ᠣᠶᠢᠷ᠎ᠠ ᠳᠤ᠂ ᠥᠪᠥᠷ ᠮᠣᠩᠭᠤᠯ ᠤᠨ ᠬᠤᠷᠴᠢᠨ ᠤ ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ | ᠣᠷᠣᠨ ᠤ ᠪᠠᠶᠢᠭᠠᠯᠢ ᠶᠢᠨ ᠰᠤᠷᠭᠠᠨ ᠬᠥᠮᠦᠵᠢᠯ ᠤᠨ ᠲᠥᠪ ᠨᠢ ᠥᠪᠡᠷᠮᠢᠴᠡ ᠠᠮᠢ ᠠᠬᠤᠢ ᠶᠢᠨ ᠡᠬᠢ ᠪᠠᠶᠠᠯᠢᠭ᠂ | ᠰᠢᠨ᠎ᠡ ᠶᠢ ᠡᠭᠦᠳᠦᠭᠰᠡᠨ ᠪᠠᠶᠢᠭᠠᠯᠢ ᠶᠢᠨ ᠰᠤᠷᠭᠠᠨ ᠬᠥᠮᠦᠵᠢᠯ ᠤᠨ ᠵᠠᠭᠪᠤᠷ ᠬᠢᠭᠡᠳ ᠢᠯᠡᠳᠲᠡ ᠰᠤᠷᠭᠠᠨ | ᠬᠥᠮᠦᠵᠢᠯ ᠤᠨ ᠦᠷ᠎ᠡ ᠪᠦᠲᠦᠭᠡᠯ ᠢᠶᠠᠷ ᠢᠶᠠᠨ ᠪᠦᠬᠦ ᠤᠯᠤᠰ ᠤᠨ ᠠᠩᠬᠠᠳᠠᠭᠴᠢ ᠪᠦᠯᠦᠭ ᠵᠠᠯᠠᠭᠤᠴᠤᠳ | ᠪᠠᠭᠠᠴᠤᠳ ᠤᠨ ᠠᠮᠢ ᠠᠬᠤᠢ ᠶᠢᠨ ᠪᠣᠯᠪᠠᠰᠤᠨ ᠤ ᠬᠥᠮᠦᠵᠢᠯ ᠤᠨ ᠦᠢᠯᠡᠳᠦᠯᠭᠡ ᠶᠢᠨ ᠲᠠᠯᠠᠪᠤᠷ ᠣᠷᠳᠣᠨ ᠳᠤ | ᠠᠮᠵᠢᠯᠲᠠ ᠲᠠᠢ ᠪᠠᠷ ᠰᠣᠩᠭᠤᠭᠳᠠᠨ ᠣᠷᠣᠵᠤ᠂ ᠲᠤᠬᠠᠢ ᠶᠢᠨ ᠭᠠᠵᠠᠷ ᠤᠨ ᠵᠠᠯᠠᠭᠤᠴᠤᠳ ᠪᠠᠭᠠᠴᠤᠳ ᠤᠨ ᠠᠮᠢ | ᠠᠬᠤᠢ ᠶᠢᠨ ᠪᠣᠯᠪᠠᠰᠤᠨ ᠤ ᠰᠤᠷᠭᠠᠨ ᠬᠥᠮᠦᠵᠢᠯ ᠳᠤ ᠨᠡᠩ ᠰᠢᠯᠢᠳᠡᠭ ᠦᠢᠯᠡᠳᠦᠯᠭᠡ ᠶᠢᠨ ᠲᠠᠪᠴᠠᠩ ᠬᠠᠩᠭᠠᠭᠰᠠᠨ | ᠪᠠᠶᠢᠨ᠎ᠠ᠃ | ᠥᠪᠥᠷ ᠮᠤᠩᠬᠤᠯ ᠤᠨ ᠬᠤᠷᠴᠢᠨ ᠤ ᠤᠯᠤᠰ ᠤᠨ ᠲᠠᠰ ᠤᠨ ᠪᠠᠶᠢᠬᠠᠯᠢ ᠶᠢᠨ ᠬᠠᠮᠠᠬᠠᠯᠠᠯᠲᠠ ᠶᠢᠨ ᠣᠷᠣᠨ ᠤ | ᠪᠠᠶᠢᠬᠠᠯᠢ ᠶᠢᠨ ᠰᠤᠷᠬᠠᠨ ᠬᠥᠮᠦᠵᠢᠯ ᠤᠨ ᠲᠥᠪ᠃ 5 ᠰᠠᠷ᠎ᠠ ᠶᠢᠨ 21 ᠤ ᠡᠳᠦᠷ᠂ ᠬᠤᠷᠴᠢᠨ ᠪᠠᠷᠠᠭᠤᠨ ᠭᠠᠷᠤᠨ | ᠳᠤᠮᠳᠠᠳᠤ ᠬᠤᠱᠢᠭᠤᠨ ᠤ ᠱᠢᠨ ᠵᠢᠶᠠ ᠮᠦ ᠭᠤᠣᠯ ᠰᠤᠷᠭᠠᠭᠤᠯᠢ ᠶᠢᠨ ᠰᠤᠷᠤᠭᠴᠢᠳ ᠪᠦᠬᠦ ᠤᠯᠤᠰ ᠤᠨ | ᠠᠩᠬᠠᠳᠠᠭᠴᠢ ᠪᠦᠯᠦᠭ ︽ᠵᠠᠯᠠᠭᠤᠴᠤᠳ ᠪᠠᠭᠠᠴᠤᠳ ᠤᠨ ᠠᠮᠢ ᠠᠬᠤᠢ ᠶᠢᠨ ᠪᠣᠯᠪᠠᠰᠤᠨ ᠤ ᠰᠤᠷᠭᠠᠨ ᠬᠥᠮᠦᠵᠢᠯ ᠤᠨ | ᠦᠢᠯᠡᠳᠦᠯᠭᠡ ᠶᠢᠨ ᠲᠠᠯᠠᠪᠠᠢ︾ — ᠥᠪᠥᠷ ᠮᠣᠩᠭᠤᠯ ᠤᠨ ᠬᠤᠷᠴᠢᠨ ᠤ ᠤᠯᠤᠰ ᠤᠨ ᠳᠡᠰ ᠤᠨ ᠪᠠᠶᠢᠭᠠᠯᠢ ᠶᠢᠨ | ᠬᠠᠮᠠᠭᠠᠯᠠᠯᠲᠠ ᠶᠢᠨ ᠣᠷᠣᠨ ᠤ ᠪᠠᠶᠢᠭᠠᠯᠢ ᠶᠢᠨ ᠰᠤᠷᠭᠠᠨ ᠬᠥᠮᠦᠵᠢᠯ ᠤᠨ ᠲᠥᠪ ᠲᠤ ᠬᠦᠷᠴᠦ᠂ ᠥᠪᠡᠷᠮᠢᠴᠡ | ᠣᠨᠴᠠᠯᠢᠭ ᠲᠠᠢ ᠠᠮᠢ ᠠᠬᠤᠢ ᠶᠢᠨ ᠰᠤᠳᠤᠯᠤᠨ ᠰᠤᠷᠤᠯᠴᠠᠬᠤ ᠵᠢᠭᠤᠯᠴᠢᠯᠠᠯ ᠥᠷᠨᠢᠭᠦᠯᠪᠡ᠃ ᠠᠵᠢᠯᠯᠠᠭ᠎ᠠ ᠶᠢᠨ | ᠳᠤᠮᠳᠠ᠂ ᠰᠤᠷᠤᠭᠴᠢᠳ ᠪᠠᠭᠰᠢ ᠶᠢᠨ ᠳᠠᠭᠠᠭᠤᠯᠭ᠎ᠠ ᠳᠣᠣᠷ᠎ᠠ᠂ ᠡᠯ᠎ᠡ ᠲᠠᠯᠠᠪᠤᠷ ᠣᠷᠳᠣᠨ ᠳᠤ ᠰᠦᠯᠵᠢᠯᠳᠦᠨ᠎ᠡ᠂ | ᠲᠡᠳᠡ ᠨᠤᠭᠤ ᠭᠠᠵᠠᠷ ᠤᠨ ᠨᠡᠭᠦᠳᠡᠯ ᠤᠨ ᠰᠢᠪᠠᠭᠤᠨ ᠤ ᠣᠷᠣᠰᠢᠨ ᠠᠮᠢᠳᠤᠷᠠᠬᠤ ᠶᠢ ᠠᠵᠢᠭᠯᠠᠵᠤ᠂ ᠠᠳᠠᠯᠢ ᠪᠤᠰᠤ | ᠤᠷᠭᠤᠮᠠᠯ ᠤᠨ ᠤᠷᠭᠤᠯᠲᠠ ᠶᠢᠨ ᠣᠨᠴᠠᠯᠢᠭ ᠢ ᠣᠶᠢᠯᠠᠭᠠᠵᠤ᠂ ᠪᠠᠰᠠ ᠰᠣᠨᠢᠷᠬᠠᠯ ᠤᠨ ᠠᠵᠢᠯᠯᠠᠭ᠎ᠠ ᠪᠠᠷ ᠳᠠᠮᠵᠢᠭᠤᠯᠤᠨ | ᠰᠤᠷᠤᠭᠴᠢᠳ ᠢ ᠡᠬᠡ ᠪᠠᠶᠢᠭᠠᠯᠢ ᠶᠢᠨ ᠠᠮᠢ ᠠᠬᠤᠢ ᠶᠢᠨ ᠰᠢᠰᠲ᠋ᠧᠮ ᠳᠤ ᠨᠡᠩ ᠪᠦᠬᠦ ᠲᠠᠯ᠎ᠠ ᠶᠢᠨ ᠲᠠᠨᠢᠯᠲᠠ ᠲᠠᠢ | ᠪᠣᠯᠭᠠᠨ᠎ᠠ᠃ ᠰᠢᠨ ᠵᠢᠶᠠ ᠮᠦ ᠭᠤᠣᠯ ᠰᠤᠷᠭᠠᠭᠤᠯᠢ ᠶᠢᠨ ᠰᠤᠷᠤᠭᠴᠢ ᠪᠦᠦ ᠶᠠ ᠯᠢᠨ᠄ ︽ᠡᠨᠡ ᠤᠳᠠᠭ᠎ᠠ | ᠠᠵᠢᠯᠯᠠᠭ᠎ᠠ ᠳᠤ ᠣᠷᠣᠯᠴᠠᠬᠤ ᠳᠤ᠂ ᠪᠢ ᠠᠮᠢᠲᠠᠨ ᠤ ᠲᠥᠷᠥᠯ᠂ ᠤᠷᠭᠤᠮᠠᠯ ᠤᠨ ᠲᠥᠷᠥᠯ ᠤᠨ ᠵᠠᠭᠪᠤᠷ ᠢ ᠣᠯᠵᠤ | ᠬᠠᠷᠠᠵᠠᠢ᠂ ᠡᠬᠡ ᠪᠠᠶᠢᠭᠠᠯᠢ ᠪᠣᠯ ᠲᠡᠶᠢᠮᠦ ᠬᠠᠴᠢᠨ ᠰᠣᠨᠢᠨ ᠰᠠᠨᠠᠭᠳᠠᠵᠤ ᠪᠠᠶᠢᠨ᠎ᠠ᠃ ᠬᠠᠷᠢᠭᠰᠠᠨ ᠤ ᠳᠠᠷᠠᠭ᠎ᠠ ᠪᠢ | ᠣᠯᠵᠤ ᠦᠵᠡᠭᠰᠡᠨ ᠪᠠ ᠰᠣᠷᠣᠭᠰᠠᠨ ᠮᠡᠳᠡᠯᠭᠡ ᠪᠠᠨ ᠭᠡᠷ ᠤᠨ ᠬᠥᠮᠦᠰ ᠪᠠ ᠨᠠᠶᠢᠵᠠ ᠳᠠᠭᠠᠨ ᠬᠤᠪᠢᠶᠠᠯᠴᠠᠵᠤ᠂ | ᠬᠤᠶᠢᠰᠢᠳᠠ ᠪᠢ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠦᠢᠯᠡᠳᠦᠯᠭᠡᠵᠢᠭᠦᠯᠦᠭᠴᠢ ᠪᠣᠯᠵᠤ᠂ | ᠪᠠᠶᠢᠭᠠᠯᠢ ᠳᠤ ᠣᠷᠣᠵᠤ᠂ ᠪᠠᠶᠢᠭᠠᠯᠢ ᠶᠢ ᠣᠶᠢᠯᠠᠭᠠᠨ᠎ᠠ︾ ᠭᠡᠵᠦ ᠬᠡᠯᠡᠪᠡ᠃ ᠰᠤᠷᠤᠭᠴᠢᠳ ᠲᠠᠯᠠᠪᠠᠢ | ᠣᠷᠳᠣᠨ ᠨᠤᠭᠤᠳ ᠢ ᠲᠣᠭᠤᠷᠢᠨ ᠦᠵᠡᠵᠦ᠃ | ᠥᠪᠥᠷ ᠮᠣᠩᠭᠤᠯ ᠤᠨ ᠬᠤᠷᠴᠢᠨ ᠤ ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ | ᠪᠠᠶᠢᠭᠠᠯᠢ ᠶᠢᠨ ᠰᠤᠷᠭᠠᠨ ᠬᠥᠮᠦᠵᠢᠯ ᠤᠨ ᠲᠥᠪ ᠪᠣᠯ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ | ᠠᠩᠬᠠᠳᠠᠭᠴᠢ ᠪᠠᠶᠢᠭᠠᠯᠢ ᠶᠢᠨ ᠣᠷᠴᠢᠨ ᠲᠣᠭᠤᠷᠢᠨ ᠢᠶᠠᠷ ᠭᠤᠣᠯ ᠰᠡᠳᠦᠪ ᠪᠣᠯᠭᠠᠭᠰᠠᠨ ᠰᠢᠨᠵᠢᠯᠡᠬᠦ ᠤᠬᠠᠭᠠᠨ ᠢ | ᠲᠦᠭᠡᠮᠡᠯᠵᠢᠭᠦᠯᠬᠦ ᠰᠤᠷᠭᠠᠨ ᠬᠥᠮᠦᠵᠢᠯ ᠤᠨ ᠲᠥᠪ ᠪᠣᠯᠤᠨ᠎ᠠ᠃ ᠲᠤᠰ ᠲᠥᠪ ᠨᠢ ᠨᠤᠭᠤ ᠭᠠᠵᠠᠷ ᠵᠢᠴᠢ ᠨᠤᠭᠤ | ᠭᠠᠵᠠᠷ ᠤᠨ ᠰᠢᠪᠠᠭᠤᠨ ᠤ ᠲᠥᠷᠥᠯ ᠤᠨ ᠦᠵᠡᠭᠦᠯᠦᠯᠭᠡ ᠶᠢᠨ ᠲᠢᠩᠬᠢᠮ᠂ ᠤᠷᠭᠤᠮᠠᠯ ᠬᠤᠶᠠᠷ ᠨᠤᠲᠤᠭᠲᠤ | ᠰᠢᠪᠠᠵᠢ ᠶᠢᠨ ᠦᠵᠡᠭᠦᠯᠦᠯᠭᠡ ᠶᠢᠨ ᠲᠢᠩᠬᠢᠮ᠂ ᠪᠠᠶᠢᠭᠠᠯᠢ ᠶᠢᠨ ᠣᠢ ᠵᠢᠴᠢ ᠵᠢᠭᠦᠷᠲᠡᠨ ᠤ ᠦᠵᠡᠭᠦᠯᠦᠯᠭᠡ ᠶᠢᠨ ᠲᠢᠩᠬᠢᠮ | ᠭᠡᠵᠦ ᠬᠤᠪᠢᠶᠠᠵᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠥᠪᠡᠷᠮᠢᠴᠡ ᠠᠮᠢ ᠠᠬᠤᠢ ᠶᠢᠨ | ᠰᠢᠰᠲ᠋ᠧᠮ ᠪᠠ ᠡᠯᠪᠡᠭ ᠪᠠᠶᠠᠯᠢᠭ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠤᠨ ᠡᠬᠢ ᠪᠠᠶᠠᠯᠢᠭ ᠢ ᠪᠦᠬᠦ | ᠲᠠᠯ᠎ᠠ ᠪᠠᠷ ᠳᠡᠯᠭᠡᠨ ᠦᠵᠡᠭᠦᠯᠦᠨ᠎ᠡ᠃ ᠲᠣᠰ ᠰᠤᠷᠭᠠᠨ ᠬᠥᠮᠦᠵᠢᠯ ᠤᠨ ᠲᠥᠪ ᠨᠢ ᠰᠢᠨ᠎ᠡ ᠶᠢ ᠡᠭᠦᠳᠬᠦ ᠪᠠᠶᠢᠭᠠᠯᠢ ᠶᠢᠨ | ᠰᠤᠷᠭᠠᠨ ᠬᠥᠮᠦᠵᠢᠯ ᠤᠨ ᠵᠠᠭᠪᠤᠷ ᠢ ᠬᠡᠷᠡᠭᠯᠡᠨ᠂ ᠡᠯᠪᠡᠭ ᠪᠠᠶᠠᠯᠢᠭ ᠠᠮᠢ ᠠᠬᠤᠢ ᠶᠢᠨ ᠡᠬᠢ ᠪᠠᠶᠠᠯᠢᠭ ᠢ ᠠᠮᠢᠳᠤᠯᠢᠭ | ᠵᠢᠭᠠᠨ ᠰᠤᠷᠭᠠᠯᠲᠠ ᠶᠢᠨ ᠪᠣᠷᠣ ᠮᠠᠲ᠋ᠧᠷᠢᠶᠠᠯ ᠪᠣᠯᠭᠠᠨ ᠬᠤᠪᠢᠷᠠᠭᠤᠯᠵᠤ᠂ ᠠᠮᠢ ᠠᠬᠤᠢ ᠶᠢ ᠬᠠᠮᠠᠭᠠᠯᠠᠬᠤ | ᠣᠶᠢᠯᠠᠭᠠᠭᠳᠠᠬᠤᠨ ᠢ ᠨᠠᠩ ᠰᠢᠭᠤᠳ᠂ ᠰᠣᠨᠢᠷᠬᠠᠯᠲᠠᠢ ᠠᠷᠭ᠎ᠠ ᠮᠠᠶ᠋ᠢᠭ ᠢᠶᠠᠷ ᠰᠤᠷᠤᠭᠴᠢᠳ ᠲᠤ ᠳᠠᠮᠵᠢᠭᠤᠯᠵᠤ | ᠪᠠᠶᠢᠨ᠎ᠠ᠃ ᠰᠣᠨᠢᠷᠬᠠᠯᠲᠠᠢ ᠬᠥᠳᠡᠯᠭᠡᠭᠡᠨ ᠨᠢ ᠰᠤᠷᠤᠭᠴᠢᠳ ᠲᠤ ᠡᠬᠡ ᠪᠠᠶᠢᠭᠠᠯᠢ ᠶᠢ ᠣᠶᠢᠯᠠᠭᠠᠨ᠎ᠠ᠃ ᠪᠠᠶᠢᠭᠠᠯᠢ ᠶᠢᠨ | ᠰᠤᠷᠭᠠᠨ ᠬᠥᠮᠦᠵᠢᠯ ᠤᠨ ᠬᠢᠴᠢᠶᠡᠯ ᠪᠣᠯᠤᠨ ᠠᠵᠢᠯᠯᠠᠭ᠎ᠠ ᠶᠢᠨ ᠲᠠᠯ᠎ᠠ ᠪᠠᠷ᠂ ᠥᠪᠥᠷ ᠮᠣᠩᠭᠤᠯ ᠤᠨ ᠬᠤᠷᠴᠢᠨ ᠤ | ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠪᠠᠶᠢᠭᠠᠯᠢ ᠶᠢᠨ ᠰᠤᠷᠭᠠᠨ ᠬᠥᠮᠦᠵᠢᠯ ᠤᠨ | ᠲᠥᠪ ᠲᠠᠢ ᠬᠠᠮᠲᠤᠷᠠᠨ ᠣᠯᠠᠨ ᠤᠯᠤᠰ ᠤᠨ ᠾᠧ ᠲᠥᠷᠥᠯ ᠤᠨ ᠰᠠᠭᠤᠷᠢ ᠮᠥᠩᠭᠦᠨ ᠤ ᠨᠡᠶᠢᠭᠡᠮᠯᠢᠭ᠂ ᠬᠤᠷᠴᠢᠨ | ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠲᠠᠢ ᠬᠠᠮᠲᠤᠷᠠᠨ ᠲᠠᠪᠤᠨ | ᠲᠥᠷᠥᠯ ᠤᠨ ᠪᠠᠶᠢᠭᠠᠯᠢ ᠶᠢᠨ ᠰᠤᠷᠭᠠᠨ ᠬᠥᠮᠦᠵᠢᠯ ᠤᠨ ᠬᠢᠴᠢᠶᠡᠯ ᠢ ᠨᠡᠭᠡᠭᠡᠵᠦ᠂ ᠰᠢᠪᠠᠭᠤᠨ ᠤ ᠲᠥᠷᠥᠯ᠂ ᠤᠷᠭᠤᠮᠠᠯ᠂ | ᠰᠢᠪᠠᠵᠢ᠂ ᠠᠮᠢ ᠠᠬᠤᠢ ᠶᠢᠨ ᠰᠢᠰᠲ᠋ᠧᠮ᠂ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠵᠡᠷᠭᠡ ᠬᠦᠷᠢᠶ᠎ᠡ ᠶᠢ ᠬᠠᠮᠤᠷᠪᠠ᠃ | ᠬᠢᠴᠢᠶᠡᠯ ᠤᠨ ᠬᠡᠯᠪᠡᠷᠢ ᠨᠢ ᠣᠯᠠᠨ ᠶᠠᠩᠵᠤ ᠶᠢᠨ ᠪᠠᠶᠢᠵᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠥᠮᠦᠵᠢᠯ᠂ | ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠬᠤ᠂ ᠬᠠᠷᠢᠯᠴᠠᠨ ᠣᠶᠢᠯᠠᠭᠠᠯᠴᠠᠬᠤ ᠵᠡᠷᠭᠡ ᠶᠢ ᠪᠠᠭᠲᠠᠭᠠᠵᠤ᠂ | ᠵᠠᠯᠠᠭᠤᠴᠤᠳ ᠪᠠᠭᠠᠴᠤᠳ ᠢ ᠳᠠᠭᠠᠭᠤᠯᠤᠨ ᠪᠠᠶᠢᠭᠠᠯᠢ ᠶᠢᠨ ᠠᠮᠢ ᠠᠬᠤᠢ ᠶᠢ ᠭᠦᠨᠵᠡᠭᠡᠢ ᠬᠠᠶᠢᠨ ᠰᠦᠪᠡᠭᠴᠢᠯᠡᠵᠦ᠂ | ᠵᠠᠯᠠᠭᠤᠴᠤᠳ ᠪᠠᠭᠠᠴᠤᠳ ᠤᠨ ᠪᠠᠶᠢᠭᠠᠯᠢ ᠲᠠᠢ ᠣᠶᠢᠷᠠᠲᠤᠬᠤ᠂ ᠪᠣᠬᠢᠷᠲᠤᠯ ᠦᠭᠡᠢ ᠣᠶᠢᠯᠠᠭᠠᠭᠳᠠᠬᠤᠨ ᠢ | ᠦᠢᠯᠡᠳᠦᠯᠭᠡᠵᠢᠭᠦᠯᠬᠦ ︽ᠠᠮᠢᠳᠤᠯᠢᠭ ᠬᠢᠴᠢᠶᠡᠯ ᠤᠨ ᠲᠠᠩᠬᠢᠮ︾ ᠪᠣᠯᠵᠣ᠂ ᠵᠠᠯᠠᠭᠤᠴᠤᠳ ᠪᠠᠭᠠᠴᠤᠳ ᠢ | ᠦᠢᠯᠡᠳᠦᠯᠭᠡ ᠶᠢᠨ ᠳᠤᠮᠳᠠ ᠠᠮᠢ ᠠᠬᠤᠢ ᠶᠢᠨ ᠭᠤᠸ᠎ᠠ ᠰᠠᠶᠢᠬᠠᠨ ᠢ ᠣᠶᠢᠯᠠᠭᠠᠭᠤᠯᠵᠤ᠂ ᠪᠣᠬᠢᠷᠲᠤᠯ ᠦᠭᠡᠢ | ᠬᠥᠭᠵᠢᠯᠲᠡ ᠶᠢᠨ ᠣᠶᠢᠯᠠᠭᠠᠭᠳᠠᠬᠤᠨ ᠢ ᠦᠢᠯᠡᠳᠦᠯᠭᠡᠵᠢᠭᠦᠯᠪᠡ᠃ | ᠬᠤᠷᠴᠢᠨ ᠤ ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ | ᠲᠣᠪᠴᠢᠶ᠎ᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠢᠨᠠᠨ ᠬᠡᠮᠵᠢᠬᠦ ᠰᠠᠯᠠᠭᠠᠨ ᠤ ᠳᠡᠳ᠋ ᠳᠠᠷᠤᠭ᠎ᠠ ᠨᠢᠩ ᠵᠢᠶᠠ | ᠬᠤᠢ᠄ ︽ᠳᠠᠷᠠᠭᠠᠴᠢ ᠶᠢᠨ ᠠᠯᠬᠤᠮ ᠳᠤ᠂ ᠥᠪᠥᠷ ᠮᠣᠩᠭᠤᠯ ᠤᠨ ᠬᠤᠷᠴᠢᠨ ᠤ ᠤᠯᠤᠰ ᠤᠨ ᠳᠡᠰ ᠤᠨ | ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠪᠠᠶᠢᠭᠠᠯᠢ ᠶᠢᠨ ᠰᠤᠷᠭᠠᠨ ᠬᠥᠮᠦᠵᠢᠯ ᠤᠨ ᠲᠥᠪ ᠲᠤᠰ ᠪᠡᠶ᠎ᠡ ᠶᠢᠨ ᠠᠮᠢ | ᠠᠬᠤᠢ ᠶᠢᠨ ᠡᠬᠢ ᠪᠠᠶᠠᠯᠢᠭ ᠤᠨ ᠳᠠᠪᠠᠭᠤᠯᠢᠭ ᠢᠶᠠᠨ ᠭᠦᠢᠴᠡᠳ ᠠᠰᠢᠭᠯᠠᠵᠤ᠂ ᠬᠢᠴᠢᠶᠡᠯ ᠤᠨ ᠲᠠᠩᠬᠢᠮ ᠢᠶᠠᠨ | ᠪᠠᠶᠢᠭᠠᠯᠢ ᠳᠤ ᠨᠡᠭᠦᠯᠭᠡᠵᠦ᠂ ᠵᠠᠯᠠᠭᠤᠴᠤᠳ ᠪᠠᠭᠠᠴᠤᠳ ᠲᠤ ᠨᠡᠩ ᠣᠯᠠᠨ ᠰᠢᠯᠢᠳᠡᠭ ᠪᠠᠶᠢᠭᠠᠯᠢ ᠶᠢᠨ ᠰᠤᠷᠭᠠᠨ | ᠬᠥᠮᠦᠵᠢᠯ ᠤᠨ ᠦᠢᠯᠡᠴᠢᠯᠡᠭᠡ ᠬᠠᠩᠭᠠᠵᠤ᠂ ᠪᠠᠶᠢᠭᠠᠯᠢ ᠶᠢᠨ ᠰᠤᠷᠭᠠᠨ ᠬᠥᠮᠦᠵᠢᠯ ᠤᠨ ᠵᠠᠭᠪᠤᠷ ᠢ ᠲᠠᠰᠤᠷᠠᠯᠲᠠ ᠦᠭᠡᠢ | ᠲᠡᠭᠦᠯᠳᠡᠷᠵᠢᠭᠦᠯᠵᠦ᠂ ᠰᠤᠷᠭᠠᠨ ᠬᠥᠮᠦᠵᠢᠯ ᠤᠨ ᠠᠭᠤᠯᠭ᠎ᠠ ᠶᠢ ᠪᠠᠶᠠᠯᠢᠭᠵᠢᠭᠤᠯᠬᠤ ᠪᠠᠷ ᠳᠠᠮᠵᠢᠭᠤᠯᠤᠨ᠂ ᠠᠮᠢ | ᠠᠬᠤᠢ ᠶᠢᠨ ᠪᠣᠯᠪᠠᠰᠤᠨ ᠤ ᠣᠶᠢᠯᠠᠭᠠᠭᠳᠠᠬᠤᠨ ᠲᠠᠢ ᠰᠢᠨ᠎ᠡ ᠴᠠᠭ ᠦᠶ᠎ᠡ ᠶᠢᠨ ᠵᠠᠯᠠᠭᠤᠴᠤᠳ ᠪᠠᠭᠠᠴᠤᠳ ᠢ ᠨᠡᠩ | ᠣᠯᠠᠨ ᠬᠥᠮᠦᠵᠢᠭᠦᠯᠬᠦ ᠳᠤ ᠬᠦᠴᠦᠨ ᠨᠡᠮᠡᠷᠢᠯᠡᠨ᠎ᠡ︾ ᠭᠡᠪᠡ᠃ |