ᠰᠢ ᠶᠢᠨ ᠫᠢᠩ ᠹᠷᠠᠨᠼᠢ ᠶᠢᠨ ᠶᠡᠷᠦᠩᠬᠡᠶᠢᠯᠡᠭᠴᠢ ᠮᠠᠶᠢᠺᠷᠤᠨ ᠲᠠᠢ ᠤᠲᠠᠰᠤ ᠪᠠᠷ ᠶᠠᠷᠢᠯᠴᠠᠪᠠ
ᠨᠡᠶᠢᠲᠡᠯᠡᠭᠰᠡᠨ ᠴᠠᠭ᠄
2025/5/23
   5 ᠰᠠᠷ᠎ᠠ ᠶᠢᠨ 22 ᠤᠨ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠣᠯᠵᠤᠭ᠎ᠠ ᠪᠠᠷ ᠹᠷᠠᠨᠼᠢ ᠶᠢᠨ ᠶᠡᠷᠦᠩᠬᠡᠶᠢᠯᠡᠭᠴᠢ ᠮᠠᠶᠢᠺᠷᠤᠨ ᠲᠠᠢ ᠤᠲᠠᠰᠤ ᠪᠠᠷ ᠶᠠᠷᠢᠯᠴᠠᠪᠠ᠃   ᠰᠢ ᠶᠢᠨ ᠫᠢᠩ᠂ ᠨᠢᠳᠤᠨᠤᠨ ᠤ 5 ᠰᠠᠷ᠎ᠠ ᠳᠤ ᠪᠢ ᠹᠷᠠᠨᠼᠢ ᠳᠤ ᠠᠶᠢᠯᠴᠢᠯᠠᠵᠤ᠂ ᠬᠤᠶᠠᠷ ᠲᠠᠯ᠎ᠠ ᠪᠠᠷ ᠢᠶᠠᠨ ᠪᠡᠶ᠎ᠡ ᠪᠠᠨ ᠳᠠᠭᠠᠭᠠᠵᠤ ᠡᠵᠡᠨ ᠮᠡᠳᠡᠬᠦ᠂ ᠬᠠᠷᠢᠯᠴᠠᠨ ᠣᠶᠢᠯᠠᠭᠠᠯᠴᠠᠬᠤ᠂ ᠥᠨᠳᠥᠷ ᠲᠤ ᠵᠣᠭᠰᠣᠨ ᠠᠯᠤᠰ ᠢ ᠪᠠᠷᠠᠯᠠᠬᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠬᠦ ᠳᠤᠮᠳᠠᠳᠤ ᠹᠷᠠᠨᠼᠢ ᠶᠢᠨ ᠭᠠᠳᠠᠭᠠᠳᠤ ᠬᠠᠷᠢᠯᠴᠠᠭ᠎ᠠ ᠪᠠᠶᠢᠭᠤᠯᠬᠤ ᠵᠣᠷᠢᠭ ᠰᠠᠨᠠᠭ᠎ᠠ ᠶᠢ ᠪᠠᠳᠠᠷᠠᠭᠤᠯᠬᠤ ᠶᠢ ᠰᠠᠨᠠᠯ ᠨᠢᠭᠡᠲᠡᠢ ᠵᠥᠪᠰᠢᠶᠡᠷᠡᠭᠰᠡᠨ ᠪᠥᠭᠡᠳ ᠲᠡᠭᠦᠨ ᠳᠤ ᠰᠢᠨ᠎ᠡ ᠴᠠᠭ ᠦᠶ᠎ᠡ ᠶᠢᠨ ᠠᠭᠤᠯᠤᠭᠳᠠᠬᠤᠨ ᠣᠯᠭᠤᠪᠠ᠃ ᠲᠡᠬᠦᠨ ᠠᠴᠠ ᠰᠡᠭᠦᠯᠡᠷ᠂ ᠳᠤᠮᠳᠠᠳᠤ ᠹᠷᠠᠨᠼᠢ ᠶᠢᠨ ᠬᠠᠮᠲᠤᠷᠠᠯᠴᠠᠭ᠎ᠠ ᠪᠠᠰᠠ ᠮᠠᠰᠢ ᠤᠯᠠᠨ ᠰᠢᠨ᠎ᠡ ᠠᠬᠢᠴᠠ ᠲᠠᠢ ᠪᠣᠯᠪᠠ᠃   ᠬᠤᠶᠠᠷ ᠲᠠᠯ᠎ᠠ ᠪᠠᠷ ᠢᠶᠠᠨ ᠪᠠᠶᠢᠯᠳᠤᠬᠤ ᠪᠤᠳᠤᠯᠭ᠎ᠠ ᠶᠢᠨ ᠤᠯᠤᠯᠴᠠᠭ᠎ᠠ ᠪᠠᠨ ᠴᠢᠩᠭᠠᠳᠬᠠᠵᠤ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠤᠶ᠎ᠠ᠃ ᠠᠵᠠ ᠲᠣᠬᠢᠶᠠᠯ ᠢ ᠠᠮᠵᠢᠵᠤ᠂ ᠪᠡᠯᠡ ᠣᠷᠣᠭᠤᠯᠤᠯᠲᠠ᠂ ᠰᠠᠨᠰᠠᠷ ᠤᠨ ᠠᠶᠠᠯᠠᠯ ᠠᠭᠠᠷ ᠤᠨ ᠠᠶᠠᠯᠠᠯ᠂ ᠴᠥᠮ᠎ᠡ ᠶᠢᠨ ᠡᠨᠧᠷᠭᠢ ᠵᠡᠷᠭᠡ ᠤᠯᠠᠮᠵᠢᠯᠠᠯᠲᠤ ᠬᠦᠷᠢᠶᠡᠨ ᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠲᠣᠭᠠᠴᠢᠯᠠᠯᠳᠠ᠂ ᠪᠣᠬᠢᠷᠲᠤᠯ ᠦᠭᠡᠢ᠂ ᠠᠮᠢᠳᠤ ᠪᠣᠳᠠᠰ ᠤᠨ ᠡᠮ ᠡᠮᠨᠡᠯᠭᠡ᠂ ᠪᠤᠭᠤᠷᠤᠯᠴᠤᠳ ᠤᠨ ᠠᠵᠤ ᠠᠬᠤᠢ ᠵᠡᠷᠭᠡ ᠰᠢᠨ᠎ᠡ ᠪᠠᠷ ᠮᠠᠨᠳᠤᠭᠰᠠᠨ ᠬᠦᠷᠢᠶᠡᠨ ᠤ ᠬᠠᠮᠲᠤᠷᠠᠯᠴᠠᠭ᠎ᠠ ᠪᠠᠨ ᠥᠷᠭᠡᠳᠭᠡᠶ᠎ᠠ᠃ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠨᠡᠮᠡᠭᠳᠡᠭᠦᠯᠵᠦ ᠂ ᠠᠷᠠᠳ ᠲᠦᠮᠡᠨ ᠤ ᠨᠥᠬᠦᠷᠯᠡᠯ ᠢ ᠠᠬᠢᠭᠤᠯᠤᠶ᠎ᠠ ᠭᠡᠵᠦ ᠵᠢᠭᠠᠵᠤ ᠭᠠᠷᠭᠠᠪᠠ᠃   ᠰᠢ ᠶᠢᠨ ᠫᠢᠩ᠂ ᠡᠨᠡ ᠵᠢᠯ ᠪᠣᠯ ᠳᠡᠯᠡᠬᠡᠢ ᠶᠢᠨ ᠹᠠᠱᠢᠰ ᠢ ᠡᠰᠡᠷᠭᠦᠴᠡᠬᠦ ᠲᠠᠶᠢᠨ ᠢᠯᠠᠯᠲᠠ ᠣᠯᠤᠭᠰᠠᠨ ᠪᠠ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠶᠢᠭᠤᠯᠤᠭᠳᠠᠭᠰᠠᠨ 80 ᠵᠢᠯ ᠤᠨ ᠤᠢ ᠪᠣᠯᠤᠨ᠎ᠠ᠃ ᠳᠤᠮᠳᠠᠳᠤ ᠹᠷᠠᠨᠼᠢ ᠪᠣᠯ ᠴᠥᠮ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠶᠤᠯ ᠦᠭᠡᠢ ᠶᠢᠨ ᠵᠥᠪᠯᠡᠯ ᠤᠨ ᠪᠠᠶᠢᠩᠭᠤ ᠶᠢᠨ ᠬᠡᠷᠡᠭ ᠡᠷᠬᠢᠯᠡᠬᠦ ᠤᠯᠤᠰ ᠪᠠ ᠪᠡᠶ᠎ᠡ ᠪᠠᠨ ᠳᠠᠭᠠᠭᠠᠵᠤ ᠡᠵᠡᠨ ᠮᠡᠳᠡᠬᠦ ᠲᠤᠮᠤ ᠤᠯᠤᠰ ᠮᠥᠨ᠂ ᠳᠠᠶᠢᠨ ᠤ ᠳᠠᠷᠠᠭᠠᠬᠢ ᠤᠯᠠᠨ ᠤᠯᠤᠰ ᠤᠨ ᠡᠮᠬᠢ ᠲᠢᠭᠯᠢᠮ ᠤᠨ ᠡᠭᠦᠰᠭᠡᠨ ᠪᠠᠶᠢᠭᠤᠯᠤᠭᠴᠢ᠂ ᠪᠦᠳᠦᠭᠡᠨ ᠪᠠᠶᠢᠭᠤᠯᠤᠭᠴᠢ ᠮᠥᠨ᠂ ᠪᠦᠯᠬᠦᠮᠳᠡᠯ ᠬᠠᠮᠲᠤᠷᠠᠯᠴᠠᠭ᠎ᠠ ᠪᠠᠨ ᠴᠢᠩᠭᠠᠳᠬᠠᠵᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠡᠷᠬᠡ ᠰᠦᠷ ᠪᠠ ᠪᠠᠶᠢᠷᠢ ᠰᠠᠭᠤᠷᠢ ᠶᠢ ᠬᠠᠮᠲᠤ ᠪᠠᠷ ᠬᠠᠮᠠᠭᠠᠯᠠᠵᠤ᠂ ᠤᠯᠠᠨ ᠤᠯᠤᠰ ᠤᠨ ᠠᠷᠠᠯᠵᠢᠶᠠᠨ ᠤ ᠲᠦᠷᠢᠮ ᠪᠠ ᠳᠡᠯᠡᠬᠡᠢ ᠶᠢᠨ ᠠᠵᠤ ᠠᠬᠤᠢ ᠶᠢᠨ ᠡᠮᠬᠢ ᠵᠢᠷᠤᠮ ᠢ ᠬᠠᠮᠠᠭᠠᠯᠠᠵᠤ᠂ ᠵᠢᠩᠬᠢᠨᠢ ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠬᠦ ᠬᠡᠷᠡᠭᠲᠡᠢ᠃ ᠳᠡᠯᠡᠬᠡᠢ ᠶᠢᠨ ᠪᠠᠶᠢᠳᠠᠯ ᠬᠡᠳᠦᠢ ᠪᠤᠳᠤᠯᠢᠶᠠᠨᠲᠠᠢ ᠪᠣᠯᠬᠤ ᠳᠤᠳᠤᠮ᠂ ᠳᠤᠮᠳᠠᠳᠤ ᠹᠷᠠᠨᠼᠢ ᠲᠡᠳᠦᠢ ᠵᠥᠪ ᠪᠠᠶᠢᠯᠳᠤᠬᠤ ᠪᠤᠳᠤᠯᠭ᠎ᠠ ᠶᠢᠨ ᠰᠣᠩᠭᠤᠯᠲᠠ ᠬᠢᠵᠦ᠂ ᠤᠯᠠᠨ ᠤᠯᠤᠰ ᠤᠨ ᠡᠮᠬᠢ ᠳᠢᠭᠯᠢᠮ ᠢ ᠬᠠᠮᠠᠭᠠᠯᠠᠬᠤ ᠨᠠᠶᠢᠳᠠᠪᠤᠷᠢᠲᠠᠢ ᠬᠦᠴᠦᠨ᠂ ᠪᠦᠬᠦ ᠪᠥᠮᠪᠥᠷᠴᠡᠭ ᠤᠨ ᠨᠡᠮᠡᠭᠳᠡᠯ ᠢ ᠠᠬᠢᠭᠤᠯᠬᠤ ᠨᠡᠬᠡᠬᠡᠯᠳᠡᠳᠤ ᠬᠦᠴᠦᠨ᠂ ᠤᠯᠠᠨ ᠲᠠᠯᠠᠲᠤ ᠬᠠᠮᠲᠤᠷᠠᠯᠴᠠᠭ᠎ᠠ ᠶᠢ ᠬᠦᠳᠦᠯᠦᠨ ᠳᠠᠭᠠᠭᠤᠯᠬᠤ ᠳᠠᠪᠰᠢᠩᠭᠤᠢ ᠬᠦᠴᠦᠨ ᠪᠣᠯᠬᠤ ᠬᠡᠷᠡᠭᠳᠡᠢ ᠭᠡᠵᠦ ᠴᠢᠬᠤᠯᠠᠴᠢᠯᠠᠵᠠᠢ᠃ᠰᠢ ᠶᠢᠨ ᠫᠢᠩ᠂ ᠳᠤᠮᠳᠠᠳᠤ ᠤᠯᠤᠰ ᠢᠮᠠᠭᠲᠠ ᠧᠦ᠋ᠷᠣᠫᠠ ᠲᠢᠪ ᠢ ᠤᠯᠠᠨ ᠲᠦᠢᠯᠲᠤ ᠳᠡᠯᠡᠬᠡᠢ ᠶᠢᠨ ᠲᠤᠰᠠᠭᠠᠷ ᠨᠢᠭᠡ ᠲᠦᠢᠯ ᠢᠶᠠᠷ ᠦᠵᠡᠵᠦ᠂ ᠧᠦ᠋ᠷᠣᠫᠠ ᠲᠢᠪ ᠤᠨ ᠤᠯᠤᠰ ᠤᠳ ᠤᠨ ᠬᠤᠯᠪᠣᠭ᠎ᠠ ᠶᠢᠨ ᠪᠠᠶᠢᠯᠳᠤᠬᠤ ᠪᠤᠲᠤᠯᠭ᠎ᠠ ᠶᠢᠨ ᠲᠠᠯ᠎ᠠ ᠪᠠᠷ ᠪᠡᠶ᠎ᠡ ᠪᠠᠨ ᠳᠠᠭᠠᠭᠠᠬᠤ ᠪᠠᠨ ᠴᠢᠩᠭᠠᠳᠬᠠᠬᠤ ᠶᠢ ᠲᠡᠮᠵᠢᠵᠦ᠂ ᠤᠯᠠᠠ ᠤᠯᠤᠰ ᠤᠨ ᠬᠡᠷᠡᠭ ᠶᠠᠪᠤᠳᠠᠯ ᠳᠤ ᠨᠡᠩ ᠴᠢᠬᠤᠯᠠ ᠦᠢᠯᠡᠳᠦᠯ ᠦᠵᠡᠭᠦᠯᠵᠦ᠂ ᠳᠤᠷᠠᠲᠠᠶ᠎ᠠ ᠧᠦ᠋ᠷᠣᠫᠠ ᠲᠢᠪ ᠤᠨ ᠬᠢᠨ ᠲᠠᠢ ᠭᠠᠷ ᠬᠤᠯᠪᠣᠯᠴᠠᠨ ᠪᠦᠬᠦ ᠪᠥᠮᠪᠥᠷᠴᠡᠭ ᠤᠨ ᠴᠢᠨᠠᠷᠲᠠᠢ ᠥᠷᠢᠰᠥᠯᠳᠦᠭᠡᠨ ᠢ ᠠᠷᠭᠠᠴᠠᠭᠠᠵᠤ᠂ ᠬᠤᠶᠠᠷ ᠲᠠᠯ᠎ᠠ ᠳᠤ ᠪᠤᠶᠠᠨ ᠦᠢᠯᠡᠳᠬᠦ ᠪᠠᠷ ᠪᠠᠷᠠᠬᠤ ᠦᠭᠡᠢ ᠪᠠᠰᠠ ᠳᠡᠯᠡᠬᠡᠢ ᠳ᠋ᠠᠬᠢᠨ ᠳᠤ ᠠᠰᠢᠭᠲᠠᠢ ᠦᠷ᠎ᠡ ᠪᠦᠲᠦᠭᠡᠯ ᠢ ᠨᠡᠩ ᠤᠯᠠᠠ ᠤᠯᠬᠤ ᠪᠠᠷ ᠴᠢᠷᠮᠠᠶᠢᠨ᠎ᠠ ᠭᠡᠵᠦ ᠵᠢᠭᠠᠵᠤ ᠭᠠᠷᠭᠠᠪᠠ᠃   ᠮᠠᠶᠢᠺᠷᠤᠨ᠂ ᠹᠷᠠᠨᠼᠢ ᠳᠤᠮᠳᠠᠳᠤ᠂ ᠧᠦ᠋ᠷᠣᠫᠠ ᠳᠤᠮᠳᠠᠳᠤ ᠶᠢᠨ ᠬᠠᠷᠢᠯᠴᠠᠭ᠎ᠠ ᠲᠦᠢᠯ ᠤᠨ ᠴᠢᠬᠤᠯᠠ ᠪᠠᠶᠢᠵᠤ᠂ ᠳᠡᠯᠡᠬᠡᠢ ᠶᠢᠨ ᠠᠴᠢ ᠬᠤᠯᠪᠣᠭᠳᠠᠯ ᠲᠠᠢ ᠶᠤᠮ᠃ ᠳᠡᠯᠡᠬᠡᠢ ᠶᠢᠨ ᠪᠠᠶᠢᠳᠠᠯ ᠶᠠᠭᠠᠬᠢᠵᠤ ᠬᠤᠪᠢᠷᠠᠭᠰᠠᠨ ᠴᠤ᠂ ᠹᠷᠠᠨᠼᠢ ᠶᠢᠨ ᠬᠢᠨ ᠳᠤᠮᠳᠠᠳᠤ ᠤᠯᠤᠰ ᠯᠤᠭ᠎ᠠ ᠶᠢᠨ ᠬᠠᠷᠢᠯᠴᠠᠭ᠎ᠠ ᠶᠢ ᠳᠡᠭᠡᠳᠦ ᠬᠡᠮᠵᠶ᠊ ᠡᠶ᠎ᠡ ᠪᠠᠷ ᠴᠢᠬᠤᠯᠠᠴᠢᠯᠠᠵᠤ᠂ ᠨᠢᠭᠡ ᠯᠡ ᠳᠤᠮᠳᠠᠳᠤ ᠤᠯᠤᠰ ᠪᠠᠶᠢᠬᠤ ᠵᠠᠷᠴᠢᠮ ᠢ ᠡᠷᠡᠰ ᠪᠠᠷᠢᠮᠲᠠᠯᠠᠬᠤ ᠵᠣᠭᠰᠣᠯᠲᠠ ᠳᠤ ᠶᠠᠮᠠᠷ ᠴᠤ ᠬᠤᠪᠢᠷᠠᠯᠲᠠ ᠭᠠᠷᠬᠤ ᠦᠭᠡᠢ ᠶᠤᠮ᠃ ᠳᠤᠷᠠᠲᠠᠶ᠎ᠠ ᠳᠤᠮᠳᠠᠳᠤ ᠤᠯᠤᠰ ᠯᠤᠭ᠎ᠠ ᠠᠵᠤ ᠠᠬᠤᠢ ᠠᠷᠠᠯᠵᠢᠶᠠᠨ ᠤ ᠪᠡᠯᠡ ᠣᠷᠣᠭᠤᠯᠤᠯᠲᠠ ᠵᠢᠴᠢ ᠡᠯ᠎ᠡ ᠬᠦᠷᠢᠶᠡᠨ ᠤ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠤᠶᠠᠷ ᠲᠠᠯ᠎ᠠ ᠶᠢᠨ ᠬᠠᠷᠢᠯᠴᠠᠭ᠎ᠠ ᠶᠢᠨ ᠰᠠᠶᠢᠨ ᠰᠠᠶᠢᠬᠠᠨ ᠬᠥᠭᠵᠢᠯᠲᠡ ᠶᠢᠨ ᠬᠠᠨᠳᠤᠰᠢ ᠶᠢ ᠪᠠᠲᠤᠯᠠᠵᠤ᠂ ᠹᠷᠠᠨᠼᠢ ᠳᠤᠮᠳᠠᠳᠤ ᠶᠢᠨ ᠬᠠᠷᠢᠯᠴᠠᠭ᠎ᠠ ᠶᠢᠨ ᠨᠡᠩ ᠶᠡᠭᠡ ᠬᠥᠭᠵᠢᠯᠲᠡ ᠲᠠᠢ ᠪᠣᠯᠬᠤ ᠶᠢ ᠠᠬᠢᠭᠤᠯᠤᠨ᠎ᠠ᠃ ᠲᠦᠷᠭᠡᠨ ᠬᠤᠪᠢᠷᠠᠵᠤ ᠪᠠᠶᠢᠭ᠎ᠠ ᠳᠡᠯᠡᠬᠡᠢ ᠶᠢᠨ ᠪᠠᠶᠢᠳᠠᠯ ᠤᠨ ᠡᠮᠦᠨ᠎ᠡ᠂ ᠹᠷᠠᠨᠼᠢ ᠶᠢᠨ ᠬᠢᠨ ᠳᠤᠷᠠᠲᠠᠶ᠎ᠠ ᠳᠤᠮᠳᠠᠳᠤ ᠶᠢᠨ ᠬᠢᠨ ᠲᠠᠢ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠤᠯᠤᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠵᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠶᠤᠯ ᠦᠭᠡᠢ ᠶᠢᠨ ᠵᠥᠪᠯᠡᠯ ᠤᠨ ᠪᠠᠶᠢᠩᠭᠤ ᠶᠢᠨ ᠬᠡᠷᠡᠭ ᠡᠷᠬᠢᠯᠡᠬᠦ ᠤᠯᠤᠰ ᠤᠨ ᠬᠠᠷᠢᠭᠤᠴᠠᠯᠭ᠎ᠠ ᠶᠢ ᠡᠭᠦᠷᠭᠡᠯᠡᠵᠦ᠂ ᠬᠠᠯᠠᠮᠰᠢᠯ ᠠᠰᠠᠭᠤᠳᠠᠯ ᠤᠨ ᠳᠡᠰ ᠳᠡᠪᠰᠢᠨ ᠦᠷᠭᠡᠵᠢᠬᠦ ᠶᠢ ᠰᠡᠷᠭᠡᠶᠢᠯᠡᠵᠦ᠂ ᠳᠡᠯᠡᠬᠡᠢ ᠶᠢᠨ ᠪᠠ ᠭᠠᠵᠠᠷ ᠣᠷᠣᠨ ᠤ ᠡᠩᠬᠡ ᠲᠠᠶᠢᠪᠤᠩ ᠲᠣᠭᠲᠠᠭᠤᠨ ᠢ ᠬᠠᠮᠲᠤ ᠪᠠᠷ ᠬᠠᠮᠠᠭᠠᠯᠠᠨ᠎ᠠ᠃ ᠧᠦ᠋ᠷᠣᠫᠠ ᠳᠤᠮᠳᠠᠳᠤ ᠤᠯᠠᠮ ᠨᠢᠭᠡ ᠠᠯᠬᠤᠮ ᠤᠯᠤᠯᠴᠠᠭ᠎ᠠ ᠶᠠᠷᠢᠯᠴᠠᠭ᠎ᠠ ᠪᠠᠨ ᠨᠢᠭᠲᠠᠷᠠᠭᠤᠯᠵᠤ᠂ ᠬᠠᠮᠲᠤ ᠶᠢᠨ ᠠᠰᠢᠭ ᠲᠤᠰᠠ ᠪᠠᠨ ᠬᠠᠮᠠᠭᠠᠯᠠᠪᠠᠯ ᠵᠣᠬᠢᠨ᠎ᠠ ᠭᠡᠵᠦ ᠢᠯᠡᠳᠭᠡᠪᠡ᠃   ᠬᠤᠶᠠᠷ ᠤᠯᠤᠰ ᠤᠨ ᠲᠡᠷᠢᠭᠦᠨ ᠪᠠᠰᠠ ᠦᠺᠷᠠᠶᠢᠨ ᠤ ᠬᠢᠮᠤᠷᠠᠯ᠂ ᠫᠠᠯᠤᠰᠲ᠋ᠠᠶᠢᠨ ᠢᠰᠷᠧᠯ ᠤᠨ ᠮᠥᠷᠭᠦᠯᠳᠦᠭᠡᠨ᠂ ᠢᠷᠠᠨ ᠤ ᠴᠥᠮ᠎ᠡ ᠶᠢᠨ ᠠᠰᠠᠭᠤᠳᠠᠯ ᠵᠡᠷᠭᠡ ᠬᠠᠮᠲᠤ ᠪᠠᠷ ᠠᠩᠬᠠᠷᠴᠤ ᠪᠠᠶᠢᠭ᠎ᠠ ᠳᠡᠯᠡᠬᠡᠶ ᠶᠢᠨ ᠪᠠ ᠭᠠᠵᠠᠷ ᠣᠷᠣᠨ ᠤ ᠠᠰᠠᠭᠤᠳᠠᠯ ᠤᠨ ᠲᠤᠬᠠᠶ ᠰᠠᠨᠠᠯ ᠢᠶᠠᠨ ᠭᠦᠨᠵᠡᠭᠡᠶ ᠰᠣᠯᠢᠯᠴᠠᠪᠠ᠃   ︵ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 22 ᠤᠨ ᠴᠠᠬᠢᠯᠭᠠᠨ ᠮᠡᠳᠡᠭᠡ︶
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号