ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶᠠᠨ ᠤ ᠬᠠᠮᠤᠭ ᠤᠨ ᠰᠢᠨ᠎ᠡ ᠮᠡᠳᠡᠭᠡ ᠶᠢ ᠦᠨᠳᠦᠰᠦᠯᠡᠪᠡᠯ | ᠂ ᠡᠨᠡ ᠵᠢᠯ ᠤᠨ ᠲᠦᠷᠦᠭᠦᠤ 4 ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠰᠢᠨ᠎ᠡ ᠡᠨᠧᠷᠭᠢ ᠪᠠᠷ ᠴᠠᠬᠢᠯᠭᠠᠨ | ᠭᠠᠷᠭᠠᠭᠰᠠᠨ ᠬᠡᠮᠵᠢᠶ᠎ᠡ 1005 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠲᠠᠢ | ᠠᠳᠠᠯᠢᠳᠬᠠᠪᠠᠯ 43.4% ᠪᠠᠷ ᠨᠡᠮᠡᠭᠳᠡᠨ᠂ ᠪᠥᠬᠦ ᠣᠷᠣᠨ ᠤ ᠴᠠᠬᠢᠯᠭᠠᠨ ᠭᠠᠷᠭᠠᠭᠰᠠᠨ ᠶᠡᠷᠦᠩᠬᠡᠢ ᠬᠡᠮᠵᠢᠶᠡᠨ ᠤ 35. | 9% ᠶᠢ ᠡᠵᠡᠯᠡᠵᠦ᠂ ᠠᠳᠠᠯᠢ ᠬᠤᠭᠤᠴᠠᠭᠠᠨ ᠤ ᠬᠢ ᠲᠠᠢ ᠠᠳᠠᠯᠢᠳᠬᠠᠪᠠᠯ 9.6 ᠵᠠᠭᠤᠨ ᠤ ᠬᠤᠪᠢ ᠳᠡᠭᠡᠭᠰᠢᠯᠡᠵᠡᠢ᠃ | ᠡᠭᠦᠨ ᠳᠤ᠂ ᠭᠠᠳᠠᠭᠰᠢ ᠬᠦᠷᠭᠡᠭᠰᠡᠨ ᠰᠢᠨ᠎ᠡ ᠡᠨᠧᠷᠭᠢ ᠶᠢᠨ ᠴᠠᠬᠢᠯᠭᠠᠨ 350 ᠳ᠋ᠦᠩᠰᠢᠭᠤᠷ ᠺᠢᠯᠣᠸᠠᠲ ᠴᠠᠭ ᠲᠤ | ᠬᠦᠷᠴᠦ᠂ ᠲᠤᠬᠠᠢ ᠶᠢᠨ ᠭᠠᠵᠠᠷ ᠲᠤ ᠪᠠᠨ ᠰᠢᠩᠭᠡᠭᠡᠨ ᠠᠰᠢᠭᠯᠠᠭᠰᠠᠨ ᠰᠢᠨ᠎ᠡ ᠡᠨᠧᠷᠭᠢ ᠶᠢᠨ ᠴᠠᠬᠢᠯᠭᠠᠨ 655 | ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠪᠥᠬᠦ ᠣᠷᠣᠨ ᠤ ᠪᠥᠬᠦ ᠨᠡᠶᠢᠭᠡᠮ ᠤᠨ | ᠴᠠᠬᠢᠯᠭᠠᠨ ᠬᠡᠷᠡᠭᠯᠡᠭᠰᠡᠨ ᠬᠡᠮᠵᠢᠶᠡᠨ ᠤ 36.9% ᠶᠢ ᠡᠵᠡᠯᠡᠵᠦ᠂ ᠤᠯᠤᠰ ᠠᠴᠠ ᠪᠠᠭᠤᠯᠭᠠᠭᠰᠠᠨ ᠬᠠᠷᠠᠯᠲᠠ ᠶᠢᠨ | ᠬᠡᠮᠵᠢᠭᠳᠡᠯ ᠠᠴᠠ ᠪᠠᠷᠤᠭ 7 ᠵᠠᠭᠤᠨ ᠤ ᠬᠤᠪᠢ ᠪᠠᠷ ᠥᠨᠳᠥᠷ ᠪᠣᠯᠣᠭᠰᠠᠨ ᠪᠠᠶᠢᠨ᠎ᠠ᠃ | ᠤᠯᠤᠰ ᠤᠨ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠴᠢᠬᠤᠯᠠ ᠰᠠᠭᠤᠷᠢᠨ ᠪᠣᠯᠤᠭᠰᠠᠨ ᠤ | ᠬᠤᠪᠢ ᠳᠤ᠂ ᠮᠠᠨ ᠤ ᠣᠷᠣᠨ ᠣᠶᠢᠷ᠎ᠠ ᠶᠢᠨ ᠵᠢᠯ ᠤᠳ ᠲᠤ ︽ᠳᠡᠭᠡᠷ᠎ᠡ ᠪᠠᠨ ᠰᠠᠯᠬᠢᠨ ᠡᠨᠧᠷᠬᠢ ᠨᠠᠷᠠᠨ ᠤ | ᠡᠨᠧᠷᠭᠢ ᠲᠠᠢ᠂ ᠳᠣᠣᠷ᠎ᠠ ᠪᠠᠨ ᠨᠡᠭᠦᠷᠡᠰᠦᠨ ᠤ ᠡᠬᠢ ᠪᠠᠶᠠᠯᠢᠭ ᠲᠠᠢ᠂ ᠳᠡᠷᠭᠡᠳᠡ ᠪᠠᠨ ᠴᠠᠬᠢᠯᠭᠠᠨ ᠤ ᠲᠣᠣᠷ ᠲᠠᠢ︾ | ᠪᠠᠶᠢᠬᠤ ᠳᠠᠪᠠᠭᠤᠯᠢᠭ ᠢᠶᠠᠨ ᠭᠦᠢᠴᠡᠳ ᠰᠢᠩᠭᠡᠭᠡᠨ ᠠᠰᠢᠭᠯᠠᠵᠤ᠂ ︽ᠬᠤᠣᠰ ᠨᠡᠭᠦᠷᠡᠰᠦᠲᠥ᠋ᠷᠥᠭᠴᠢ︾ ᠶᠢᠨ | ᠬᠠᠷᠠᠯᠲᠠᠲᠤ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠦᠨ᠂ ︽ᠪᠠᠲᠤᠯᠠᠭ᠎ᠠ ᠶᠢᠨ ᠴᠢᠨᠠᠷᠲᠠᠢ ᠪᠠᠶᠢᠬᠤ ᠬᠢᠭᠡᠳ ᠵᠠᠬ᠎ᠠ | ᠳᠡᠯᠭᠡᠭᠦᠷᠴᠢᠯᠡᠯᠲᠡ ᠶᠢ ᠵᠡᠷᠭᠡ ᠪᠠᠷ ᠴᠢᠬᠤᠯᠠᠴᠢᠯᠠᠬᠤ᠂ ᠲᠣᠮᠣ ᠰᠠᠭᠤᠷᠢᠨ ᠬᠢᠭᠡᠳ ᠲᠠᠷᠠᠬᠠᠢ ᠪᠤᠲᠠᠷᠬᠠᠢ ᠮᠠᠶ᠋ᠢᠭ ᠬᠠᠮᠲᠤ | ᠣᠷᠣᠰᠢᠬᠤ᠂ ᠲᠤᠰ ᠭᠠᠵᠠᠷ ᠲᠤ ᠪᠠᠨ ᠠᠰᠢᠭᠯᠠᠬᠤ ᠬᠢᠭᠡᠳ ᠴᠠᠬᠢᠯᠭᠠᠨ ᠬᠦᠴᠦᠨ ᠢ ᠭᠠᠳᠠᠭᠰᠢ ᠬᠦᠷᠭᠡᠬᠦ ᠶᠢ | ᠬᠠᠮᠵᠢᠯᠴᠠᠭᠤᠯᠬᠤ︾ ᠬᠥᠭᠵᠢᠯᠲᠡ ᠶᠢᠨ ᠠᠷᠭ᠎ᠠ ᠮᠠᠶ᠋ᠢᠭ ᠢ ᠠᠯᠬᠤᠮ ᠠᠯᠬᠤᠮ ᠢᠶᠠᠷ ᠬᠠᠶᠢᠨ ᠰᠦᠪᠡᠭᠴᠢᠯᠡᠵᠦ᠂ ᠰᠢᠨ᠎ᠡ | ᠡᠨᠧᠷᠭᠢ ᠶᠢᠨ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠢ ᠲᠠᠰᠤᠷᠠᠯᠳᠠ ᠦᠭᠡᠢ ᠰᠢᠯᠢᠳᠡᠭᠵᠢᠭᠦᠯᠬᠦ᠂ ᠢᠵᠢ | ᠪᠦᠷᠢᠳᠦᠭᠦᠯᠬᠦ ᠴᠠᠬᠢᠯᠭᠠᠨ ᠲᠣᠣᠷ ᠤᠨ ᠢᠨᠵᠧᠨᠧᠷᠢᠩ ᠢ ᠤᠷᠢᠳᠴᠢᠯᠠᠨ ᠤᠬᠠᠭᠠᠯᠠᠨ ᠲᠥᠯᠥᠪᠯᠡᠬᠦ᠂ ᠰᠢᠨ᠎ᠡ | ᠬᠡᠯᠪᠡᠷᠢ ᠶᠢᠨ ᠡᠨᠧᠷᠭᠢ ᠨᠥᠭᠡᠴᠡᠯᠡᠬᠦ ᠶᠢ ᠲᠦᠷᠭᠡᠳᠬᠡᠬᠦ ᠮᠡᠲᠦ ᠶᠢᠨ ᠲᠣᠬᠢᠷᠠᠭᠤᠯᠬᠤ ᠴᠢᠨᠠᠷᠲᠠᠢ ᠴᠠᠬᠢᠯᠭᠠᠨ | ᠡᠭᠦᠰᠬᠡᠭᠴᠢ ᠶᠢᠨ ᠪᠦᠲᠦᠭᠡᠨ ᠪᠠᠶᠢᠭᠤᠯᠤᠯᠲᠠ ᠵᠡᠷᠭᠡ ᠪᠠᠷ ᠳᠠᠮᠵᠢᠭᠤᠯᠤᠨ᠂ ᠰᠢᠨ᠎ᠡ ᠡᠨᠧᠷᠭᠢ ᠶᠢ ︽ᠭᠠᠳᠠᠭᠰᠢ ᠬᠦᠷᠭᠡᠬᠦ | ︾᠂ ︽ᠰᠠᠶᠢᠲᠤᠷ ᠠᠰᠢᠭᠯᠠᠬᠤ︾ ᠪᠠᠨ ᠦᠨᠡᠨ ᠬᠦ ᠪᠠᠲᠤᠯᠠᠭᠰᠠᠭᠠᠷ ᠢᠷᠡᠵᠡᠢ᠃ ᠡᠨᠡ ᠵᠢᠯ ᠤᠨ 4 ᠳ᠋ᠦ᠋ᠭᠡᠷ ᠰᠠᠷ᠎ᠠ ᠶᠢᠨ | ᠰᠡᠭᠦᠯᠴᠢ ᠪᠣᠯᠲᠠᠯ᠎ᠠ᠂ ᠪᠥᠬᠦ ᠣᠷᠣᠨ ᠤ ᠰᠢᠨ᠎ᠡ ᠡᠨᠧᠷᠭᠢ ᠶᠢᠨ ᠶᠡᠷᠦᠩᠬᠡᠢ ᠮᠠᠰᠢᠨ ᠴᠣᠭᠴᠠᠯᠠᠪᠤᠷᠢ 1.38 | ᠳ᠋ᠦᠩᠰᠢᠭᠤᠷ ᠺᠢᠯᠣᠸᠠᠲ ᠲᠤ ᠬᠦᠷᠴᠦ᠂ ᠠᠳᠠᠯᠢ ᠬᠤᠭᠤᠴᠠᠭᠠᠨ ᠤ ᠬᠢ ᠲᠠᠢ ᠠᠳᠠᠯᠢᠳᠬᠠᠪᠠᠯ 37% ᠪᠠᠷ ᠨᠡᠮᠡᠭᠳᠡᠨ᠂ | ᠴᠠᠬᠢᠯᠭᠠᠨ ᠬᠦᠴᠦᠨ ᠤ ᠶᠡᠷᠦᠩᠬᠡᠢ ᠮᠠᠰᠢᠨ ᠴᠣᠭᠴᠠᠯᠠᠪᠤᠷᠢ ᠳᠠᠬᠢ ᠡᠵᠡᠯᠡᠬᠦ ᠬᠤᠪᠢ ᠶᠢᠨ ᠵᠢᠩ ᠨᠢ 51.2% ᠲᠤ | ᠬᠦᠷᠴᠦ᠂ ᠠᠳᠠᠯᠢ ᠬᠤᠭᠤᠴᠠᠭᠠᠨ ᠤ ᠬᠢ ᠲᠠᠢ ᠠᠳᠠᠯᠢᠳᠬᠠᠪᠠᠯ 6.4 ᠵᠠᠭᠤᠨ ᠤ ᠬᠤᠪᠢ ᠳᠡᠭᠡᠭᠰᠢᠯᠡᠵᠡᠢ᠃ |