5 ᠰᠠᠷ᠎ᠠ ᠶᠢᠨ 20 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ 2025 ᠣᠨ ᠤ ᠱᠠᠩᠬᠠᠢ ᠶᠢᠨ | ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠶᠠᠳᠠᠭᠤ ᠬᠦᠴᠢᠷᠳᠡᠯᠲᠡᠢ ᠬᠥᠮᠦᠨ ᠠᠮᠠ ᠶᠢ ᠴᠥᠭᠡᠳᠭᠡᠬᠦ ᠪᠠ | ᠦᠷᠭᠦᠯᠵᠢᠯᠡᠬᠦ ᠬᠥᠭᠵᠢᠯᠲᠡ ᠶᠢᠨ ᠶᠠᠷᠢᠶᠠᠨ ᠤ ᠲᠠᠪᠴᠠᠩ ᠳᠤ ᠪᠠᠶᠠᠷ ᠤᠨ ᠵᠠᠬᠢᠳᠠᠯ ᠢᠯᠡᠭᠡᠪᠡ᠃ | ᠰᠢ ᠶᠢᠨ ᠫᠢᠩ᠂ ᠶᠠᠳᠠᠭᠤ ᠬᠦᠴᠢᠷᠳᠡᠯ ᠢ ᠠᠷᠢᠯᠭᠠᠬᠤ ᠪᠣᠯ ᠪᠦᠬᠦ ᠪᠥᠮᠪᠥᠷᠴᠡᠭ ᠤᠨ ᠴᠢᠨᠠᠷᠲᠠᠢ ᠬᠦᠴᠢᠷ ᠠᠰᠠᠭᠤᠳᠠᠯ | ᠪᠣᠯᠬᠤ ᠪᠥᠭᠡᠳ ᠳᠡᠯᠡᠬᠡᠢ ᠶᠢᠨ ᠡᠯ᠎ᠡ ᠤᠯᠤᠰ ᠤᠨ ᠬᠠᠮᠲᠤ ᠶᠢᠨ ᠬᠠᠷᠠᠯᠲᠠ ᠪᠣᠯᠤᠨ᠎ᠠ᠃ ᠳᠤᠮᠳᠠᠳᠤ ᠤᠯᠤᠰ ᠰᠢᠷᠭᠠᠭᠤ | ᠬᠠᠲᠠᠭᠤᠵᠢᠯᠲᠠᠢ ᠴᠢᠷᠮᠠᠶᠢᠯᠭ᠎ᠠ ᠪᠠᠷ ᠢᠶᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ | ᠢᠯᠠᠯᠲᠠ ᠶᠢ ᠣᠯᠵᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ 2030 ᠣᠨ ᠤ ᠦᠷᠭᠦᠯᠵᠢᠯᠡᠬᠦ | ᠬᠥᠭᠵᠢᠯᠲᠡ ᠶᠢᠨ ᠵᠥᠪᠯᠡᠬᠦ ᠵᠦᠢᠯ ᠤᠨ ᠶᠠᠳᠠᠭᠤ ᠬᠦᠴᠢᠷᠳᠡᠯᠲᠡᠢ ᠬᠥᠮᠦᠨ ᠠᠮᠠ ᠶᠢ ᠴᠥᠭᠡᠳᠭᠡᠬᠦ ᠬᠠᠷᠠᠯᠲᠠ ᠶᠢ 10 ᠵᠢᠯ | ᠤᠷᠢᠳᠴᠢᠯᠠᠨ ᠪᠡᠶᠡᠯᠡᠭᠦᠯᠵᠦ᠂ ᠳᠤᠮᠳᠠᠳᠤ ᠤᠯᠤᠰ ᠤᠨ ᠣᠨᠴᠠᠯᠢᠭ ᠪᠦ᠋ᠬᠦᠢ ᠶᠠᠳᠠᠭᠤ ᠬᠦᠴᠢᠷᠳᠡᠯᠲᠡᠢ ᠬᠥᠮᠦᠨ ᠠᠮᠠ ᠶᠢ | ᠴᠥᠭᠡᠳᠭᠡᠬᠦ ᠵᠠᠮ ᠢᠶᠠᠷ ᠵᠠᠮᠨᠠᠵᠤ᠂ ᠬᠥᠮᠦᠨ ᠲᠥᠷᠥᠯᠬᠢᠲᠡᠨ ᠤ ᠶᠠᠳᠠᠭᠤ ᠬᠦᠴᠢᠷᠳᠡᠯ ᠢ ᠡᠰᠡᠷᠭᠦᠴᠡᠬᠦ ᠲᠡᠦᠬᠡ ᠶᠢᠨ ᠰᠢᠨ᠎ᠡ | ᠬᠠᠭᠤᠳᠠᠰᠤ ᠶᠢ ᠪᠢᠴᠢᠭᠯᠡᠪᠡ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠶᠠᠳᠠᠭᠤ ᠬᠦᠴᠢᠷᠳᠡᠯᠲᠡᠢ ᠬᠥᠮᠦᠨ ᠠᠮᠠ ᠶᠢ ᠴᠥᠭᠡᠳᠭᠡᠬᠦ ᠠᠰᠠᠭᠤᠳᠠᠯ ᠪᠣᠯ ᠡᠴᠦᠰ ᠤᠨ ᠡᠴᠦᠰ ᠲᠡᠭᠡᠨ | ᠬᠥᠭᠵᠢᠯᠲᠡ ᠶᠢᠨ ᠠᠰᠠᠭᠤᠳᠠᠯ ᠪᠣᠯᠤᠨ᠎ᠠ᠃ ᠤᠢᠢᠷ᠎ᠠ ᠶᠢᠨ ᠵᠢᠯ ᠠᠴᠠ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ | ᠪᠠᠶᠢᠭᠤᠯᠤᠯᠲᠠ ᠶᠠᠳᠠᠭᠤ ᠬᠦᠴᠢᠷᠳᠡᠯᠲᠡᠢ ᠬᠥᠮᠦᠨ ᠠᠮᠠ ᠶᠢ ᠴᠥᠭᠡᠳᠭᠡᠬᠦ ᠪᠠ ᠦᠷᠭᠦᠯᠵᠢᠯᠡᠬᠦ ᠬᠥᠭᠵᠢᠯᠲᠡ ᠶᠢᠨ | ᠬᠠᠮᠲᠤᠷᠠᠯᠴᠠᠭ᠎ᠠ ᠶᠢ ᠢᠳᠡᠪᠬᠢᠲᠡᠢ ᠥᠷᠨᠢᠭᠦᠯᠵᠦ᠂ ᠢᠯᠡᠳᠲᠡ ᠦᠷ᠎ᠡ ᠪᠦᠲᠦᠮᠵᠢ ᠤᠯᠪᠠ᠃ ᠳᠤᠮᠳᠠᠳᠤ ᠤᠯᠤᠰ ᠱᠠᠩᠬᠠᠢ ᠶᠢᠨ | ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠵᠢᠵᠢᠭᠦᠷ ᠲᠡᠷᠢᠭᠦᠯᠡᠭᠴᠢ ᠤᠯᠤᠰ ᠪᠣᠯᠤᠭᠰᠠᠨ ᠤ ᠬᠤᠪᠢ ᠳᠤ᠂ ᠳᠤᠷᠠᠲᠠᠶ᠎ᠠ | ᠡᠯ᠎ᠡ ᠲᠠᠯ᠎ᠠ ᠶᠢᠨ ᠬᠢᠨ ᠲᠠᠢ ᠲᠦᠷᠦ ᠶᠢᠨ ᠪᠤᠳᠤᠯᠭ᠎ᠠ ᠶᠢᠨ ᠤᠯᠤᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠶᠠᠳᠠᠭᠤ | ᠬᠦᠴᠢᠷᠳᠡᠯᠲᠡᠢ ᠬᠥᠮᠦᠨ ᠠᠮᠠ ᠶᠢ ᠴᠥᠭᠡᠳᠭᠡᠭᠰᠡᠨ ᠲᠤᠷᠰᠢᠯᠭ᠎ᠠ ᠪᠠᠨ ᠬᠤᠪᠢᠶᠠᠯᠴᠠᠵᠤ᠂ ᠪᠣᠳᠠᠲᠠᠢ ᠶᠢ ᠡᠷᠬᠢᠮᠯᠡᠭᠰᠡᠨ | ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠨᠡᠩ ᠤᠯᠠᠨ ᠤᠯᠤᠰ ᠢ ᠬᠠᠪᠰᠤᠷᠤᠨ ᠲᠤᠰ ᠤᠯᠤᠰ ᠤᠨ ᠢᠶᠠᠨ ᠪᠠᠶᠢᠳᠠᠯ ᠳᠤ | ᠨᠡᠶᠢᠴᠡᠭᠰᠡᠨ ᠶᠠᠳᠠᠭᠤ ᠬᠦᠴᠢᠷᠳᠡᠯᠲᠡᠢ ᠬᠥᠮᠦᠨ ᠠᠮᠠ ᠶᠢ ᠴᠥᠭᠡᠳᠭᠡᠬᠦ ᠪᠠ ᠦᠷᠭᠦᠯᠵᠢᠯᠡᠬᠦ ᠬᠥᠭᠵᠢᠯᠲᠡ ᠶᠢᠨ ᠵᠠᠮ ᠢ | ᠰᠦᠪᠡᠭᠴᠢᠯᠡᠵᠦ᠂ ᠶᠠᠳᠠᠭᠤ ᠬᠦᠴᠢᠷᠳᠡᠯ ᠠᠴᠠ ᠵᠠᠶᠢᠳᠠᠭᠰᠠᠨ᠂ ᠬᠠᠮᠲᠤ ᠪᠠᠷ ᠴᠡᠴᠡᠭᠯᠡᠨ ᠬᠥᠭᠵᠢᠭᠰᠡᠨ ᠰᠠᠶᠢᠨ ᠰᠠᠶᠢᠬᠠᠨ | ᠳᠡᠯᠡᠬᠡᠢ ᠵᠢᠷᠲᠢᠨᠴᠦ ᠶᠢ ᠭᠠᠷ ᠬᠤᠯᠪᠣᠯᠴᠠᠨ ᠪᠦᠳᠦᠭᠡᠨ ᠪᠠᠶᠢᠭᠤᠯᠤᠨ᠎ᠠ ᠭᠡᠵᠦ ᠴᠢᠬᠤᠯᠠᠴᠢᠯᠠᠪᠠ᠃ | ᠲᠤᠰ ᠤᠳᠠᠭ᠎ᠠ ᠶᠢᠨ ᠶᠠᠷᠢᠶᠠᠨ ᠤ ᠲᠠᠪᠴᠠᠩ ᠳᠤᠬᠠᠢ ᠶᠢᠨ ᠡᠳᠦᠷ ᠱᠠᠨᠰᠢ ᠶᠢᠨ ᠰᠢ ᠠᠨ ᠳᠤ ᠡᠬᠢᠯᠡᠪᠡ᠂ ︽ | ᠦᠷᠭᠦᠯᠵᠢᠯᠡᠨ ᠶᠠᠳᠠᠭᠤ ᠬᠦᠴᠢᠷᠳᠡᠯᠲᠡᠢ ᠬᠥᠮᠦᠨ ᠠᠮᠠ ᠶᠢ ᠴᠥᠭᠡᠳᠭᠡᠵᠦ ᠬᠠᠮᠲᠤᠷᠠᠯᠴᠠᠨ ᠬᠥᠭᠵᠢᠨᠠ — ᠱᠠᠩᠬᠠᠢ ᠶᠢᠨ | ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠤᠯᠤᠰ ᠤᠳ ᠤᠨ ᠶᠠᠳᠠᠭᠤ ᠬᠦᠴᠢᠷᠳᠡᠯᠲᠡᠢ ᠬᠥᠮᠦᠨ ᠠᠮᠠ ᠶᠢ | ᠴᠥᠭᠡᠳᠭᠡᠬᠦ ᠪᠠ ᠦᠷᠭᠦᠯᠵᠢᠯᠡᠬᠦ ᠬᠥᠭᠵᠢᠯᠲᠡ ᠶᠢ ᠠᠬᠢᠭᠤᠯᠤᠶ᠎ᠠ︾ ᠭᠡᠬᠦ ᠭᠤᠣᠯ ᠰᠡᠳᠦᠪ ᠲᠠᠢ ᠪᠠᠶᠢᠵᠤ᠂ ᠱᠠᠩᠬᠠᠢ ᠶᠢᠨ | ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠡᠶᠡᠯᠳᠡᠭ ᠬᠦᠷᠰᠢ ᠶᠢᠨ ᠨᠥᠬᠦᠷᠰᠡᠭ ᠬᠠᠮᠳᠤᠷᠠᠯᠴᠠᠭ᠎ᠠ ᠶᠢᠨ ᠵᠥᠪᠯᠡᠯ | ᠪᠣᠯᠤᠨ ᠱᠠᠨᠰᠢ ᠮᠤᠵᠢ ᠶᠢᠨ ᠠᠷᠠᠳ ᠤᠨ ᠵᠠᠰᠠᠭ ᠤᠨ ᠣᠷᠳᠣᠨ ᠬᠠᠮᠲᠤᠷᠠᠨ ᠡᠷᠬᠢᠯᠡᠪᠡ᠃ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 20 ᠤ ᠴᠠᠬᠢᠯᠭᠠᠨ ᠮᠡᠳᠡᠭᠡ︶ |