ᠲᠦᠷᠦᠭᠦᠬᠡᠨ ᠮᠠᠨ ᠤ ᠣᠷᠣᠨ ᠤ 2025 ᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠭᠠᠷᠠᠭ ᠤᠨ | ᠠᠵᠢᠯᠯᠠᠭ᠎ᠠ ᠵᠢᠴᠢ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠶᠢᠨ | ᠡᠭᠢᠯᠡᠯᠲᠡ ᠶᠢᠨ ᠶᠣᠰᠣᠯᠠᠯ ᠭᠦᠭᠡᠬᠤᠳᠠ ᠳᠤ ᠶᠠᠪᠤᠭᠳᠠᠪᠠ᠃ | ᠠᠵᠢᠯᠯᠠᠭ᠎ᠠ ᠨᠢ ︽ᠨᠢᠭᠡ ᠮᠡᠷᠭᠡᠵᠢᠯ ᠢ ᠡᠵᠡᠮᠰᠢᠪᠡᠯ ᠨᠢᠭᠡ ᠨᠠᠰᠤ ᠰᠠᠨᠠᠭ᠎ᠠ ᠠᠮᠤᠷ︾ ᠭᠡᠬᠦ ᠪᠠᠷ ᠭᠤᠣᠯ ᠰᠡᠳᠦᠪ | ᠪᠤᠯᠭᠠᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠶᠢ ᠰᠤᠳᠤᠯᠤᠨ ᠶᠠᠷᠢᠯᠴᠠᠬᠤ᠂ ᠡᠩ ᠤᠨ | ᠰᠤᠷᠭᠠᠨ ᠬᠥᠮᠦᠵᠢᠯ ᠪᠠ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠠᠭᠤᠰᠤᠯᠴᠠᠯ ᠢ ᠪᠡᠶᠡᠴᠢᠯᠡᠨ ᠣᠶᠢᠯᠠᠭᠠᠬᠤ᠂ | ᠠᠵᠤ ᠦᠢᠯᠡᠰ ᠪᠠ ᠰᠤᠷᠭᠠᠨ ᠬᠥᠮᠦᠵᠢᠯ ᠢ ᠠᠭᠤᠰᠤᠯᠴᠠᠭᠤᠯᠤᠭᠰᠠᠨ ᠦᠯᠢᠭᠡᠷ ᠵᠢᠱᠢᠶ᠎ᠡ᠂ ᠠᠵᠢᠯ ᠮᠡᠷᠭᠡᠵᠢᠯ ᠤᠨ | ᠰᠤᠷᠭᠠᠨ ᠬᠥᠮᠦᠵᠢᠯ ᠢ ᠭᠠᠳᠠᠭᠠᠳᠤ ᠳᠤ ᠭᠠᠷᠭᠠᠭᠰᠠᠨ ᠦᠵᠡᠭᠦᠯᠭᠡ᠂ ᠤᠷ᠎ᠠ ᠮᠡᠷᠭᠡᠵᠢᠯ ᠤᠨ ᠴᠢᠳᠠᠪᠤᠷᠢᠲᠠᠨ ᠤ ᠴᠤᠭ | ᠵᠢᠪᠬᠤᠭ᠎ᠠ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠠᠶᠢᠨ ᠳᠤᠷ᠎ᠠ ᠶᠢᠨ ᠦᠢᠯᠡᠴᠢᠯᠡᠭᠡ᠂ ᠣᠷᠣᠨ | ᠨᠤᠲᠤᠭ ᠤᠨ ᠳᠠᠪᠠᠭᠤᠯᠢᠭ ᠣᠨᠴᠠᠯᠢᠭ ᠵᠡᠷᠭᠡ ᠶᠢᠨ ᠲᠣᠭᠤᠷᠢᠨ ᠳᠤ ᠪᠠᠶᠠᠯᠢᠭ ᠠᠭᠤᠯᠭ᠎ᠠ ᠪᠦᠬᠦᠢ ᠠᠵᠢᠯᠯᠠᠭ᠎ᠠ | ᠥᠷᠨᠢᠭᠦᠯᠪᠡ᠃ | ᠡᠭᠢᠯᠡᠯᠲᠡ ᠶᠢᠨ ᠶᠣᠰᠣᠯᠠᠯ ᠤᠨ ᠠᠬᠤᠢ ᠲᠠᠯᠠᠪᠠᠢ ᠳᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠪᠣᠯᠣᠨ ᠰᠣᠶᠣᠯ | ᠤᠷᠠᠯᠢᠭ᠂ ᠢᠷᠡᠭᠡᠳᠦᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠬᠤᠳᠠᠯᠳᠤᠭᠠᠨ ᠤ ᠠᠵᠤ ᠦᠢᠯᠡᠰ ᠭᠦᠨᠵᠡᠭᠡᠢ | ᠠᠭᠤᠰᠤᠯᠴᠠᠭᠰᠠᠨ ᠤᠯᠠᠨ ᠡᠰᠢᠲᠦ ᠪᠡᠶᠡᠴᠢᠯᠡᠨ ᠣᠶᠢᠯᠠᠭᠠᠬᠤ ᠮᠠᠶ᠋ᠢᠭ ᠤᠨ ᠦᠵᠡᠭᠳᠡᠯ ᠢ ᠨᠠᠷᠢᠨ ᠨᠢᠮᠪᠠᠢ | ᠪᠠᠶᠢᠷᠢᠯᠠᠭᠤᠯᠪᠠ᠃ ᠠᠵᠤ ᠦᠢᠯᠡᠰ ᠪᠠ ᠰᠤᠷᠭᠠᠨ ᠬᠥᠮᠦᠵᠢᠯ ᠢ ᠠᠭᠤᠰᠤᠯᠴᠠᠭᠤᠯᠤᠭᠰᠠᠨ ᠰᠢᠨ᠎ᠡ ᠶᠢ ᠡᠭᠦᠳᠬᠦ | ᠦᠢᠯᠡᠳᠦᠯᠭᠡ ᠶᠢ ᠢᠯᠡᠷᠡᠭᠦᠯᠦᠭᠰᠡᠨ ᠥᠪᠡᠷᠲᠡᠭᠡᠨ ᠵᠠᠰᠠᠬᠤ ᠣᠷᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ | ᠦᠷ᠎ᠡ ᠪᠦᠲᠦᠭᠡᠯ ᠤᠨ ᠦᠵᠡᠭᠦᠯᠭᠡ᠂ ᠰᠢᠯᠢᠳᠡᠭ ᠰᠣᠶᠣᠯ ᠪᠠ ᠤᠯᠠᠮᠵᠢᠯᠠᠯᠲᠤ ᠭᠠᠷ ᠤᠷᠠᠯᠠᠯ ᠢ ᠤᠯᠠᠮᠵᠢᠯᠠᠨ | ᠵᠠᠯᠭᠠᠮᠵᠢᠯᠠᠭᠰᠠᠨ ᠪᠣᠳᠠᠰ ᠤᠨ ᠪᠤᠰᠤ ᠰᠣᠶᠣᠯ ᠤᠨ ᠥᠪ ᠤᠨ ᠪᠦᠲᠦᠭᠡᠯᠴᠢ ᠦᠢᠯᠡᠳᠬᠦᠨ ᠤ ᠦᠵᠡᠭᠦᠯᠭᠡ᠂ ᠠᠵᠢᠯ | ᠮᠡᠷᠭᠡᠵᠢᠯ ᠤᠨ ᠤᠷ᠎ᠠ ᠴᠢᠳᠠᠪᠤᠷᠢ ᠪᠠᠷ ᠤᠮᠠᠷᠠᠲᠤ ᠬᠢᠯᠢ ᠶᠢᠨ ᠬᠥᠭᠵᠢᠯᠲᠡ ᠳᠤ ᠬᠥᠳᠡᠯᠭᠡᠬᠦ ᠬᠦᠴᠦᠨ ᠨᠡᠮᠡᠷᠢᠯᠡᠭᠰᠡᠨ | ᠣᠶᠤᠨᠲᠤ ᠲᠣᠭᠠᠴᠢᠯᠠᠭᠰᠠᠨ ᠪᠦᠲᠦᠭᠡᠯ ᠤᠨ ᠦᠵᠡᠭᠦᠯᠭᠡ᠂ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ | ᠬᠦᠷᠢᠶᠡᠨ ᠤ ᠬᠤᠰᠢᠭᠤᠷᠠᠯ ᠤᠷ᠎ᠠ ᠮᠡᠷᠭᠡᠵᠢᠯ ᠢ ᠢᠯᠡᠷᠡᠭᠦᠯᠦᠭᠰᠡᠨ ᠪᠠᠷᠢᠯᠭ᠎ᠠ ᠶᠢᠨ ᠮᠡᠷᠭᠡᠵᠢᠯ ᠤᠨ ᠦᠵᠡᠭᠦᠯᠭᠡ ᠵᠡᠷᠭᠡ ᠨᠢ | ᠤᠯᠠᠨ ᠤ ᠠᠩᠬᠠᠷᠤᠯ ᠢ ᠶᠡᠬᠡᠳᠡ ᠲᠠᠲᠠᠪᠠ᠃ |