ᠸᠠᠩ ᠯᠢ ᠰᠢᠶᠠ ᠬᠤᠷᠠᠯ ᠢ ᠡᠷᠭᠢᠯᠡᠵᠡᠢ | 5 ᠰᠠᠷ᠎ᠠ ᠶᠢᠨ 19 ᠤ ᠡᠳᠦᠷ᠂ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ | ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ︽ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ | ᠴᠥᠬᠦᠷᠡᠰᠢ ᠥᠬᠡᠶ ᠨᠠᠶᠢᠳᠠᠪᠤᠷᠢᠵᠢᠭᠤᠯᠵᠤ᠂ ᠰᠢᠯᠢᠳᠡᠭ ᠨᠠᠮ ᠤᠨ ᠰᠤᠷᠲᠠᠯ ᠢᠶᠠᠷ ᠨᠡᠶᠢᠭᠡᠮ ᠤᠨ ᠰᠤᠷᠲᠠᠯ ᠠᠷᠠᠳ ᠤᠨ | ᠰᠤᠷᠲᠠᠯ ᠢ ᠬᠥᠲᠥᠯᠥᠨ ᠳᠠᠭᠠᠭᠤᠯᠬᠤ ᠬᠡᠷᠡᠭᠲᠡᠶ︾ ᠭᠡᠬᠦ ᠴᠢᠬᠤᠯᠠ ᠵᠤᠬᠢᠶᠠᠯ ᠢ ᠤᠯᠠᠮᠵᠢᠯᠠᠨ ᠰᠤᠷᠤᠯᠴᠠᠵᠤ᠂ | ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ | ᠴᠢᠩᠭ᠎ᠠ ᠪᠣᠳᠠᠲᠠᠶ ᠰᠠᠶᠢᠲᠤᠷ ᠠᠳᠬᠤᠵᠤ᠂ ᠪᠥᠬᠦ ᠣᠷᠣᠨ ᠤ ᠠᠵᠤ ᠠᠬᠤᠶ ᠶᠢᠨ ᠠᠵᠢᠯ ᠤᠨ ᠵᠠᠳᠠᠯᠤᠯᠲᠠ ᠶᠢᠨ | ᠬᠤᠷᠠᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠰᠠᠭ ᠤᠨ | ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ ᠲᠦᠷᠦᠭᠦᠯᠡᠨ ᠦᠨᠳᠦᠰᠦᠨ ᠱᠠᠲᠤᠨ ᠳᠤ ᠬᠦᠷᠴᠦ ᠪᠠᠶᠢᠴᠠᠭᠠᠨ | ᠰᠤᠳᠤᠯᠤᠯᠲᠠ ᠬᠢᠵᠦ᠂ ᠠᠰᠠᠭᠤᠳᠠᠯ ᠢ ᠦᠨᠡᠨ ᠪᠣᠳᠠᠲᠠᠶ ᠰᠢᠢᠳᠪᠦᠷᠢᠯᠡᠬᠦ ᠬᠡᠷᠡᠭᠲᠡᠶ᠃ 12345 ᠬᠠᠯᠠᠮᠰᠢᠯ | ᠤᠲᠠᠰᠤ ᠪᠠᠷ ᠲᠤᠰᠬᠠᠬᠰᠠᠨ ᠬᠦᠰᠡᠯ ᠱᠠᠭᠠᠷᠳᠠᠯᠭ᠎ᠠ ᠶᠢ ᠪᠦᠬᠦ᠋ᠯᠡ ᠭᠤᠭᠴᠤᠭ᠎ᠠ ᠪᠠᠷ ᠰᠢᠢᠳᠪᠦᠷᠢᠯᠡᠬᠦ ᠲᠣᠭᠲᠡᠴᠡ ᠶᠢ | ᠪᠦᠷᠢᠨᠰᠢᠬᠦᠯᠦᠨ ᠲᠡᠭᠦᠯᠳᠡᠷᠵᠢᠭᠦᠯᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠨᠠᠷᠢᠨ ᠲᠠᠩᠰᠠ ᠶᠢᠨ | ᠡᠭᠦᠷᠭᠡ ᠶᠢ ᠰᠠᠶᠢᠲᠤᠷ ᠬᠢᠵᠦ᠂ ᠤᠯᠠᠨ ᠲᠦᠮᠡᠨ ᠤ ᠪᠠᠴᠢᠮᠳᠠᠵᠤ ᠲᠦᠪᠡᠭᠳᠡᠵᠤ ᠵᠤᠪᠠᠨᠢᠵᠤ ᠬᠦᠰᠡᠵᠤ ᠪᠠᠶᠢᠭ᠎ᠠ | ᠶᠠᠪᠤᠳᠠᠯ ᠢ ᠬᠠᠶᠢᠷ᠎ᠠ ᠰᠡᠳᠭᠢᠯᠭᠡ ᠲᠠᠢ ᠪᠠᠷ ᠰᠠᠶᠢᠲᠤᠷ ᠰᠢᠢᠳᠪᠦᠷᠢᠯᠡᠬᠦ ᠬᠡᠷᠡᠭᠲᠡᠢ ᠭᠡᠵᠤ ᠴᠢᠬᠤᠯᠠᠴᠢᠯᠠᠵᠠᠢ᠃ | ᠬᠤᠷᠠᠯ ᠠᠴᠠ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠤᠯᠤᠰ ᠤᠨ ᠳᠣᠲᠣᠭᠠᠳᠤ ᠶᠢᠨ ᠶᠡᠭᠡ ᠣᠷᠴᠢᠯ ᠢ | ᠬᠦᠴᠦᠷᠬᠡᠭᠵᠢᠭᠦᠯᠬᠦ ᠠᠵᠢᠯ ᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠬᠤ ᠶᠢ ᠰᠤᠳᠤᠯᠵᠤ᠂ ᠵᠠᠬ᠎ᠠ ᠳᠡᠯᠭᠡᠭᠦᠷ ᠲᠤ ᠣᠷᠣᠬᠤ ᠵᠦᠪᠰᠢᠶᠡᠷᠡᠯ ᠤᠨ ᠬᠠᠷᠰᠢ ᠶᠢ ᠴᠡᠪᠡᠷᠯᠡᠨ | ᠴᠡᠭᠴᠡᠯᠡᠬᠦ ᠲᠤᠰᠬᠠᠢ ᠠᠵᠢᠯᠯᠠᠭ᠎ᠠ ᠶᠢ ᠰᠠᠶᠢᠲᠤᠷ ᠥᠷᠨᠢᠭᠦᠯᠵᠦ᠂ ᠠᠷᠪᠠᠨ ᠶᠡᠭᠡ ᠠᠵᠤ ᠦᠢᠯᠡᠰ ᠤᠨ ᠪᠦᠯᠦᠭᠵᠢᠯ ᠤᠨ | ᠲᠣᠭᠤᠷᠢᠨ ᠳᠤ ᠰᠢᠨ᠎ᠡ ᠶᠢ ᠡᠭᠦᠳᠬᠦ ᠬᠡᠯᠬᠢᠶ᠎ᠠ ᠪᠣᠯᠤᠨ ᠠᠵᠤ ᠦᠢᠯᠡᠰ ᠤᠨ ᠬᠡᠯᠬᠢᠶ᠎ᠠ ᠶᠢᠨ ᠭᠦᠨᠵᠡᠭᠡᠢ ᠠᠭᠤᠰᠤᠯᠴᠠᠯ ᠢ | ᠠᠬᠢᠭᠤᠯᠬᠤ ᠬᠡᠷᠡᠭᠲᠡᠢ᠃ ︽ᠵᠢᠷᠭᠤᠭᠠᠨ ᠠᠵᠢᠯᠯᠠᠭ᠎ᠠ︾ ᠶᠢ ᠥᠷᠨᠢᠭᠦᠯᠬᠦ ᠲᠠᠢ ᠤᠶᠠᠯᠳᠤᠭᠤᠯᠤᠨ᠂ ᠴᠢᠬᠤᠯᠠ ᠶᠡᠭᠡ | ᠲᠥᠷᠥᠯ ᠵᠦᠢᠯ ᠢ ᠲᠥᠯᠥᠪᠵᠢᠭᠦᠯᠦᠨ ᠪᠥᠲᠥᠭᠡᠨ ᠪᠠᠶᠢᠭᠤᠯᠬᠤ ᠶᠢ ᠴᠢᠩᠭᠠᠳᠬᠠᠵᠤ᠂ ᠭᠡᠷ᠎ᠡ ᠲᠣᠭᠲᠠᠭᠰᠠᠨ ᠲᠥᠷᠥᠯ | ᠵᠦᠢᠯ ᠢ ᠡᠷᠲᠡᠬᠡᠨ ᠪᠠᠷᠢᠯᠭ᠎ᠠ ᠡᠬᠢᠯᠡᠭᠦᠯᠬᠦ᠂ ᠪᠠᠷᠢᠯᠭ᠎ᠠ ᠡᠬᠢᠯᠡᠭᠦᠯᠦᠭᠰᠡᠨ ᠲᠥᠷᠥᠯ ᠵᠦᠢᠯ ᠢ ᠨᠠᠩ ᠣᠯᠠᠨ ᠪᠣᠳᠠᠲᠤ | ᠬᠡᠮᠵᠢᠶ᠎ᠡ ᠲᠠᠢ ᠪᠣᠯᠭᠠᠬᠤ᠂ ᠪᠠᠶᠢᠭᠤᠯᠵᠤ ᠳᠠᠭᠤᠰᠤᠭᠰᠠᠨ ᠲᠥᠷᠥᠯ ᠵᠦᠢᠯ ᠤᠨ ᠦᠢᠯᠡᠳᠪᠦᠷᠢᠯᠡᠯ ᠢ ᠳᠠᠷᠤᠢ ᠲᠦᠷᠭᠡᠨ | ᠡᠬᠢᠯᠡᠭᠦᠯᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠬᠦᠯᠦᠰᠦᠨ ᠮᠠᠯᠴᠢᠨ ᠲᠠᠷᠢᠶᠠᠴᠢᠨ ᠵᠡᠷᠭᠡ | ᠭᠤᠤᠯᠳᠠᠯᠭ᠎ᠠ ᠲᠠᠢ ᠬᠥᠮᠦᠰ ᠲᠤ ᠠᠵᠢᠯ ᠣᠯᠭᠤᠬᠤ ᠶᠢ ᠰᠠᠶᠢᠲᠤᠷ ᠠᠳᠬᠤᠵᠤ᠂ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ᠂ ᠰᠢᠨ᠎ᠡ ᠡᠨᠧᠷᠭᠢ ᠵᠡᠷᠭᠡ ᠬᠦᠷᠢᠶᠡᠨ ᠳᠤ ᠪᠡᠭᠡᠵᠢᠩ ᠲᠢᠶᠠᠨᠵᠢᠨ ᠾᠧᠪᠧᠶ᠂ | ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠵᠡᠷᠭᠡ ᠣᠷᠣᠨ ᠪᠦᠰᠡ ᠯᠦᠭᠡ ᠶᠢᠨ | ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠢ ᠬᠦᠴᠦᠷᠬᠡᠭᠵᠢᠭᠦᠯᠬᠦ | ᠳᠤᠮᠳᠠ ᠥᠪᠥᠷ ᠮᠣᠩᠭᠤᠯ ᠤᠨ ᠡᠭᠦᠷᠭᠡᠯᠡᠯ ᠢ ᠢᠯᠡᠷᠡᠭᠦᠯᠬᠦ ᠬᠡᠷᠡᠭᠲᠡᠶ ᠭᠡᠵᠤ ᠱᠠᠭᠠᠷᠳᠠᠪᠠ᠃ | ᠬᠤᠷᠠᠯ ᠠᠴᠠ ︽ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠶ ᠲᠥᠷᠥ ᠶᠢᠨ ᠶᠠᠪᠤᠳᠠᠯ ᠤᠨ | ᠬᠤᠷᠢᠶ᠎ᠠ ᠶᠢᠨ ᠰᠠᠨᠠᠯ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠤᠭᠰᠠᠨ ᠪᠠᠶᠢᠳᠠᠯ ᠤᠨ ᠬᠠᠷᠢᠭᠤ | ᠮᠡᠳᠡᠭᠦᠯᠦᠯᠲᠡ ᠶᠢ ᠰᠣᠨᠣᠰᠴᠤ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠲᠥᠷᠥ ᠶᠢᠨ | ᠶᠠᠪᠤᠳᠠᠯ ᠤᠨ ᠬᠤᠷᠢᠶ᠎ᠠ ᠶᠢᠨ ︽ᠰᠠᠨᠠᠯ︾ ᠪᠣᠯᠤᠨ 48 ᠶᠠᠮᠤᠨ ᠵᠥᠪᠯᠡᠯ ᠤᠨ ᠢᠵᠢ ᠪᠥᠷᠢᠳᠦᠭᠦᠯᠦᠭᠰᠡᠨ ᠪᠢᠴᠢᠭ | ᠮᠠᠲ᠋ᠧᠷᠢᠶᠠᠯ ᠢ ᠴᠢᠩᠭ᠎ᠠ ᠠᠩᠬᠠᠷᠴᠤ᠂ ᠡᠭᠦᠷᠭᠡ ᠶᠢᠨ ᠨᠠᠷᠢᠨ ᠲᠠᠩᠰᠠ ᠲᠠᠢ ᠬᠠᠷᠭᠤᠭᠤᠯᠤᠨ ᠴᠠᠭ ᠤᠨ ᠬᠦᠰᠦᠨᠦᠭᠲᠦ᠂ | ᠪᠠᠷᠢᠯᠭ᠎ᠠ ᠶᠢᠨ ᠵᠢᠷᠤᠭ ᠢ ᠨᠢᠭᠡ ᠨᠢᠭᠡ ᠪᠠᠷ ᠲᠣᠳᠣᠷᠬᠠᠶᠢᠯᠠᠵᠤ᠂ ᠳᠡᠳ᠋ ᠲᠡᠷᠢᠭᠦᠯᠡᠭᠴᠢ ᠨᠡᠷ ᠬᠠᠷᠢᠭᠤᠴᠠᠯᠭ᠎ᠠ ᠪᠠᠨ | ᠡᠭᠦᠷᠭᠡᠯᠡᠵᠦ᠂ ᠬᠠᠷᠢᠭᠤᠴᠠᠵᠤ ᠪᠠᠶᠢᠭ᠎ᠠ ᠠᠵᠢᠯ ᠢᠶᠠᠨ ᠬᠠᠮᠢᠶᠠᠷᠴᠤ᠂ ᠲᠥᠷᠥ ᠶᠢᠨ ᠪᠣᠳᠣᠯᠭ᠎ᠠ ᠶᠢ ᠪᠣᠳᠠᠲᠠᠶ ᠲᠥᠷᠥᠯ | ᠵᠦᠢᠯ ᠳᠡᠭᠡᠷ᠎ᠡ ᠨᠠᠶᠢᠳᠠᠪᠤᠷᠢᠵᠢᠭᠤᠯᠵᠤ᠂ ᠴᠠᠭ ᠤᠨ ᠳᠠᠷᠠᠭᠠᠯᠠᠯ ᠤᠨ ᠠᠬᠢᠴᠠ ᠶᠣᠰᠣᠭᠠᠷ ᠨᠠᠶᠢᠳᠠᠪᠤᠷᠢᠵᠢᠭᠤᠯᠬᠤ | ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ ᠴᠠᠯᠢᠩ ᠥᠷᠢᠲᠦᠵᠤ ᠪᠠᠶᠢᠭ᠎ᠠ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠰᠤᠳᠤᠯᠵᠤ᠂ | ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶ᠎ᠡ᠂ ᠪᠠᠷᠢᠯᠭ᠎ᠠ ᠶᠢᠨ ᠪᠤᠰᠤ ᠬᠦᠷᠢᠶᠡᠨ ᠳᠠᠬᠢ ᠴᠠᠯᠢᠩ | ᠥᠷᠢᠲᠦᠵᠤ ᠪᠠᠶᠢᠭ᠎ᠠ ᠪᠠᠶᠢᠳᠠᠯ ᠢ ᠨᠠᠷᠢᠨ ᠣᠶᠢᠯᠠᠭᠠᠵᠤ᠂ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠡᠯ᠎ᠡ | ᠵᠦᠢᠯ ᠤᠨ ᠴᠠᠯᠢᠩ ᠥᠷᠢᠲᠦᠵᠤ ᠪᠠᠶᠢᠭ᠎ᠠ ᠠᠰᠠᠭᠤᠳᠠᠯ ᠢ ᠠᠷᠢᠯᠭᠠᠬᠤ ᠠᠷᠭ᠎ᠠ ᠬᠡᠮᠵᠢᠶ᠎ᠡ ᠶᠢ ᠰᠠᠶᠢᠲᠤᠷ | ᠨᠠᠶᠢᠳᠠᠪᠤᠷᠢᠵᠢᠭᠤᠯᠵᠤ᠂ ᠬᠦᠰᠡᠯ ᠱᠠᠭᠠᠷᠳᠠᠯᠭ᠎ᠠ ᠲᠤᠰᠬᠠᠬᠤ ᠠᠷᠭ᠎ᠠ ᠵᠠᠮ ᠢ ᠰᠢᠯᠤᠭᠤᠳᠬᠠᠵᠤ᠂ ᠴᠠᠯᠢᠩ ᠥᠷᠢᠲᠦᠬᠦ | ᠠᠰᠠᠭᠤᠳᠠᠯ ᠳᠤ ᠴᠢᠩᠭ᠎ᠠ ᠴᠣᠬᠢᠯᠲᠠ ᠥᠭᠴᠦ᠂ ᠤᠷᠢᠳᠴᠢᠯᠠᠨ ᠰᠡᠷᠭᠡᠶᠢᠯᠡᠬᠦ ᠲᠣᠭᠲᠡᠴᠡ ᠶᠢ ᠪᠦᠷᠢᠨᠰᠢᠭᠦᠯᠵᠦ᠂ | ᠰᠢᠨ᠎ᠡ ᠪᠠᠷ ᠨᠡᠮᠡᠭᠳᠡᠬᠦ ᠶᠢ ᠡᠬᠢ ᠦᠨᠳᠦᠰᠦ ᠠᠴᠠ ᠨᠢ ᠬᠤᠷᠢᠭᠯᠠᠵᠤ᠂ ᠬᠦᠯᠦᠰᠦᠨ ᠮᠠᠯᠴᠢᠨ ᠲᠠᠷᠢᠶᠠᠴᠢᠨ ᠤ ᠬᠠᠤᠯᠢ | ᠶᠣᠰᠣᠨ ᠤ ᠡᠷᠬᠡ ᠠᠰᠢᠭ ᠢ ᠦᠷᠭᠦᠯᠵᠢᠯᠡᠨ ᠰᠠᠶᠢᠲᠤᠷ ᠬᠠᠮᠠᠭᠠᠯᠠᠬᠤ ᠬᠡᠷᠡᠭᠲᠡᠶ ᠭᠡᠵᠦ ᠱᠠᠭᠠᠷᠳᠠᠪᠠ᠃ | ᠬᠤᠷᠠᠯ ᠠᠴᠠ ᠬᠡᠷ ᠬᠥᠷᠥᠩᠭᠡ ᠶᠢᠨ ᠦᠨᠡᠮᠯᠡᠯ ᠠᠪᠬᠤ ᠳᠤ ᠬᠦᠴᠢᠷᠲᠡᠶ ᠪᠠᠶᠢᠬᠤ ᠠᠰᠠᠭᠤᠳᠠᠯ ᠢ ᠰᠶᠢᠳᠪᠦᠷᠢᠯᠡᠬᠦ ᠶᠢ | ᠰᠤᠳᠤᠯᠵᠤ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠢᠨ ᠬᠤᠯᠪᠣᠭᠠᠯᠠᠨ ᠬᠥᠳᠡᠯᠦᠯᠴᠡᠵᠦ ᠬᠠᠮᠵᠢᠯᠴᠠᠬᠤ ᠪᠠᠨ | ᠴᠢᠩᠭᠠᠳᠬᠠᠵᠤ᠂ ᠬᠠᠤᠯᠢ ᠳᠤ ᠬᠤᠯᠪᠣᠭᠳᠠᠬᠤ ᠵᠠᠷᠭᠤ ᠳᠤ ᠬᠤᠯᠪᠣᠭᠳᠠᠬᠤ᠂ ᠬᠡᠷ ᠪᠠᠶᠢᠰᠢᠩ ᠤᠨ ᠪᠠᠷᠢᠯᠭ᠎ᠠ ᠳᠠᠭᠤᠰᠴᠤ | ᠰᠢᠯᠭᠠᠨ ᠠᠪᠴᠤ ᠳᠡᠶᠢᠯᠬᠦ ᠥᠬᠡᠶ ᠪᠠᠶᠢᠬᠤ᠂ ᠪᠠᠶᠢᠭᠤᠯᠤᠭᠰᠠᠨ ᠠᠵᠤ ᠠᠬᠤᠶᠢᠯᠠᠯ ᠭᠠᠶᠢᠯᠢ ᠰᠦᠢᠳᠭᠡᠯ ᠲᠤᠰᠢᠶᠠᠬᠤ | ᠴᠢᠳᠠᠯ ᠥᠬᠡᠶ᠂ ᠭᠠᠵᠠᠷ ᠰᠢᠷᠣᠶ ᠶᠢᠨ ᠭᠠᠷᠳᠠᠮ ᠢ ᠭᠦᠢᠴᠡᠳᠭᠡᠭᠰᠡᠨ ᠥᠬᠡᠶ ᠵᠡᠷᠭᠡ ᠪᠠᠶᠢᠳᠠᠯ ᠳᠤ ᠴᠢᠭᠯᠡᠭᠦᠯᠦᠨ᠂ | ᠬᠠᠨᠳᠤᠯᠭᠠᠳᠤ ᠴᠢᠨᠠᠷᠳᠠᠢ ᠪᠠᠷ ᠠᠷᠭ᠎ᠠ ᠬᠡᠮᠵᠢᠶ᠎ᠡ ᠠᠪᠴᠤ᠂ ᠬᠢᠨᠠᠨ ᠬᠠᠮᠢᠶᠠᠷᠬᠤ ᠬᠠᠷᠢᠭᠤᠴᠠᠯᠭ᠎ᠠ ᠶᠢ | ᠪᠣᠳᠠᠲᠠᠶᠢᠵᠢᠭᠤᠯᠵᠤ᠂ ᠬᠠᠤᠯᠢ ᠲᠣᠭᠲᠠᠭᠠᠯ ᠶᠣᠰᠣᠭᠠᠷ ᠲᠦᠷᠭᠡᠨ ᠭᠦᠢᠴᠡᠳᠭᠡᠬᠦ ᠬᠡᠷᠡᠭᠲᠡᠶ ᠭᠡᠵᠦ ᠱᠠᠭᠠᠷᠳᠠᠪᠠ᠃ | ᠬᠤᠷᠠᠯ ᠠᠴᠠ ᠪᠠᠰᠠ ᠠᠵᠤ ᠠᠬᠤᠶᠢᠯᠠᠯ ᠳᠤ ᠬᠤᠯᠪᠣᠭᠳᠠᠭᠰᠠᠨ ᠵᠠᠰᠠᠭ ᠵᠠᠬᠢᠷᠭᠠᠨ ᠤ ᠪᠠᠶᠢᠴᠠᠭᠠᠯᠲᠠ ᠶᠢ ᠴᠢᠩᠭ᠎ᠠ | ᠵᠢᠷᠤᠮᠵᠢᠭᠤᠯᠬᠤ ᠲᠤᠬᠠᠶ ᠬᠡᠷᠡᠭᠵᠢᠭᠦᠯᠬᠦ ᠰᠠᠨᠠᠯ ᠢ ᠬᠢᠨᠠᠨ ᠵᠥᠪᠯᠡᠵᠡᠢ᠃ | |