ᠰᠢ ᠶᠢᠨ ᠫᠢᠩ ᠾᠧᠨᠠᠨ ᠳᠤ ᠰᠢᠨᠵᠢᠯᠡᠨ ᠪᠠᠶᠢᠴᠠᠭᠠᠬᠤ ᠳᠠᠭᠠᠨ ᠴᠢᠬᠤᠯᠠᠴᠢᠯᠠᠭᠰᠠᠨ ᠨᠢ — ᠢᠲᠡᠭᠡᠯ ᠵᠣᠷᠢᠭ ᠢᠶᠠᠨ ᠪᠠᠲᠤᠳᠬᠠᠵᠤ ᠴᠢᠨᠠᠷ ᠰᠠᠶᠢᠲᠠᠶ ᠬᠥᠭᠵᠢᠯᠲᠡ ᠥᠨᠳᠥᠷ ᠪᠦᠲᠦᠮᠵᠢᠲᠡᠶ ᠵᠠᠰᠠᠯᠲᠠ ᠶᠢ ᠠᠬᠢᠭᠤᠯᠵᠤ ᠳᠤᠮᠳᠠᠳᠤ ᠣᠷᠣᠨ ᠤ ᠡᠬᠡ ᠭᠠᠵᠠᠷ ᠲᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠳᠠᠢ
ᠨᠡᠶᠢᠲᠡᠯᠡᠭᠰᠡᠨ ᠴᠠᠭ᠄
2025/5/21
   ᠳᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ ᠬᠤᠷᠢᠶ᠎ᠠ ᠶᠢᠨ ᠶᠡᠷᠦᠩᠬᠡᠶ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠢᠢᠷ᠎ᠠ ᠶᠢᠨ ᠡᠳᠦᠷ ᠾᠧᠨᠠᠨ ᠳᠤ ᠰᠢᠨᠵᠢᠯᠡᠨ ᠪᠠᠶᠢᠴᠠᠭᠠᠬᠤ ᠳᠠᠭᠠᠨ᠂ ᠰᠢᠨ᠎ᠡ ᠴᠠᠭ ᠦᠶ᠎ᠡ ᠰᠢᠨ᠎ᠡ ᠠᠶᠠᠨ ᠳᠤ᠂ ᠾᠧᠨᠠᠨ ᠮᠤᠵᠢ ᠶᠢᠨ ᠬᠢᠨ ᠨᠠᠮ ᠤᠨ ᠲᠥᠪ ᠬᠤᠷᠢᠶ᠎ᠠ ᠶᠢᠨ ᠳᠤᠮᠳᠠᠳᠤ ᠣᠷᠣᠨ ᠢ ᠲᠦᠷᠭᠡᠨ ᠬᠥᠭᠵᠢᠭᠦᠯᠬᠦ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠵᠡᠷᠭᠡ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠥᠭᠡᠷᠡᠴᠢᠯᠡᠯᠲᠡ ᠨᠡᠭᠡᠭᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠤ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠪᠠ ᠬᠦᠳᠡᠭᠡ ᠠᠵᠤ ᠠᠬᠤᠢ ᠶᠢᠨ ᠬᠦᠴᠦᠷᠬᠡᠭ ᠮᠤᠵᠢ ᠶᠢ ᠬᠦᠴᠦᠯᠡᠨ ᠪᠠᠶᠢᠭᠤᠯᠵᠤ᠂ ᠠᠷᠠᠳ ᠤᠨ ᠠᠮᠢᠳᠤᠷᠠᠯ ᠢ ᠬᠦᠴᠦᠯᠡᠨ ᠰᠠᠶᠢᠵᠢᠷᠠᠭᠤᠯᠵᠤ᠂ ᠨᠡᠶᠢᠭᠡᠮ ᠤᠨ ᠵᠠᠰᠠᠯᠲᠠ ᠶᠢ ᠴᠢᠩᠭᠠᠳᠬᠠᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠬᠦᠴᠦᠯᠡᠨ ᠴᠢᠩᠭᠠᠳᠬᠠᠵᠤ᠂ ᠰᠣᠶᠣᠯ ᠤᠨ ᠴᠡᠴᠡᠭᠯᠡᠯ ᠬᠥᠭᠵᠢᠯ ᠢ ᠬᠦᠴᠦᠯᠡᠨ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠪᠠ ᠥᠨᠳᠥᠷ ᠪᠦᠲᠦᠮᠵᠢᠲᠡᠢ ᠵᠠᠰᠠᠯᠲᠠ ᠪᠠᠷ ᠳᠤᠮᠳᠠᠳᠤ ᠣᠷᠣᠨ ᠤ ᠡᠬᠡ ᠭᠠᠵᠠᠷ ᠲᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠳᠠᠢ ᠭᠡᠵᠤ ᠴᠢᠬᠤᠯᠠᠴᠢᠯᠠᠵᠠᠢ᠃   5 ᠰᠠᠷ᠎ᠠ ᠶᠢᠨ 19 ᠠᠴᠠ 20 ᠤ ᠡᠳᠦᠷ ᠪᠣᠯᠲᠠᠯ᠎ᠠ᠂ ᠰᠢ ᠶᠢᠨ ᠫᠢᠩ ᠾᠧᠨᠠᠨ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠯᠢᠦ ᠨᠢᠩ ᠪᠣᠯᠤᠨ ᠮᠤᠵᠢ ᠶᠢᠨ ᠳᠠᠷᠤᠭ᠎ᠠ ᠸᠠᠩ ᠺᠠᠶ ᠶᠢᠨ ᠪᠠᠷ᠎ᠠ ᠪᠣᠯᠣᠯᠭ᠎ᠠ ᠲᠠᠢ ᠪᠠᠷ ᠤᠷᠢᠳ ᠬᠤᠵᠢᠳ ᠯᠦᠸᠧᠶᠠᠩ ᠂ ᠵᠤᠩᠵᠸᠦ ᠳᠤ ᠬᠦᠷᠴᠦ ᠰᠢᠨᠵᠢᠯᠡᠨ ᠪᠠᠶᠢᠴᠠᠭᠠᠪᠠ᠃   19 ᠤ ᠦᠳᠡ ᠶᠢᠨ ᠬᠤᠶᠢᠨ᠎ᠠ᠂ ᠰᠢ ᠶᠢᠨ ᠫᠢᠩ ᠡᠩ ᠲᠡᠷᠢᠭᠦᠨ ᠳᠤ ᠯᠦᠧᠧᠶᠠᠩ ᠤᠨ ᠬᠤᠯᠬᠤᠪᠴᠢ ᠶᠢᠨ ᠪᠦᠯᠦᠭᠯᠡᠯ ᠬᠤᠪᠢᠴᠠᠭᠠᠳᠤ ᠬᠢᠵᠠᠭᠠᠷᠲᠤ ᠺᠣᠮᠫᠠᠨᠢ ᠳᠤ ᠬᠦᠷᠴᠤ ᠰᠢᠨᠵᠢᠯᠡᠨ ᠪᠠᠶᠢᠴᠠᠭᠠᠪᠠ᠃ ᠲᠤᠰ ᠺᠣᠮᠫᠠᠨᠢ ᠪᠣᠯ ︽ᠠᠩᠬᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠪᠠᠶᠢᠭᠤᠯᠤᠭᠳᠠᠭᠰᠠᠨ ᠤᠤᠯ ᠤᠨ ᠯᠦᠤᠤᠶᠠᠩ ᠤᠨ ᠬᠤᠯᠬᠤᠪᠴᠢ ᠶᠢᠨ ᠦᠢᠯᠡᠳᠪᠦᠷᠢ ᠪᠣᠯᠤᠨ᠎ᠠ᠃ ᠣᠶᠤᠨᠴᠢ ᠦᠢᠯᠡᠳᠪᠦᠷᠢ ᠳᠤ᠂ ᠰᠢ ᠶᠢᠨ ᠫᠢᠩ ᠠᠵᠤ ᠠᠬᠤᠶᠢᠯᠠᠯ ᠤᠨ ᠬᠥᠭᠵᠢᠯᠲᠡ ᠶᠢᠨ ᠶᠠᠪᠤᠴᠠ ᠶᠢ ᠣᠶᠢᠯᠠᠭᠠᠵᠤ᠂ ᠠᠳᠠᠯᠢ ᠪᠤᠰᠤ ᠲᠥᠷᠥᠯ ᠬᠡᠯᠪᠡᠷᠢ ᠶᠢᠨ ᠬᠤᠯᠬᠤᠪᠴᠢ ᠶᠢᠨ ᠦᠢᠯᠡᠳᠬᠦᠨ ᠤ ᠬᠡᠷᠡᠭᠴᠡᠭᠡ ᠪᠣᠯᠤᠨ ᠴᠢᠳᠠᠮᠵᠢ ᠶᠢᠨ ᠲᠠᠨᠢᠯᠴᠠᠭᠤᠯᠭ᠎ᠠ ᠶᠢ ᠰᠣᠨᠣᠰᠴᠤ᠂ ᠦᠢᠯᠡᠳᠪᠦᠷᠢᠯᠡᠯ ᠤᠨ ᠱᠤᠭᠤᠮ ᠤᠨ ᠲᠡᠷᠭᠡᠳᠡ ᠬᠦᠷᠴᠤ ᠦᠢᠯᠡᠳᠪᠦᠷᠢᠯᠡᠯ ᠤᠨ ᠶᠠᠪᠤᠴᠠ ᠶᠢ ᠪᠠᠶᠢᠴᠠᠭᠠᠨ ᠦᠵᠡᠪᠡ᠃ ᠲᠡᠷᠡ ᠬᠦᠷᠢᠶᠡᠯᠡᠨ ᠢᠷᠡᠭᠰᠡᠨ ᠠᠵᠤ ᠠᠬᠤᠶᠢᠯᠠᠯ ᠤᠨ ᠠᠵᠢᠯᠲᠠᠨ ᠠᠵᠢᠯᠴᠢᠨ ᠳᠤ᠂ ᠦᠢᠯᠡᠳᠬᠦ ᠦᠢᠯᠡᠰ ᠪᠣᠯ ᠤᠯᠤᠰ ᠠᠷᠠᠳ ᠤᠨ ᠠᠵᠤ ᠠᠬᠤᠶ ᠶᠢᠨ ᠴᠢᠬᠤᠯᠠ ᠲᠤᠯᠭᠠᠭᠤᠷᠢ ᠮᠥᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠡᠷᠬᠡᠪᠰᠢ ᠦᠢᠯᠡᠳᠬᠦ ᠦᠢᠯᠡᠰ ᠤᠨ ᠳᠠᠪᠠᠭᠤᠯᠢᠭ ᠵᠦᠶ ᠵᠣᠬᠢᠰᠲᠠᠶ ᠬᠤᠪᠢ ᠶᠢᠨ ᠵᠢᠩ ᠢ ᠪᠠᠲᠤᠯᠠᠬᠤ ᠬᠡᠷᠡᠭᠲᠡᠶ᠃ ᠤᠳᠤ ᠦᠶ᠎ᠡ ᠶᠢᠨ ᠦᠢᠯᠡᠳᠬᠦ ᠦᠢᠯᠡᠰ ᠨᠢ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠢᠶᠠᠷ ᠬᠦᠴᠦᠨ ᠣᠯᠭᠤᠬᠤ ᠠᠴᠠ ᠰᠠᠯᠵᠤ ᠴᠢᠳᠠᠬᠤ ᠦᠭᠡᠢ ᠶᠤᠮ᠂ ᠮᠡᠷᠭᠡᠵᠢᠯ ᠤᠨ ᠪᠤᠭᠤᠮᠳᠠ ᠰᠢᠪᠳᠤᠯᠤᠯᠳᠠ ᠶᠢ ᠶᠡᠭᠡ ᠪᠠᠷ ᠴᠢᠩᠭᠠᠳᠬᠠᠵᠤ᠂ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠬᠥᠭᠵᠢᠯᠲᠡ ᠶᠢᠨ ᠵᠠᠮ ᠢᠶᠠᠷ ᠵᠠᠮᠨᠠᠬᠤ ᠬᠡᠷᠡᠭᠲᠡᠢ ᠭᠡᠵᠤ ᠬᠡᠯᠡᠪᠡ᠃ ᠲᠡᠷᠡ ᠠᠵᠢᠯᠲᠠᠨ ᠠᠵᠢᠯᠴᠢᠨ ᠢ ᠡᠵᠡᠨ ᠬᠥᠮᠦᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠠᠵᠤ ᠠᠬᠤᠶᠢᠯᠠᠯ ᠢ ᠬᠦᠭᠵᠢᠭᠦᠯᠬᠦ ᠪᠠᠷ ᠴᠢᠷᠮᠠᠶᠢᠨ ᠠᠵᠢᠯᠯᠠᠵᠤ᠂ ᠢᠯᠡᠭᠦᠬᠡᠨ ᠬᠤᠪᠢ ᠨᠡᠮᠡᠷᠢ ᠦᠵᠡᠭᠦᠯᠦᠭᠡᠷᠡᠶ ᠭᠡᠵᠦ ᠵᠣᠷᠢᠭᠵᠢᠭᠤᠯᠪᠠ᠃   ᠲᠠᠷᠠᠭ᠎ᠠ ᠨᠢ᠂ ᠰᠢ ᠶᠢᠨ ᠫᠢᠩ ᠵᠡᠭᠦᠨ ᠬᠠᠨ ᠤᠯᠤᠰ ᠤᠨ ᠦᠶ᠎ᠡ ᠳᠤ ᠪᠠᠶᠢᠭᠤᠯᠤᠭᠰᠠᠨ ᠴᠠᠭᠠᠨ ᠮᠤᠷᠢᠨ ᠰᠦᠮ᠎ᠠ ᠳᠤ ᠬᠦᠷᠴᠦ ᠰᠢᠨᠵᠢᠯᠡᠨ ᠪᠠᠶᠢᠴᠠᠭᠠᠵᠤ᠂ ᠪᠤᠷᠬᠠᠨ ᠱᠠᠰᠢᠨ ᠤ ᠳᠤᠮᠳᠠᠳᠤ ᠤᠯᠤᠰᠴᠢᠯᠠᠭᠰᠠᠨ ᠪᠠ ᠰᠦᠮ᠎ᠡ ᠬᠡᠶᠢᠳ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠴᠠᠭᠠᠨ ᠮᠤᠷᠢᠨ ᠰᠦᠮ᠎ᠠ ᠨᠢ ᠪᠤᠷᠬᠠᠨ ᠱᠠᠰᠢᠨ ᠤᠯᠠᠮᠵᠢᠯᠠᠭᠳᠠᠨ ᠢᠷᠡᠵᠤ᠂ ᠬᠥᠭᠵᠢᠭᠰᠡᠨ ᠪᠠ ᠲᠠᠰᠤᠷᠠᠯᠲᠠ ᠦᠭᠡᠢ ᠳᠤᠮᠳᠠᠳᠤ ᠤᠯᠤᠰᠴᠢᠯᠠᠭᠰᠠᠨ ᠠᠬᠢᠴᠠ ᠶᠢ ᠭᠡᠷᠡᠴᠢᠯᠡᠵᠦ ᠪᠤᠢ᠃ ᠮᠠᠨ ᠤ ᠤᠯᠤᠰ ᠤᠨ ᠱᠠᠰᠢᠨ ᠰᠤᠷᠲᠠᠬᠤᠨ ᠢ ᠳᠤᠮᠳᠠᠳᠤ ᠤᠯᠤᠰᠴᠢᠯᠠᠬᠤ ᠴᠢᠭᠯᠡᠯ ᠢ ᠪᠠᠷᠢᠮᠲᠠᠯᠠᠬᠤ ᠪᠣᠯ ᠪᠦᠷᠢᠮᠦᠰᠦᠨ ᠵᠥᠪ ᠭᠡᠳᠡᠭ ᠢ ᠲᠡᠤᠬᠡ ᠭᠡᠷᠡᠴᠢᠯᠡᠪᠡ᠂ ᠱᠠᠰᠢᠨ ᠰᠤᠷᠲᠠᠬᠤᠨ ᠢ ᠢᠳᠡᠪᠬᠢᠲᠡᠢ ᠬᠦᠳᠦᠯᠦᠨ ᠵᠢᠯᠣᠭᠤᠳᠴᠤ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠯᠤᠭ᠎ᠠ ᠠᠭᠤᠰᠤᠯᠴᠠᠭᠤᠯᠵᠤ᠂ ᠨᠡᠶᠢᠭᠡᠮ ᠵᠢᠷᠤᠮᠲᠤ ᠨᠡᠶᠢᠭᠡᠮ ᠯᠦᠭᠡ ᠵᠣᠬᠢᠴᠠᠭᠤᠯᠬᠤ ᠬᠡᠷᠡᠭᠲᠡᠢ ᠭᠡᠵᠤ ᠵᠢᠭᠠᠵᠤ ᠭᠠᠷᠭᠠᠵᠠᠢ᠃   1500 ᠭᠠᠷᠤᠶ ᠵᠢᠯ ᠤᠨ ᠲᠡᠦᠬᠡ ᠲᠠᠢ ᠯᠦᠩᠮᠧᠨ ᠤ ᠴᠢᠯᠠᠭᠤᠨ ᠠᠭᠤᠶ ᠪᠣᠯ ᠳᠡᠯᠡᠬᠡᠶ ᠶᠢᠨ ᠴᠢᠬᠤᠯᠠ ᠰᠣᠶᠣᠯ ᠤᠨ ᠥᠪ ᠪᠣᠯᠤᠨ᠎ᠠ᠃ ᠰᠢ ᠶᠢᠨ ᠫᠢᠩ ᠠᠳᠡ ᠢᠷᠡᠵᠤ᠂ ᠴᠢᠯᠠᠭᠤᠨ ᠠᠭᠤᠢ ᠶᠢᠨ ᠪᠦᠬᠦᠯᠢ ᠴᠣᠭᠴᠠ ᠶᠢᠨ ᠪᠠᠶᠢᠷᠢᠰᠢᠭᠤᠯᠤᠯᠲᠠ ᠶᠢᠨ ᠳᠦᠷᠰᠦ ᠪᠠᠶᠢᠳᠠᠯ ᠪᠣᠯᠤᠨ ᠲᠥᠯᠥᠭᠡᠯᠡᠬᠦ ᠴᠢᠨᠠᠷᠲᠠᠢ ᠠᠭᠤᠢ ᠶᠢᠨ ᠭᠦᠩᠭᠠᠷᠠᠪᠠ᠂ ᠬᠦᠷᠦᠭ ᠵᠢᠷᠤᠭ ᠢ ᠪᠠᠶᠢᠴᠠᠭᠠᠨ ᠦᠵᠡᠵᠦ᠂ ᠲᠤᠬᠠᠢ ᠶᠢᠨ ᠲᠠᠯᠠᠪᠠᠢ ᠳᠠᠬᠢ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠠᠵᠢᠯᠲᠠᠳ ᠲᠠᠢ ᠳᠣᠲᠣᠨᠣ ᠪᠠᠷ ᠶᠠᠷᠢᠯᠴᠠᠪᠠ᠃ ᠲᠡᠷᠡ᠂ ᠡᠳᠡᠭᠡᠷ ᠳᠤᠮᠳᠠᠳᠤ ᠶᠢᠨ ᠰᠣᠶᠣᠯ ᠤᠨ ᠦᠨᠡᠲᠦ ᠡᠷᠳᠡᠨᠢ ᠶᠢ ᠰᠠᠶᠢᠲᠤᠷ ᠬᠠᠮᠠᠭᠠᠯᠠᠵᠤ᠂ ᠰᠠᠶᠢᠲᠤᠷ ᠤᠯᠠᠮᠵᠢᠯᠠᠵᠤ᠂ ᠰᠠᠶᠢᠲᠤᠷ ᠵᠠᠯᠭᠠᠮᠵᠢᠯᠠᠬᠤ ᠬᠡᠷᠡᠭᠲᠡᠢ ᠭᠡᠵᠤ ᠴᠢᠬᠤᠯᠠᠴᠢᠯᠠᠪᠠ᠃ ᠵᠢᠭᠤᠯᠴᠢᠯᠠᠭᠰᠠᠳ ᠶᠡᠷᠦᠩᠬᠡᠢ ᠱᠦᠵᠢ ᠶᠢ ᠤᠯᠵᠤ ᠦᠵᠡᠭᠡᠳ ᠮᠠᠰᠢ ᠪᠠᠶᠠᠷᠯᠠᠵᠤ ᠶᠡᠷᠦᠩᠬᠡᠢ ᠱᠦᠵᠢ ᠲᠠᠢ ᠮᠡᠨᠳᠦᠴᠢᠯᠡᠵᠤ ᠪᠠᠶᠢᠯ᠎ᠠ᠃ ᠰᠢ ᠶᠢᠨ ᠫᠢᠩ ᠪᠠᠶᠢᠨ ᠪᠠᠶᠢᠨ ᠤᠯᠠᠨ ᠲᠠᠢ ᠰᠠᠨᠠᠯ ᠢᠶᠠᠨ ᠰᠣᠯᠢᠯᠴᠠᠵᠤ᠂ ᠪᠢᠴᠢᠬᠠᠨ ᠨᠠᠶᠢᠵᠠ ᠨᠠᠷ ᠢ ᠲᠤᠬᠠᠢ ᠶᠢᠨ ᠭᠠᠵᠠᠷ ᠲᠤᠨᠢ ᠢᠯᠡᠭᠦᠬᠡᠨ ᠣᠴᠢᠵᠤ ᠳᠤᠮᠳᠠᠳᠤ ᠶᠢᠨ ᠰᠣᠶᠣᠯ ᠢ ᠡᠷᠢᠯᠬᠢᠯᠡᠵᠦ᠂ ᠬᠠᠷᠠᠬᠠᠨ ᠪᠠᠭ᠎ᠠ ᠠᠴᠠ ᠪᠠᠨ ᠰᠣᠶᠣᠯ ᠤᠨ ᠢᠲᠡᠭᠡᠯ ᠢ ᠪᠤᠢ ᠪᠣᠯᠭᠠᠬᠤ ᠶᠢ ᠣᠨᠴᠠᠭᠠᠶᠢᠯᠠᠨ ᠵᠣᠷᠢᠭᠵᠢᠭᠤᠯᠪᠠ᠃ ᠲᠡᠷᠡ᠂ ᠰᠣᠶᠣᠯ ᠵᠢᠭᠤᠯᠴᠢᠯᠠᠯ ᠤᠨ ᠠᠭᠤᠰᠤᠯᠴᠠᠯ ᠤᠨ ᠢᠷᠡᠭᠡᠳᠦᠢ ᠭᠡᠭᠡᠨ ᠰᠠᠷᠠᠭᠤᠯ ᠶᠤᠮ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠦᠨᠡᠨ ᠬᠦ ᠲᠤᠯᠭᠠᠭᠤᠷᠢ ᠠᠵᠤ ᠦᠢᠯᠡᠰ᠂ ᠠᠷᠠᠳ ᠤᠨ ᠠᠮᠢᠳᠤᠷᠠᠯ ᠤᠨ ᠠᠵᠤ ᠦᠢᠯᠡᠰ᠂ ᠵᠣᠯ ᠵᠢᠷᠭᠠᠯᠲᠤ ᠠᠵᠤ ᠦᠢᠯᠡᠰ ᠪᠣᠯᠭᠠᠨ ᠪᠦᠳᠦᠬᠡᠨ ᠪᠠᠶᠢᠭᠤᠯᠬᠤ ᠬᠡᠷᠡᠭᠲᠡᠢ ᠭᠡᠵᠤ ᠴᠢᠬᠤᠯᠠᠴᠢᠯᠠᠵᠠᠢ᠃   20 ᠤ ᠦᠳᠡ ᠶᠢᠨ ᠡᠮᠦᠨ᠎ᠡ᠂ ᠰᠢ ᠶᠢᠨ ᠫᠢᠩ ᠡᠾᠧᠨᠠᠨ ᠮᠤᠵᠢ ᠶᠢᠨ ᠨᠠᠮ ᠤᠨ ᠬᠤᠷᠢᠶ᠎ᠠ ᠪᠣᠯᠤᠨ ᠮᠤᠵᠢ ᠶᠢᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠡᠾᠧᠨᠠᠨ ᠤ ᠡᠯ᠎ᠡ ᠲᠠᠯ᠎ᠠ ᠶᠢᠨ ᠣᠯᠤᠭᠰᠠᠨ ᠠᠮᠵᠢᠯᠲᠠ ᠶᠢ ᠨᠤᠲᠠᠯᠠᠵᠤ᠂ ᠳᠠᠷᠠᠭᠠᠴᠢ ᠶᠢᠨ ᠠᠯᠬᠤᠮ ᠤᠨ ᠠᠵᠢᠯ ᠳᠤ ᠱᠠᠭᠠᠷᠳᠠᠯᠭ᠎ᠠ ᠳᠤᠷᠠᠳᠪᠠ᠃   ᠰᠢ ᠶᠢᠨ ᠫᠢᠩ᠂ ᠴᠢᠨᠠᠷ ᠰᠠᠶᠢᠲᠠᠢ ᠬᠥᠭᠵᠢᠯᠲᠡ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠃ ᠨᠠᠷᠢᠨ ᠪᠤᠳᠤᠯᠢᠶᠠᠨᠲᠠᠢ ᠭᠠᠳᠠᠭᠠᠳᠤ ᠣᠷᠴᠢᠨ ᠳᠤ ᠬᠠᠨᠳᠤᠵᠤ᠂ ᠢᠲᠡᠭᠡᠯ ᠵᠣᠷᠢᠭ ᠢᠶᠠᠨ ᠪᠠᠲᠤᠳᠬᠠᠵᠤ᠂ ᠥᠪᠡᠷ ᠤᠨ ᠶᠠᠪᠤᠳᠠᠯ ᠢᠶᠠᠨ ᠡᠷᠡᠰ ᠭᠤᠶᠢᠪᠢᠰᠢ ᠦᠭᠡᠢ ᠰᠠᠶᠢᠲᠤᠷ ᠬᠢᠵᠦ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠳᠠ ᠶᠢ ᠡᠷᠡᠰ ᠭᠤᠶᠢᠪᠢᠰᠢ ᠦᠭᠡᠢ ᠥᠷᠭᠡᠳᠭᠡᠵᠦ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠠᠵᠤ ᠠᠬᠤᠶᠢᠯᠠᠯ ᠢ ᠲᠣᠭᠲᠠᠪᠤᠷᠢᠵᠢᠭᠤᠯᠬᠤ᠂ ᠵᠠᠬ᠎ᠠ ᠳᠡᠯᠭᠡᠭᠦᠷ ᠢ ᠲᠣᠭᠲᠠᠪᠤᠷᠢᠵᠢᠭᠤᠯᠬᠤ᠂ ᠵᠢᠱᠢᠯᠲᠡ ᠶᠢ ᠲᠣᠭᠲᠠᠪᠤᠷᠢᠵᠢᠭᠤᠯᠬᠤ ᠪᠠᠷ ᠬᠦᠴᠦᠯᠡᠵᠦ᠂ ᠴᠢᠨᠠᠷ ᠰᠠᠶᠢᠲᠠᠢ ᠬᠥᠭᠵᠢᠯᠲᠡ ᠶᠢᠨ ᠲᠣᠭᠲᠠᠭᠠᠯᠲᠤ ᠴᠢᠨᠠᠷ ᠢᠶᠠᠷ ᠡᠯ᠎ᠡ ᠵᠦᠢᠯ ᠤᠨ ᠲᠣᠭᠲᠠᠭᠠᠯᠲᠤ ᠪᠤᠰᠤ ᠴᠢᠨᠠᠷ ᠢ ᠠᠷᠭᠠᠴᠠᠭᠠᠬᠤ ᠬᠡᠷᠡᠭᠲᠡᠢ᠃ ᠾᠧᠨᠠᠨ ᠠᠵᠤ ᠠᠬᠤᠶ ᠶᠢᠨ ᠲᠣᠮᠣ ᠮᠤᠵᠢ ᠪᠣᠯᠤᠭᠰᠠᠨ ᠤ ᠬᠤᠪᠢ ᠳᠤ᠂ ᠪᠣᠳᠠᠲᠤ ᠴᠣᠭᠴᠠ ᠶᠢᠨ ᠠᠵᠤ ᠠᠬᠤᠶ ᠭᠡᠬᠦ ᠡᠨᠡ ᠬᠦ ᠰᠠᠭᠤᠷᠢ ᠶᠢ ᠤᠯᠠᠮ ᠨᠢᠭᠡ ᠠᠯᠬᠤᠮ ᠪᠠᠬᠢᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠤᠳᠤᠷᠢᠳᠤᠮᠵᠢ ᠪᠣᠯᠭᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠤᠨ ᠴᠢᠨᠠᠷ ᠰᠠᠶᠢᠲᠠᠶ ᠬᠥᠭᠵᠢᠯᠲᠡ ᠳᠠᠬᠢ ᠲᠤᠯᠭᠠᠭᠤᠷᠢᠯᠠᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃ ᠲᠠᠷᠢᠶᠠᠨ ᠭᠠᠵᠠᠷ ᠤᠨ ᠬᠠᠮᠠᠭᠠᠯᠠᠯᠲᠠ ᠪᠠ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠠᠮᠤ ᠪᠤᠳᠠᠭᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢ ᠪᠠᠲᠤ ᠡᠭᠦᠷᠭᠡᠯᠡᠨ᠂ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠬᠦᠯᠬᠦ ᠪᠠᠷ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠳᠠᠶᠢᠴᠢᠯᠠᠨ᠂ ᠬᠤᠲᠠ ᠬᠥᠳᠡᠭᠡ ᠶᠢᠨ ᠬᠠᠮᠲᠤ ᠪᠠᠷ ᠪᠠᠶᠠᠵᠢᠬᠤ ᠶᠢ ᠠᠬᠢᠭᠤᠯᠬᠤ ᠬᠡᠷᠡᠭᠲᠡᠶ᠃ ᠭᠤᠣᠯᠳᠠᠯᠭ᠎ᠠ ᠲᠠᠢ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠵᠠᠰᠠᠯᠲᠠ ᠶᠢ ᠴᠥᠬᠦᠷᠡᠰᠢ ᠦᠭᠡᠢ ᠴᠢᠩᠭᠠᠳᠬᠠᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠤᠯᠳᠠ ᠶᠢ ᠭᠦᠨᠵᠡᠭᠡᠶᠢᠷᠡᠭᠦᠯᠦᠨ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠬᠡᠷᠡᠭᠲᠡᠢ ᠭᠡᠵᠤ ᠵᠢᠭᠠᠵᠤ ᠭᠠᠷᠭᠠᠪᠠ᠃    ᠰᠢ ᠶᠢᠨ ᠫᠢᠩ᠂ ᠾᠧᠨᠠᠨ ᠤ ᠬᠥᠮᠦᠨ ᠠᠮᠠ ᠶᠢᠨ ᠶᠡᠷᠦᠩᠬᠡᠢ ᠬᠡᠮᠵᠢᠶ᠎ᠡ᠂ ᠬᠥᠮᠦᠨ ᠠᠮᠠ ᠶᠢᠨ ᠨᠢᠭᠲᠠᠴᠠ᠂ ᠬᠥᠮᠦᠨ ᠠᠮᠠ ᠶᠢᠨ ᠨᠡᠭᠦᠳᠡᠯ ᠤᠨ ᠬᠡᠮᠵᠢᠶ᠎ᠡ ᠪᠦᠷ ᠨᠡᠯᠢᠶᠡᠳ ᠶᠡᠭᠡ᠂ ᠨᠡᠶᠢᠭᠡᠮ ᠤᠨ ᠠᠰᠠᠭᠤᠳᠠᠯ ᠨᠠᠷᠢᠨ ᠪᠤᠳᠤᠯᠢᠶᠠᠨᠲᠠᠢ ᠤᠯᠠᠨ ᠶᠠᠩᠵᠤ ᠶᠢᠨ ᠪᠠᠶᠢᠳᠠᠭ ᠪᠣᠯᠬᠤᠷ ᠡᠷᠬᠡᠪᠰᠢ ᠨᠡᠶᠢᠭᠡᠮ ᠤᠨ ᠵᠠᠰᠠᠯᠲᠠ ᠶᠢ ᠯᠠᠪᠳᠠᠭᠤᠨ ᠪᠠᠲᠤᠲᠠᠢ ᠴᠢᠩᠭᠠᠳᠬᠠᠬᠤ ᠬᠡᠷᠡᠭᠲᠡᠢ᠃ ᠨᠠᠮ ᠤᠨ ᠤᠳᠤᠷᠢᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠡᠶᠢᠭᠡᠮ ᠤᠨ ᠵᠠᠰᠠᠯᠲᠠ ᠶᠢᠨ ᠪᠠᠶᠢᠭᠤᠯᠤᠯ ᠲᠣᠭᠲᠠᠴᠠ ᠶᠢ ᠪᠦᠷᠢᠨᠰᠢᠬᠦᠯᠵᠤ᠂ ᠰᠢᠨ᠎ᠡ ᠠᠵᠤ ᠠᠬᠤᠢ ᠶᠢᠨ ᠵᠣᠬᠢᠶᠠᠨ ᠪᠠᠶᠢᠭᠤᠯᠤᠯᠲᠠ᠂ ᠰᠢᠨ᠎ᠡ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠰᠢᠨ᠎ᠡ ᠪᠠᠷ ᠠᠵᠢᠯ ᠣᠯᠤᠭᠰᠠᠨ ᠬᠥᠮᠦᠰ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠴᠢᠩᠭᠠᠳᠬᠠᠬᠤ ᠬᠡᠷᠡᠭᠲᠡᠢ᠃ ᠤᠯᠠᠨ ᠲᠦᠮᠡᠨ ᠳᠤ ᠨᠡᠩ ᠰᠠᠶᠢᠳᠤᠷ ᠦᠢᠯᠡᠴᠢᠯᠡᠨ ᠤᠯᠠᠨ ᠲᠦᠮᠡᠨ ᠢ ᠨᠡᠩ ᠰᠠᠶᠢᠲᠤᠷ ᠨᠢᠭᠲᠠᠷᠠᠭᠤᠯᠵᠤ᠂ ᠤᠯᠠᠨ ᠲᠦᠮᠡᠨ ᠤ ᠠᠰᠢᠭ ᠲᠤᠰᠠ ᠶᠢ ᠵᠣᠬᠢᠴᠠᠭᠤᠯᠬᠤ ᠲᠣᠭᠲᠠᠴᠠ ᠶᠢ ᠪᠦᠷᠢᠨᠰᠢᠬᠦᠯᠤᠨ᠂ ᠤᠯᠠᠨ ᠨᠡᠶᠢᠲᠡ ᠶᠢᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂ ᠤᠯᠠᠨ ᠲᠦᠮᠡᠨ ᠤ ᠪᠠᠴᠢᠮᠳᠠᠵᠤ ᠲᠦᠪᠡᠭᠳᠡᠵᠤ ᠵᠤᠪᠠᠨᠢᠵᠤ ᠬᠦᠰᠡᠵᠤ ᠪᠠᠶᠢᠭ᠎ᠠ ᠠᠰᠠᠭᠤᠳᠠᠯ ᠢ ᠰᠡᠳᠭᠢᠯ ᠲᠠᠯᠪᠢᠨ ᠰᠢᠢᠳᠪᠦᠷᠢᠯᠡᠬᠦ ᠬᠡᠷᠡᠭᠲᠡᠢ᠃ ᠦᠨᠳᠦᠰᠦᠨ ᠱᠠᠳᠤ ᠶᠢ ᠠᠳᠬᠤᠬᠤ᠂ ᠰᠠᠭᠤᠷᠢ ᠶᠢ ᠪᠠᠬᠢᠵᠢᠭᠦᠯᠬᠦ᠂ ᠦᠨᠳᠦᠰᠦ ᠶᠢ ᠪᠠᠬᠢᠵᠢᠭᠦᠯᠬᠦ ᠶᠢ ᠲᠤᠪᠤᠶᠢᠯᠭᠠᠵᠤ᠂ ᠡᠬᠢ ᠪᠠᠶᠠᠯᠢᠭ᠂ ᠦᠢᠯᠡᠴᠢᠯᠡᠭᠡ᠂ ᠬᠠᠮᠢᠶᠠᠷᠤᠯᠲᠠ ᠶᠢ ᠳᠣᠷᠣᠭᠰᠢ ᠪᠠᠭᠤᠯᠭᠠᠬᠤ ᠶᠢ ᠠᠬᠢᠭᠤᠯᠵᠤ᠂ ᠨᠡᠶᠢᠭᠡᠮ ᠤᠨ ᠵᠠᠰᠠᠯᠲᠠ ᠶᠢᠨ ᠡᠯ᠎ᠡ ᠵᠦᠢᠯ ᠤᠨ ᠠᠵᠢᠯ ᠢ ᠡᠴᠦᠰ ᠲᠤᠨᠢ ᠲᠤᠯᠳᠠᠯ᠎ᠠ ᠬᠢᠬᠦ᠂ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠬᠠᠤᠯᠢ ᠪᠠᠷ ᠵᠠᠰᠠᠬᠤ ᠪᠠ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠡᠶᠢᠭᠡᠮ ᠤᠨ ᠵᠠᠰᠠᠯᠲᠠ ᠳᠠᠬᠢ ᠬᠠᠤᠯᠢ ᠪᠠᠷ ᠵᠠᠰᠠᠬᠤ ᠶᠢᠨ ᠵᠢᠷᠤᠮᠵᠢᠯ ᠪᠠ ᠪᠠᠲᠤᠯᠠᠭ᠎ᠠ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠦᠨᠡᠨᠴᠢ ᠢᠲᠡᠭᠡᠮᠵᠢᠲᠡᠢ ᠪᠠᠶᠢᠬᠤ ᠦᠷᠳᠡᠭ ᠤᠨ ᠵᠢᠯᠤᠭᠤᠳᠤᠯᠭ᠎ᠠ ᠶᠢ ᠴᠢᠩᠭᠠᠳᠬᠠᠵᠤ᠂ ᠵᠠᠰᠠᠭ ᠤᠨ ᠣᠷᠳᠣᠨ ᠤ ᠦᠨᠡᠨᠴᠢ ᠢᠲᠡᠭᠡᠮᠵᠢ᠂ ᠠᠵᠤ ᠠᠬᠤᠶᠢᠯᠠᠯ ᠤᠨ ᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ ᠶᠢᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠠᠶᠤᠯ ᠲᠦᠭᠰᠢᠭᠦᠷᠢ ᠭᠡᠮ ᠰᠣᠭᠤᠭ ᠢ ᠵᠢᠭᠰᠠᠭᠠᠨ ᠪᠠᠶᠢᠴᠠᠭᠠᠬᠤ ᠪᠠ ᠵᠠᠰᠠᠬᠤ ᠶᠢ ᠴᠢᠩᠭ᠎ᠠ ᠠᠩᠬᠠᠷᠴᠤ᠂ ᠨᠡᠶᠢᠭᠡᠮ ᠤᠨ ᠠᠮᠤᠷ ᠲᠦᠪᠰᠢᠨ ᠢ ᠪᠦᠬᠦᠯᠢ ᠴᠣᠭᠴᠠ ᠪᠠᠷ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠭᠤᠣᠯᠳᠠᠯᠭ᠎ᠠ ᠲᠠᠢ ᠬᠦᠷᠢᠶᠡᠨ ᠳᠠᠬᠢ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠠᠷᠢᠯᠭᠠᠵᠤ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠦᠨᠡᠨ ᠬᠦ ᠬᠠᠮᠠᠭᠠᠯᠠᠬᠤ ᠬᠡᠷᠡᠭᠲᠡᠢ᠃ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ ᠭᠠᠷᠭᠠᠵᠤ᠂ ᠨᠡᠶᠢᠭᠡᠮ ᠤᠨ ᠵᠠᠰᠠᠯᠲᠠ ᠶᠢ ᠠᠬᠢᠭᠤᠯᠬᠤ ᠳᠤᠮᠳᠠ ᠰᠢᠨ᠎ᠡ ᠪᠠᠶᠢᠳᠠᠯ ᠳᠣᠣᠷᠠᠬᠢ ᠨᠠᠮ ᠤᠨ ᠤᠯᠠᠨ ᠲᠦᠮᠡᠨ ᠤ ᠠᠵᠢᠯ ᠤᠨ ᠵᠢᠮ᠎ᠡ ᠶᠣᠰᠣ ᠶᠢ ᠳ᠋ᠦᠩᠨᠡᠬᠦ ᠳᠡᠭᠡᠨ ᠴᠢᠳᠠᠮᠠᠭᠠᠢ ᠪᠠᠶᠢᠵᠤ᠂ ᠠᠳᠠᠯᠢ ᠪᠤᠰᠤ ᠨᠡᠶᠢᠭᠡᠮ ᠤᠨ ᠬᠠᠮᠲᠤᠯᠢᠭ ᠤᠨ ᠣᠨᠴᠠᠯᠢᠭ ᠲᠤ ᠴᠢᠭᠯᠡᠭᠦᠯᠦᠨ ᠠᠵᠢᠯ ᠢᠶᠠᠨ ᠨᠠᠷᠢᠯᠢᠭ ᠪᠣᠳᠠᠲᠠᠢ ᠬᠢᠬᠦ ᠬᠡᠷᠡᠭᠲᠡᠢ᠃ ᠬᠡᠯᠪᠡᠷᠢᠴᠢ ᠦᠵᠡᠯ ᠢ ᠦᠨᠡᠨ ᠬᠦ ᠴᠡᠭᠴᠡᠯᠡᠨ ᠵᠠᠰᠠᠬᠤ ᠪᠠᠷ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠵᠤ᠂ ᠦᠨᠳᠦᠰᠦᠨ ᠱᠠᠲᠤᠨ ᠤ ᠺᠠᠳ᠋ᠷᠴᠤᠳ ᠤᠨ ᠵᠣᠷᠢᠭᠲᠠᠶ ᠪᠠᠷ ᠠᠵᠢᠯ ᠬᠢᠵᠦ᠂ ᠢᠲᠡᠭᠡᠯ ᠬᠦᠨᠳᠦ ᠲᠠᠢ ᠪᠣᠯᠬᠤ ᠶᠢ ᠳᠡᠮᠵᠢᠵᠦ᠂ ᠣᠯᠠᠨ ᠲᠦᠮᠡᠨ ᠤ ᠥᠪᠡᠷ ᠤᠨ ᠬᠦᠴᠦᠨ ᠳᠡᠭᠡᠨ ᠲᠦᠰᠢᠭᠯᠡᠨ ᠨᠡᠶᠢᠭᠡᠮ ᠤᠨ ᠵᠠᠰᠠᠯᠲᠠ ᠳᠠᠬᠢ ᠠᠰᠠᠭᠤᠳᠠᠯ ᠢ ᠰᠢᠢᠳᠪᠦᠷᠢᠯᠡᠬᠦ ᠶᠢ ᠳᠡᠮᠵᠢᠬᠦ ᠬᠡᠷᠡᠭᠲᠡᠶ ᠭᠡᠵᠤ ᠴᠢᠬᠤᠯᠠᠴᠢᠯᠠᠪᠠ᠃   ᠰᠢ ᠶᠢᠨ ᠫᠢᠩ᠂ ᠲᠥᠪ ᠤᠨ ᠨᠠᠢᠮᠠᠨ ᠲᠣᠭᠲᠠᠭᠠᠯ ᠪᠣᠯ ᠨᠠᠮ ᠤᠨ ᠲᠥᠪ ᠬᠤᠷᠢᠶ᠎ᠠ ᠶᠢᠨ ᠢᠲᠡᠭᠡᠯ ᠬᠦᠨᠳᠦ ᠲᠠᠢ ᠠᠵᠢᠯᠯᠠᠭ᠎ᠠ ᠮᠥᠨ᠂ ᠰᠢᠨ᠎ᠡ ᠴᠠᠭ ᠦᠶ᠎ᠡ ᠶᠢᠨ ᠨᠠᠮ ᠢ ᠬᠠᠮᠢᠶᠠᠷᠴᠤ ᠨᠠᠮ ᠢ ᠵᠠᠰᠠᠬᠤ ᠪᠡᠯᠭᠡ ᠲᠡᠮᠳᠡᠭ ᠤᠨ ᠴᠢᠨᠠᠷᠲᠠᠢ ᠠᠷᠭ᠎ᠠ ᠬᠡᠮᠵᠢᠶ᠎ᠡ ᠮᠥᠨ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠣᠯ ᠡᠨᠡ ᠵᠢᠯ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠭᠤᠣᠯᠳᠠᠯᠭ᠎ᠠ ᠲᠠᠢ ᠡᠭᠦᠷᠭᠡ ᠮᠥᠨ᠃ ᠰᠤᠷᠤᠯᠴᠠᠬᠤ ᠪᠠᠶᠢᠴᠠᠭᠠᠬᠤ ᠴᠡᠭᠴᠡᠯᠡᠨ ᠰᠠᠶᠢᠵᠢᠷᠠᠭᠤᠯᠬᠤ ᠶᠢ ᠨᠢᠭᠡ ᠴᠤᠬᠴᠠᠵᠢᠭᠤᠯᠤᠨ ᠠᠬᠢᠭᠤᠯᠬᠤ ᠳᠡᠭᠡᠷ᠎ᠡ ᠬᠦᠴᠦ ᠣᠷᠣᠭᠤᠯᠵᠤ᠂ ᠨᠠᠮ ᠤᠨ ᠭᠡᠰᠢᠭᠦᠨ ᠺᠠᠳ᠋ᠷ ᠤᠨ ᠬᠤᠪᠢ ᠬᠥᠮᠦᠨ ᠤ ᠪᠠᠶᠢᠴᠠᠭᠠᠨ ᠳᠡᠯᠭᠡᠵᠤ ᠴᠡᠭᠴᠡᠯᠡᠨ ᠰᠠᠶᠢᠵᠢᠷᠠᠭᠤᠯᠬᠤ ᠶᠢ ᠵᠣᠬᠢᠶᠠᠨ ᠪᠠᠶᠢᠭᠤᠯᠤᠯᠲᠠ ᠶᠢᠨ ᠪᠠᠶᠢᠴᠠᠭᠠᠨ ᠳᠡᠯᠭᠡᠵᠤ ᠴᠡᠭᠴᠡᠯᠡᠨ ᠰᠠᠶᠢᠵᠢᠷᠠᠭᠤᠯᠬᠤ ᠲᠠᠢ ᠨᠢᠭᠲᠠ ᠤᠶᠠᠯᠳᠤᠭᠤᠯᠵᠤ᠂ ᠣᠪᠣᠷ ᠰᠤᠷᠲᠠᠯ ᠤᠨ ᠴᠢᠩᠭ᠎ᠠ ᠱᠠᠭᠠᠷᠳᠠᠯᠭ᠎ᠠ ᠶᠢ ᠦᠨᠡᠨ ᠬᠦ ᠬᠠᠲᠠᠭᠤ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠤ᠂ ᠲᠡᠮᠦᠷ ᠮᠡᠳᠦ ᠶᠣᠰᠣ ᠲᠦᠷᠢᠮ ᠢ ᠪᠤᠢ ᠪᠣᠯᠭᠠᠵᠤ᠂ ᠰᠤᠷᠤᠯᠴᠠᠪᠠᠯ ᠴᠢᠨᠠᠷ ᠰᠠᠶᠢᠲᠠᠢ᠂ ᠪᠠᠶᠢᠴᠠᠭᠠᠪᠠᠯ ᠡᠷᠴᠢᠮ ᠲᠠᠢ᠂ ᠰᠠᠶᠢᠵᠢᠷᠠᠭᠤᠯᠪᠠᠯ ᠦᠷ᠎ᠡ ᠪᠦᠲᠦᠮᠵᠢᠲᠡᠢ ᠪᠠᠶᠢᠬᠤ ᠶᠢ ᠪᠠᠲᠤᠯᠠᠬᠤ ᠬᠡᠷᠡᠭᠲᠡᠢ᠃ ᠰᠤᠷᠤᠯᠴᠠᠯᠭ᠎ᠠ ᠬᠥᠮᠦᠵᠢᠯ ᠤᠨ ᠲᠥᠪ ᠤᠨ ᠵᠢᠯᠣᠭᠤᠳᠬᠤ ᠳᠤᠭᠤᠶᠢᠯᠠᠩ ᠲᠤᠰᠢᠶᠠᠯ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠢᠴᠡᠳᠭᠡᠵᠦ᠂ ᠠᠵᠢᠯ ᠤᠨ ᠭᠤᠤᠯᠳᠠᠯᠭ᠎ᠠ ᠪᠠᠨ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠬᠤ ᠳᠡᠭᠡᠷ᠎ᠡ ᠲᠠᠯᠪᠢᠵᠤ᠂ ᠨᠠᠷᠢᠯᠢᠭ ᠣᠨᠣᠴᠠᠲᠠᠢ ᠵᠢᠯᠣᠭᠤᠳᠴᠤ᠂ ᠡᠷᠬᠡᠪᠰᠢ ᠪᠣᠳᠠᠲᠤ ᠦᠷ᠎ᠡ ᠪᠦᠲᠦᠮᠵᠢ ᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃   ᠰᠢ ᠶᠢᠨ ᠫᠢᠩ᠂ ᠡᠨᠡ ᠵᠢᠯ ᠠᠴᠠ ᠨᠠᠭᠠᠰᠢ᠂ ᠮᠠᠨ ᠤ ᠤᠯᠤᠰ ᠤᠨ ᠵᠠᠷᠢᠮ ᠭᠠᠵᠠᠷ ᠣᠷᠣᠨ ᠳᠤ ᠭᠠᠩ ᠬᠠᠭᠰᠠᠷᠠᠭᠠᠨ ᠡᠭᠦᠰᠴᠦ᠂ ᠵᠠᠷᠢᠮ ᠨᠢ ᠪᠠᠰᠠ ᠦᠷᠭᠦᠯᠵᠢᠯᠡᠵᠦ ᠪᠤᠢ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠨᠢᠭᠲᠠ ᠬᠠᠮᠵᠢᠯᠴᠠᠨ᠂ ᠤᠰᠤ ᠬᠡᠷᠡᠭᠯᠡᠬᠦ ᠲᠣᠬᠢᠷᠠᠭᠤᠯᠤᠯᠲᠠ ᠶᠢ ᠴᠢᠩᠭᠠᠳᠬᠠᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠲᠤ ᠤᠰᠤ ᠬᠠᠩᠭᠠᠬᠤ ᠪᠠ ᠲᠠᠷᠢᠶᠠᠯᠠᠩ ᠤᠨ ᠤᠰᠤᠯᠠᠯᠲᠠ ᠶᠢᠨ ᠬᠡᠷᠡᠭᠴᠡᠭᠡ ᠶᠢ ᠪᠠᠲᠤᠯᠠᠬᠤ ᠬᠡᠷᠡᠭᠲᠡᠶ᠃ ᠭᠠᠩ ᠪᠠᠶᠢᠪᠠᠯ ᠤᠰᠤᠲᠤᠯ ᠪᠠᠶᠢᠵᠤ ᠮᠡᠳᠡᠨ᠎ᠡ᠂ ᠭᠠᠩᠳᠠᠯ ᠠᠴᠠ ᠤᠰᠤᠳᠤᠯ ᠪᠤᠯᠵᠤ ᠬᠤᠪᠢᠷᠠᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠦᠶᠡᠷ ᠤᠨ ᠬᠤᠭᠤᠴᠠᠭ᠎ᠠ ᠨᠢᠭᠡᠨᠲᠡ ᠬᠦᠷᠴᠦ ᠢᠷᠡᠪᠡ᠂ ᠡᠯ᠎ᠡ ᠭᠠᠵᠠᠷ ᠤᠨ ᠬᠢᠨ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠬᠦ ᠳᠤ ᠡᠷᠬᠡᠪᠰᠢ ᠨᠠᠷᠢᠨ ᠨᠢᠮᠪᠠᠶ ᠪᠡᠯᠡᠳᠭᠡᠯ ᠬᠢᠵᠦ᠂ ᠪᠡᠯᠡᠳᠭᠡᠯ ᠲᠥᠰᠦᠯ ᠭᠦᠢᠴᠡᠳ᠂ ᠠᠷᠭᠠᠴᠠᠭᠠᠬᠤ ᠳᠠᠭᠠᠨ ᠯᠠᠪᠳᠠᠭᠤᠨ ᠲᠤᠭᠳᠠᠭᠤᠨ ᠪᠠᠶᠢᠬᠤ ᠶᠢ ᠪᠠᠲᠤᠯᠠᠬᠤ ᠬᠡᠷᠡᠭᠲᠡᠶ᠃ ᠠᠭᠤᠯᠠᠨ ᠦᠶᠡᠷ᠂ ᠰᠢᠪᠠᠷ ᠴᠢᠯᠠᠭᠤᠨ ᠤᠷᠤᠰᠬᠠᠯ ᠵᠡᠷᠭᠡ ᠪᠠᠶᠢᠭᠠᠯᠢ ᠶᠢᠨ ᠭᠠᠮᠰᠢᠭ ᠠᠮᠠᠷᠬᠠᠨ ᠡᠭᠦᠰᠭᠦ ᠭᠠᠵᠠᠷ ᠣᠷᠣᠨ ᠳᠤ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃   ᠾᠧ ᠯᠢ ᠹᠧᠩ ᠵᠢᠴᠢ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠷ᠎ᠠ ᠪᠤᠯᠵᠤ ᠰᠢᠨᠵᠢᠯᠡᠨ ᠪᠠᠶᠢᠴᠠᠭᠠᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠦᠮᠦᠵᠢᠯ ᠤᠨ ᠲᠥᠪ ᠤᠨ ᠬᠤᠶᠠᠳᠤᠭᠠᠷ ᠵᠢᠯᠣᠭᠤᠳᠬᠤ ᠳᠤᠭᠤᠶᠢᠯᠠᠩ ᠤᠨ ᠬᠠᠷᠢᠭᠤᠴᠠᠯᠭᠠᠲᠠᠨ ᠨᠥᠬᠦᠳ ᠬᠠᠷᠢᠭᠤ ᠮᠡᠳᠡᠭᠦᠯᠦᠯᠲᠡ ᠶᠢᠨ ᠬᠤᠷᠠᠯ ᠳᠤ ᠣᠷᠣᠯᠴᠠᠵᠡᠢ᠃   ︵ᠰᠢᠨᠬᠤᠸᠠ ᠬᠤᠷᠢᠶ᠎ᠠ ᠶᠢᠨ ᠵᠤᠩᠵᠸᠦ ᠶᠢᠨ 5 ᠰᠠᠷ᠎ᠠ ᠶᠢᠨ 20 ᠤ ᠴᠠᠬᠢᠯᠭᠠᠨ ᠮᠡᠳᠡᠭᠡ︶
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号