠᠮ ᠤᠨ ᠭᠡᠰᠢᠭᠦᠨ ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ᠂ ᠠᠵᠢᠯ ᠬᠢᠵᠦ ᠦᠢᠯᠡᠰ ᠴᠣᠭᠴᠠᠯᠠᠬᠤ ᠢᠳᠡᠪᠬᠢᠵᠢᠯ ᠢ ᠦᠷᠭᠦᠯᠵᠢᠯᠡᠨ ᠬᠥᠭᠵᠢᠭᠡᠵᠦ᠂ ᠵᠥᠪ ᠲᠠᠯ᠎ᠠ ᠶᠢᠨ ᠵᠣᠷᠢᠭᠵᠢᠭᠤᠯᠤᠯ ᠤᠨ ᠳᠤᠮᠳᠠ ᠢᠯᠡ ᠲᠣᠳᠣ ᠤᠳᠤᠷᠢᠳᠤᠮᠵᠢ ᠶᠢ ᠪᠣᠢ ᠪᠣᠯᠭᠠᠬᠤ ᠬᠡᠷᠡᠭᠲᠡᠢ᠃ ᠬᠥᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ᠂ ᠬᠥᠳᠡᠯᠮᠦᠷᠢ ᠶᠢᠨ ᠵᠣᠷᠢᠭ ᠰᠠᠨᠠᠭ᠎ᠠ᠂ ᠤᠷᠠᠨ ᠳᠠᠷᠬᠠᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠲᠡᠷᠢᠭᠦᠨ ᠤ ᠬᠢ ᠠᠴᠠ ᠰᠤᠷᠤᠯᠴᠠᠬᠤ᠂ ᠲᠡᠷᠢᠭᠦᠨ ᠤ ᠬᠢ ᠶᠢ ᠬᠥᠭᠡᠭᠡᠴᠡᠯᠳᠦᠬᠦ ᠬᠡᠪ ᠰᠤᠷᠲᠠᠯ ᠢ ᠢᠳᠡᠪᠬᠢᠲᠡᠢ ᠰᠠᠨᠠᠭᠠᠴᠢᠯᠠᠵᠤ᠂ ᠬᠥᠳᠡᠯᠮᠦᠷᠢ ᠶᠢᠨ ᠵᠢᠱᠢᠶᠡᠴᠢ ᠶᠢᠨ ᠦᠯᠢᠭᠡᠷ᠂ ᠬᠥᠳᠡᠯᠮᠦᠷᠢ ᠶᠢᠨ ᠦᠯᠢᠭᠡᠷ᠂ ᠤᠷᠠᠨ ᠳᠠᠷᠬᠠᠨ ᠤ ᠦᠯᠢᠭᠡᠷ ᠢ ᠨᠠᠷᠢᠨ ᠬᠢᠨᠠᠮᠠᠭᠠᠢ ᠰᠠᠶᠢᠲᠤᠷ ᠶᠠᠷᠢᠵᠤ᠂ ᠵᠢᠱᠢᠶᠡᠴᠢ ᠨᠡᠶᠢᠲᠡᠯᠢᠭ ᠵᠢᠱᠢᠶ᠎ᠡ ᠶᠢᠨ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠦᠨᠡᠨᠬᠦ ᠰᠠᠶᠢᠲᠤᠷ ᠪᠠᠳᠠᠷᠠᠭᠤᠯᠬᠤ ᠬᠡᠷᠡᠭᠲᠡᠢ᠃ ᠬᠤᠷᠠᠯ ᠠᠴᠠ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠴᠢᠬᠤᠯᠠ ᠭᠠᠷᠳᠠᠴᠠ ᠪᠣᠯᠭᠠᠬᠤ ᠶᠢ ᠪᠠᠷᠢᠮᠲᠠᠯᠠᠵᠤ᠂ ᠳᠣᠪᠤᠶᠢᠮ᠎ᠠ ᠠᠰᠠᠭᠤᠳᠠᠯ ᠢ ᠭᠦᠨᠵᠡᠭᠡᠢ ᠪᠠᠶᠢᠴᠠᠭᠠᠨ ᠣᠨᠣᠪᠴᠢᠲᠠᠢ ᠡᠷᠢᠨ ᠣᠯᠵᠤ᠂ ᠠᠰᠠᠭᠤᠳᠠᠯ ᠤᠨ ᠦᠨᠳᠦᠰᠦ ᠰᠤᠷᠪᠤᠯᠵᠢ ᠶᠢ ᠭᠦᠨᠵᠡᠭᠡᠢ ᠠᠭᠤᠳᠠᠯᠵᠤ᠂ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ ᠶᠢ ᠡᠷᠡᠰ ᠬᠦᠴᠦᠲᠡᠢ ᠰᠠᠶᠢᠲᠤᠷ ᠠᠳᠬᠤᠬᠤ ᠬᠡᠷᠡᠭᠲᠡᠢ᠃ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ᠂ ᠵᠡᠷᠭᠡᠪᠡᠷ ᠠᠳᠬᠤᠨ ᠬᠠᠮᠲᠤᠪᠠᠷ ᠬᠠᠮᠢᠶᠠᠷᠬᠤ᠂ ᠲᠤᠰᠢᠶᠠᠯ ᠳᠠᠭᠠᠨ ᠣᠰᠣᠯᠳᠠᠪᠠᠯ ᠬᠠᠷᠢᠭᠤᠴᠠᠯᠭ᠎ᠠ ᠨᠡᠬᠡᠮᠵᠢᠯᠡᠬᠦ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠦᠨ ᠰᠢᠢᠳᠪᠦᠷᠢᠯᠡᠵᠦ᠂ ᠣᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号