ᠰᠢᠨᠡᠵᠠᠮ ᠰᠤᠮᠤ ᠣᠳᠣᠬᠠᠨ ᠤ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/5/23
   5 ᠰᠠᠷ᠎ᠠ ᠶᠢᠨ 22 ᠤᠨ ᠡᠳᠦᠷ᠂ ᠰᠢᠨᠠᠵᠠᠮ ᠰᠤᠮᠤ ᠣᠳᠣᠬᠠᠨ ᠤ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠢᠵᠦ᠂ ᠬᠤᠷᠠᠯ ᠢ ᠰᠤᠮᠤᠨ ᠤ ᠨᠠᠮ ᠤᠨ ᠬᠤᠷᠢᠶᠠᠨ ᠤ ᠱᠦᠵᠢ ᠰᠢᠦᠢ ᠲᠢᠶᠠᠨ ᠡᠷᠬᠢᠯᠡᠵᠦ᠂ ᠰᠤᠮᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ᠂ ᠬᠡᠰᠡᠭ ᠳᠠᠭᠠᠭᠠᠴᠢᠯᠠᠭᠰᠠᠨ ᠤᠳᠤᠷᠢᠳᠤᠯᠭ᠎ᠠ ᠬᠤᠷᠠᠯ ᠳᠤ ᠣᠷᠣᠯᠴᠠᠵᠠᠢ᠃    ᠬᠤᠷᠠᠯ ᠠᠴᠠ ᠪᠠᠶᠢᠭᠠᠯᠢ ᠶᠢᠨ ᠡᠬᠢ ᠪᠠᠶᠠᠯᠢᠭ ᠪᠣᠯᠤᠨ ᠣᠢ ᠰᠢᠭᠤᠢ ᠡᠪᠡᠰᠦ ᠪᠡᠯᠴᠢᠭᠡᠷ ᠤᠨ ᠬᠦᠷᠢᠶᠡᠨ ᠤ ᠵᠢᠷᠤᠭ ᠲᠣᠯᠪᠤ ︵ᠣᠢ ᠰᠢᠭᠤᠢ ᠡᠪᠡᠰᠦ ᠪᠡᠯᠴᠢᠭᠡᠷ ᠢ ᠡᠪᠳᠡᠭᠰᠡᠨ︶ ᠶᠢ ᠴᠡᠭᠴᠡᠯᠡᠨ ᠰᠠᠶᠢᠵᠢᠷᠠᠭᠤᠯᠬᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠂ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠮᠠᠰᠢᠨ ᠴᠠᠬᠢᠯᠭᠠᠨ ᠬᠤᠳᠳᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠵᠡᠷᠭᠡ ᠣᠳᠣᠬᠠᠨ ᠤ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠳᠠᠬᠢᠨ ᠲᠣᠬᠢᠷᠠᠭᠤᠯᠵᠤ᠂ ᠳᠠᠬᠢᠨ ᠪᠠᠶᠢᠷᠢᠯᠠᠭᠤᠯᠪᠠ᠃    ᠬᠤᠷᠠᠯ ᠠᠴᠠ᠂ ᠨᠢᠭᠡ ᠳᠤ᠂ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠲᠣᠭᠤᠷᠢᠨ ᠪᠠᠶᠢᠴᠠᠭᠠᠵᠤ ᠬᠠᠮᠢᠶᠠᠷᠤᠨ ᠬᠠᠮᠠᠭᠠᠯᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠠᠳᠠᠭᠠᠯᠠᠯᠲᠠ ᠶᠢᠨ ᠬᠡᠮᠵᠢᠶ᠎ᠡ ᠶᠢ ᠪᠦᠬᠦ ᠬᠦᠴᠦᠨ ᠢᠶᠠᠷ ᠢᠶᠠᠨ ᠠᠷᠢᠯᠭᠠᠵᠤ᠂ ᠨᠡᠮᠡᠭᠳᠡᠯ ᠤᠨ ᠬᠡᠮᠵᠢᠶ᠎ᠡ ᠶᠢ ᠬᠤᠷᠢᠭᠯᠠᠵᠤ᠂ ᠴᠡᠭᠴᠡᠯᠡᠨ ᠰᠠᠶᠢᠵᠢᠷᠠᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠶᠢᠨ ᠬᠠᠮᠲᠤ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠠᠶᠤᠯ ᠲᠦᠭᠰᠢᠭᠦᠷᠢ ᠶᠢ ᠰᠡᠷᠭᠡᠶᠢᠯᠡᠬᠦ ᠬᠡᠷᠡᠭᠲᠡᠢ᠃ ᠬᠤᠶᠠᠷ ᠲᠤ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠪᠠᠶᠢᠳᠠᠯ ᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ︽ᠬᠦᠯᠢᠶᠡᠨ ᠠᠪᠤᠭᠰᠠᠨ ᠦᠭᠡᠢ ᠪᠠᠶᠢᠬᠤ︾ ︽ᠪᠡᠶ᠎ᠡ ᠶᠢᠨ ᠭᠠᠳᠠᠨᠠᠬᠢ ᠣᠷᠴᠢᠯ︾ ᠵᠡᠷᠭᠡ ᠦᠵᠡᠭᠳᠡᠯ ᠭᠠᠷᠬᠤ ᠶᠢ ᠡᠷᠡᠰ ᠬᠤᠷᠢᠭᠯᠠᠵᠤ᠂ ᠠᠵᠤ ᠦᠢᠯᠡᠰ ᠤᠨ ᠬᠥᠭᠵᠢᠯᠲᠡ᠂ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ᠂ ᠦᠨᠳᠦᠰᠦᠨ ᠵᠦᠢᠯ ᠢ ᠪᠠᠲᠤᠯᠠᠬᠤ ᠵᠡᠷᠭᠡ ᠭᠤᠣᠯᠳᠠᠯᠭ᠎ᠠ ᠲᠠᠢ ᠠᠵᠢᠯ ᠢ ᠦᠷᠭᠦᠯᠵᠢᠯᠡᠨ ᠰᠠᠶᠢᠲᠤᠷ ᠬᠢᠬᠦ ᠬᠡᠷᠡᠭᠲᠡᠢ᠃ ᠭᠤᠷᠪᠠ ᠳᠤ᠂ ᠣᠯᠤᠯᠴᠠᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠵᠤ᠂ ᠰᠤᠷᠤᠯᠴᠠᠨ ᠪᠠᠶᠢᠴᠠᠭᠠᠵᠤ ᠥᠭᠡᠷᠡᠴᠢᠯᠡᠬᠦ ᠶᠢ ᠨᠢᠭᠡ ᠴᠣᠭᠴᠠᠵᠢᠭᠤᠯᠤᠨ ᠠᠬᠢᠭᠤᠯᠵᠤ᠂ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠪᠣᠳᠠᠲᠠᠢ ᠦᠷ᠎ᠡ ᠪᠦᠲᠦᠮᠵᠢ ᠭᠠᠷᠭᠠᠬᠤ ᠶᠢ ᠪᠠᠲᠤᠯᠠᠬᠤ ᠬᠡᠷᠡᠭᠲᠡᠢ᠃ ᠳᠥᠷᠪᠡ ᠳᠤ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠶᠣᠰᠣᠭᠠᠷ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠡᠭᠦᠷᠭᠡ ᠶᠢ ᠪᠡᠶᠡᠯᠡᠭᠦᠯᠵᠦ᠂ ᠶᠠᠰᠤ ᠴᠢᠨᠠᠷ ᠲᠤ ᠬᠢᠨᠠᠯᠲᠠ ᠲᠠᠯᠪᠢᠬᠤ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠥᠭᠡᠷᠡᠴᠢᠯᠡᠨ ᠰᠢᠨᠡᠳᠬᠡᠭᠰᠡᠨ ᠤ ᠳᠠᠷᠠᠭᠠᠬᠢ ᠭᠡᠷ ᠪᠠᠶᠢᠰᠢᠩ ᠤᠨ ᠠᠮᠤᠷ ᠲᠦᠪᠰᠢᠨ ᠤ ᠪᠠᠷᠢᠮᠵᠢᠶ᠎ᠠ ᠳᠤ ᠨᠡᠶᠢᠴᠡᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠲᠠᠪᠤ ᠳᠤ᠂ ᠲᠠᠷᠢᠶᠠᠨ ᠭᠠᠵᠠᠷ ᠤᠨ ᠬᠠᠮᠢᠶᠠᠷᠤᠯᠲᠠ ᠶᠢ ᠴᠢᠩᠭᠠᠳᠬᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠮᠠᠰᠢᠨ ᠴᠠᠬᠢᠯᠭᠠᠨ ᠬᠤᠳᠳᠤᠭ ᠢ ᠵᠢᠭᠰᠠᠭᠠᠨ ᠪᠠᠶᠢᠴᠠᠭᠠᠵᠤ ᠬᠠᠮᠢᠶᠠᠷᠤᠨ ᠬᠠᠮᠠᠭᠠᠯᠠᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ︽ᠣᠳᠣᠬᠠᠨ ᠳᠤ ᠥᠭᠡᠷᠡᠴᠢᠯᠡᠬᠦ︾ ᠪᠠ ︽ᠤᠷᠲᠤ ᠬᠤᠭᠤᠴᠠᠭ᠎ᠠ ᠪᠠᠷ ᠪᠠᠶᠢᠭᠤᠯᠬᠤ︾ ᠶᠢ ᠤᠶᠠᠯᠳᠤᠭᠤᠯᠵᠤ᠂ ᠪᠠᠶᠢᠭᠤᠯᠤᠭᠰᠠᠨ ᠤ ᠳᠠᠷᠠᠭᠠᠬᠢ ᠬᠠᠮᠢᠶᠠᠷᠴᠤ ᠬᠠᠮᠠᠭᠠᠯᠠᠬᠤ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠲᠡᠭᠦᠯᠳᠡᠷᠵᠢᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠤᠷᠲᠤ ᠬᠤᠭᠤᠴᠠᠭ᠎ᠠ ᠪᠠᠷ ᠦᠷ᠎ᠡ ᠠᠰᠢᠭ ᠢ ᠪᠠᠳᠠᠷᠠᠭᠤᠯᠬᠤ ᠶᠢ ᠪᠠᠲᠤᠯᠠᠬᠤ ᠬᠡᠷᠡᠭᠲᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号