ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶᠠᠨ ᠠᠴᠠ | ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠪᠥᠬᠦ ᠣᠷᠣᠨ ᠢᠶᠠᠷ ᠢᠶᠠᠨ ᠣᠶ ᠰᠢᠭᠤᠢ ᠨᠤᠲᠤᠭ ᠪᠡᠯᠴᠢᠭᠡᠷ ᠢ ᠡᠪᠳᠡᠨ | ᠰᠦᠢᠳᠬᠡᠵᠦ ᠪᠠᠶᠢᠭ᠎ᠠ ᠬᠠᠤᠯᠢ ᠲᠣᠭᠲᠠᠭᠠᠯ ᠠᠴᠠ ᠵᠥᠷᠢᠴᠡᠭᠰᠡᠨ ᠦᠶ᠋ᠯᠡ ᠠᠵᠢᠯᠯᠠᠭ᠎ᠠ ᠨᠤᠭᠤᠳ ᠢ ᠲᠥᠪᠯᠡᠷᠡᠭᠦᠯᠦᠨ | ᠴᠡᠭᠴᠡᠯᠡᠨ ᠵᠠᠰᠠᠬᠤ ᠠᠵᠢᠯ ᠥᠷᠨᠢᠭᠦᠯᠦᠭᠰᠡᠨ ᠠᠴᠠ ᠨᠠᠭᠠᠰᠢ᠂ ᠡᠯ᠎ᠡ ᠭᠠᠵᠠᠷ ᠤᠨ ᠬᠢᠨ ᠴᠣᠬᠢᠯᠲᠠ ᠥᠭᠬᠦ ᠪᠠ | ᠬᠠᠮᠢᠶᠠᠷᠤᠨ ᠵᠠᠰᠠᠬᠤ ᠠᠵᠢᠯ ᠢ ᠵᠡᠷᠭᠡ ᠪᠠᠷ ᠬᠢᠬᠦ ᠶᠢ ᠪᠠᠷᠢᠮᠲᠠᠯᠠᠨ᠂ ᠰᠢᠨ᠎ᠡ ᠪᠠᠷ ᠨᠡᠮᠡᠭᠳᠡᠬᠦ ᠶᠢ ᠬᠤᠷᠢᠭᠯᠠᠨ ᠵᠣᠭᠰᠤᠭᠠᠬᠤ | ᠪᠠ ᠤᠭ ᠤᠨ ᠪᠠᠶᠢᠭᠰᠠᠨ ᠠᠰᠠᠭᠤᠳᠠᠯ ᠤᠳ ᠢ ᠰᠢᠢᠳᠪᠦᠷᠢᠯᠡᠨ ᠪᠠᠭᠠᠰᠬᠠᠬᠤ ᠪᠠᠨ ᠵᠡᠷᠭᠡ ᠪᠠᠷ ᠠᠬᠢᠭᠤᠯᠵᠤ᠂ ᠣᠶ | ᠰᠢᠭᠤᠢ ᠨᠤᠲᠤᠭ ᠪᠡᠯᠴᠢᠭᠡᠷ ᠢ ᠡᠪᠳᠡᠨ ᠰᠦᠢᠳᠬᠡᠬᠦ᠂ ᠳᠤᠷ᠎ᠠ ᠪᠠᠷ ᠢᠶᠠᠨ ᠨᠡᠭᠡᠭᠡᠨ ᠬᠠᠭᠠᠯᠪᠤᠷᠢᠯᠠᠬᠤ ᠵᠡᠷᠭᠡ ᠬᠠᠤᠯᠢ | ᠲᠣᠭᠲᠠᠭᠠᠯ ᠠᠴᠠ ᠵᠥᠷᠢᠴᠡᠭᠰᠡᠨ ᠦᠶ᠋ᠯᠡ ᠠᠵᠢᠯᠯᠠᠭ᠎ᠠ ᠡᠭᠦᠰᠬᠦ ᠶᠢ ᠢᠯᠡᠳᠲᠡ ᠬᠤᠷᠢᠭᠯᠠᠨ ᠵᠣᠭᠰᠣᠭᠠᠭᠰᠠᠨ ᠢᠶᠠᠷ ︽ | ᠨᠣᠭᠤᠭᠠᠨ ᠤ ᠬᠠᠮᠠᠭᠠᠯᠠᠯᠲᠠ ᠶᠢᠨ ᠳᠠᠶᠢᠯᠠᠯᠳᠤᠭᠠᠨ ︾ ᠭᠠᠷᠤᠭ᠎ᠠ ᠰᠠᠶᠢᠲᠠᠢ ᠪᠣᠯᠣᠭᠰᠠᠨ ᠪᠠᠶᠢᠨ᠎ᠠ᠃ | ᠴᠡᠭᠴᠡᠯᠡᠨ ᠵᠠᠰᠠᠬᠤ ᠠᠵᠢᠯᠯᠠᠭᠠᠨ ᠢ ᠡᠬᠢᠯᠡᠭᠦᠯᠦᠭᠰᠡᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠦᠳᠲᠡᠷ | ᠲᠦᠷᠭᠡᠨ ᠪᠠᠶᠢᠷᠢᠯᠠᠭᠤᠯᠵᠤ᠂ ︽ᠣᠶ ᠰᠢᠭᠤᠢ ᠨᠤᠲᠤᠭ ᠪᠡᠯᠴᠢᠭᠡᠷ ᠢ ᠡᠪᠳᠡᠨ ᠰᠦᠢᠳᠬᠡᠵᠦ ᠪᠠᠶᠢᠭ᠎ᠠ ᠬᠠᠤᠯᠢ ᠠᠴᠠ | ᠵᠥᠷᠢᠴᠡᠭᠰᠡᠨ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠵᠠᠯᠬᠠᠭᠠᠨ ᠰᠢᠢᠳᠬᠡᠬᠦ ᠲᠤᠬᠠᠢ ᠬᠡᠷᠡᠭ ᠰᠢᠢᠳᠪᠦᠷᠢᠯᠡᠬᠦ | ᠠᠵᠢᠯ ᠤᠨ ᠵᠢᠯᠣᠭᠤᠳᠤᠮᠵᠢ︾ ᠵᠡᠷᠭᠡ 7 ᠵᠦᠢᠯ ᠤᠨ ᠳᠦᠷᠢᠮ ᠤᠨ ᠲᠣᠭᠲᠠᠴᠠ ᠶᠢ ᠲᠣᠭᠲᠠᠭᠠᠨ ᠨᠡᠶᠢᠲᠡᠯᠡᠵᠦ᠂ | ᠬᠠᠤᠯᠢ ᠬᠡᠷᠡᠭᠵᠢᠭᠦᠯᠬᠦ ᠪᠠᠷᠢᠮᠵᠢᠶ᠎ᠠ ᠨᠤᠭᠤᠳ ᠢ ᠨᠢᠭᠡᠳᠦᠯᠲᠡᠢ ᠪᠣᠯᠭᠠᠵᠤ᠂ ᠬᠡᠷᠡᠭ ᠰᠢᠢᠳᠪᠦᠷᠢᠯᠡᠬᠦ ᠶᠠᠪᠤᠴᠠ ᠳᠠᠬᠢ | ᠲᠦᠭᠵᠢᠷᠡᠯ ᠢ ᠰᠢᠯᠤᠭᠤᠳᠬᠠᠭᠰᠠᠨ ᠪᠠᠶᠢᠨ᠎ᠠ᠃ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠬᠢᠬᠦ ᠵᠠᠩᠭᠢᠯᠠᠭ᠎ᠠ ᠶᠢᠨ | ᠦᠶ᠎ᠡ ᠪᠠᠷ ᠢᠯᠡᠭᠦᠦ ᠠᠩᠬᠠᠷᠤᠯ ᠲᠠᠯᠪᠢᠵᠤ᠂ ᠳᠠᠭᠠᠭᠤᠯᠢ ᠤᠳᠤᠨ ᠤ ᠠᠯᠤᠰ ᠰᠡᠷᠡᠯ ᠤᠨ ᠮᠡᠷᠭᠡᠵᠢᠯ ᠤᠨ ᠠᠷᠭ᠎ᠠ | ᠪᠠᠷᠢᠯ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ᠳᠣᠣᠷᠠᠳᠤ ᠱᠠᠲᠤ ᠲᠡᠶᠢᠰᠢ ᠶᠠᠪᠤᠭᠤᠯᠤᠭᠰᠠᠨ 6 | ᠬᠤᠭᠤᠴᠠᠭᠠᠨ ᠤ ᠳᠣᠯᠪᠤᠲᠤ ᠵᠢᠷᠤᠭ ᠠᠴᠠ ᠬᠠᠷᠠᠬᠤ ᠳᠤ᠂ ᠳᠣᠯᠪᠤᠲᠤ ᠵᠢᠷᠤᠭ ᠤᠨ ᠲᠠᠯᠠᠪᠠᠢ ᠦᠷᠭᠦᠯᠵᠢᠯᠡᠨ ᠪᠠᠭᠠᠰᠴᠤ | ᠂ ᠤᠢ ᠰᠢᠭᠤᠢ ᠨᠤᠲᠤᠭ ᠪᠡᠯᠴᠢᠭᠡᠷ ᠢ ᠡᠪᠳᠡᠨ ᠰᠦᠢᠳᠬᠡᠵᠦ ᠪᠠᠶᠢᠭ᠎ᠠ ᠠᠰᠠᠭᠤᠳᠠᠯ ᠤᠨ ᠰᠢᠨ᠎ᠡ ᠪᠠᠷ ᠡᠭᠦᠰᠬᠦ ᠪᠠᠶᠢᠳᠠᠯ | ᠢᠯᠡᠳᠲᠡ ᠪᠠᠭᠠᠰᠴᠤ ᠪᠠᠶᠢᠨ᠎ᠠ᠃ ᠡᠯ᠎ᠡ ᠭᠠᠵᠠᠷ ᠤᠨ ᠬᠢᠨ ᠤ ᠥᠪᠡᠷᠰᠡᠳ ᠢᠶᠠᠨ ᠪᠠᠶᠢᠴᠠᠭᠠᠭᠰᠠᠨ ︽ᠨᠢᠭᠡᠭᠡᠨ ᠴᠤ | ᠠᠰᠠᠭᠤᠳᠠᠯ ᠦᠭᠡᠢ︾ ᠳᠣᠯᠪᠤᠲᠤ ᠵᠢᠷᠤᠭ ᠢ ᠰᠣᠩᠭᠤᠨ ᠪᠠᠶᠢᠴᠠᠭᠠᠵᠤ ᠳᠠᠬᠢᠨᠲᠠ ᠬᠢᠨᠠᠨ ᠬᠠᠷᠭᠤᠭᠤᠯᠤᠭᠠᠳ᠂ | ᠵᠢᠭᠰᠠᠭᠠᠨ ᠪᠠᠶᠢᠴᠠᠭᠠᠬᠤ ᠠᠵᠢᠯ ᠳᠤ ᠥᠨᠴᠥᠭ ᠪᠤᠯᠤᠩ ᠢ ᠨᠢ ᠣᠷᠬᠢᠭᠳᠠᠭᠤᠯᠬᠤ ᠦᠭᠡᠢ᠂ ᠬᠠᠰᠢ ᠶᠠᠰᠢ ᠬᠢᠬᠦ ᠦᠭᠡᠢ | ᠪᠠᠶᠢᠬᠤ ᠶᠢ ᠪᠠᠲᠤᠯᠠᠭᠰᠠᠨ ᠪᠠᠶᠢᠨ᠎ᠠ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ᠨᠡᠪᠲᠡᠷᠡᠭᠦᠯᠦᠨ ᠮᠡᠳᠡᠭᠡᠯᠡᠭᠰᠡᠨ | ᠨᠡᠶᠢᠲᠡᠯᠢᠭ ᠠᠰᠠᠭᠤᠳᠠᠯ ᠤᠳ ᠢ ᠰᠠᠶᠢᠨ ᠠᠩᠬᠠᠷᠴᠤ᠂ ᠳᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠠᠴᠠ | ᠵᠥᠷᠢᠴᠡᠭᠰᠡᠨ ᠠᠰᠠᠭᠤᠳᠠᠯ ᠤᠳ ᠤᠨ ᠰᠦᠪᠡᠭᠴᠢ ᠶᠢ ᠭᠦᠨᠵᠡᠭᠡᠢ ᠠᠭᠤᠳᠠᠯᠪᠠ᠃ ᠡᠭᠦᠨ ᠤ ᠬᠠᠮᠲᠤ᠂ ᠲᠣᠪᠤᠶᠢᠮ᠎ᠠ | ᠠᠰᠠᠭᠤᠳᠠᠯ ᠲᠠᠢ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠢ ᠪᠥᠬᠦ ᠣᠷᠣᠨ ᠳᠤ | ᠨᠡᠪᠲᠡᠷᠡᠭᠦᠯᠦᠨ ᠮᠡᠳᠡᠭᠡᠯᠡᠵᠦ᠂ ᠨᠢᠭᠡ ᠪᠦᠯᠦᠭ ᠳᠦᠷᠢᠮ ᠳᠣᠭᠲᠠᠭᠠᠯ ᠢ ᠵᠣᠷᠢᠭᠤᠳᠠ ᠪᠠᠷ ᠵᠥᠷᠢᠴᠡᠨ ᠬᠡᠷᠡᠭ | ᠦᠢᠯᠡᠳᠦᠭᠰᠡᠨ᠂ ᠬᠠᠭᠠᠯᠪᠤᠷᠢᠯᠠᠭᠰᠠᠨ ᠲᠠᠯᠠᠪᠠᠶ ᠪᠠᠷ ᠶᠡᠭᠡ᠂ ᠦᠷ᠎ᠡ ᠨᠥᠯᠥᠭᠡ ᠪᠠᠷ ᠬᠦᠨᠳᠦ ᠨᠣᠴᠢᠲᠠᠢ ᠬᠠᠤᠯᠢ ᠠᠴᠠ | ᠵᠥᠷᠢᠴᠡᠭᠰᠡᠨ ᠦᠶ᠋ᠯᠡ ᠠᠵᠢᠯᠯᠠᠭ᠎ᠠ ᠨᠤᠭᠤᠳ ᠢ ᠴᠢᠩᠭ᠎ᠠ ᠰᠢᠢᠳᠬᠡᠭᠡᠳ᠂ ᠣᠶ ᠰᠢᠭᠤᠢ ᠨᠤᠲᠤᠭ ᠪᠡᠯᠴᠢᠭᠡᠷ ᠤᠨ ᠡᠬᠢ | ᠪᠠᠶᠠᠯᠢᠭ ᠢ ᠡᠪᠳᠡᠨ ᠰᠦᠢᠳᠬᠡᠬᠦ ᠦᠶ᠋ᠯᠡ ᠠᠵᠢᠯᠯᠠᠭ᠎ᠠ ᠳᠤ ᠰᠡᠷᠡᠮᠵᠢ ᠶᠢᠨ ᠳᠣᠬᠢᠶ᠎ᠠ ᠥᠭᠭᠦᠭᠰᠡᠨ ᠪᠠᠶᠢᠨ᠎ᠠ᠃ | ᠣᠶᠢᠯᠠᠭᠠᠭᠰᠠᠨ ᠢᠶᠠᠷ᠂ ᠪᠠᠶᠢᠭᠤᠯᠤᠯ ᠲᠣᠭᠲᠠᠴᠠ ᠶᠢ ᠤᠯᠠᠮ ᠨᠢᠭᠡ ᠠᠯᠬᠤᠮ ᠰᠢᠯᠤᠭᠤᠳᠬᠠᠨ᠂ ᠣᠶ ᠰᠢᠭᠤᠢ | ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠡᠭᠡᠳᠦ ᠳᠣᠣᠷᠠᠳᠤ ᠱᠠᠲᠤ ᠪᠠᠷ ᠢᠶᠠᠨ ᠨᠡᠪᠲᠡᠷᠡᠨ | ᠬᠤᠯᠪᠣᠯᠳᠤᠭᠰᠠᠨ ᠲᠣᠭᠲᠠᠯᠴᠠᠭ᠎ᠠ ᠶᠢ ᠪᠠᠶᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠠᠴᠠ ᠣᠶ | ᠰᠢᠭᠤᠢ ᠪᠠ ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠢᠨᠠᠨ ᠰᠢᠨᠵᠢᠵᠦ ᠪᠠᠲᠤᠯᠠᠬᠤ ᠲᠥᠪ ᠪᠠᠶᠢᠭᠤᠯᠵᠤ᠂ ᠡᠯ᠎ᠡ | ᠠᠶᠢᠮᠠᠭ ᠬᠤᠲᠠ ᠨᠤᠭᠤᠳ ᠤᠨ ᠬᠢᠨ ᠪᠠᠶᠢᠭᠤᠯᠤᠮᠵᠢ ᠪᠠ ᠡᠩᠨᠡᠭᠡ ᠶᠢ ᠪᠦᠲᠦᠭᠡᠨ ᠪᠠᠶᠢᠭᠤᠯᠬᠤ ᠪᠠᠷ ᠢᠳᠡᠪᠬᠢᠲᠡᠢ | ᠰᠦᠪᠡᠭᠴᠢᠯᠡᠨ᠂ ᠲᠥᠷᠥᠯ ᠠᠩᠭᠢᠯᠠᠨ ᠲᠠᠰ ᠬᠤᠪᠢᠶᠠᠵᠤ ᠪᠣᠯᠪᠠᠰᠤᠷᠠᠯ ᠬᠦᠷᠲᠡᠭᠡᠬᠦ᠂ ᠬᠠᠤᠯᠢ ᠬᠡᠷᠡᠭᠵᠢᠭᠦᠯᠦᠭᠴᠢ ᠶᠢᠨ | ᠦᠨᠡᠮᠯᠡᠯ ᠣᠯᠭᠤᠬᠤ ᠰᠢᠯᠭᠠᠯᠲᠠ ᠬᠢᠬᠦ ᠵᠡᠷᠭᠡ ᠶᠢ ᠢᠳᠡᠪᠬᠢᠲᠡᠢ ᠠᠬᠢᠭᠤᠯᠵᠤ᠂ ᠣᠶ ᠰᠢᠭᠤᠢ ᠨᠤᠲᠤᠭ ᠪᠡᠯᠴᠢᠭᠡᠷ ᠢ | ᠡᠪᠳᠡᠨ ᠰᠦᠢᠳᠬᠡᠬᠦ ᠠᠰᠠᠭᠤᠳᠠᠯ ᠡᠭᠦᠰᠬᠦ ᠶᠢ ᠡᠬᠢ ᠡᠭᠦᠰᠦᠯ ᠠᠴᠠ ᠨᠢ ᠴᠥᠬᠡᠳᠬᠡᠭᠡᠳ᠂ ᠮᠠᠨ ᠤ ᠣᠷᠣᠨ ᠤ ᠣᠶ | ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠢ ᠰᠠᠬᠢᠨ ᠬᠠᠮᠠᠭᠠᠯᠠᠬᠤ᠂ ᠠᠮᠢ ᠠᠬᠤᠢ ᠶᠢᠨ ᠠᠮᠤᠷ ᠲᠦᠪᠰᠢᠨ ᠤ | ᠬᠠᠯᠬᠠᠪᠴᠢ ᠶᠢ ᠪᠠᠬᠢᠵᠢᠭᠦᠯᠬᠦ ᠳᠤ ᠪᠠᠲᠤ ᠪᠠᠬᠢ ᠰᠠᠭᠤᠷᠢ ᠲᠠᠯᠪᠢᠵᠤ ᠥᠭᠪᠡ᠃ |