ᠣᠳᠣ ᠪᠣᠯ ᠶᠠᠭ ᠤᠰᠤᠨ ᠲᠤᠲᠤᠷᠭ᠎ᠠ ᠶᠢᠨ ᠴᠢᠬᠢ ᠰᠠᠭᠤᠯᠭᠠᠬᠤ ᠵᠠᠩᠭᠢᠯᠠᠭ᠎ᠠ ᠶᠢᠨ ᠬᠤᠭᠤᠴᠠᠭ᠎ᠠ ᠪᠣᠯᠤᠨ᠎ᠠ᠂ | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠭᠤᠣᠯ ᠤᠨ ᠪᠠᠶᠢᠰᠢᠩ ᠪᠠᠯᠭᠠᠰᠤᠨ ᠤ ᠤᠰᠤᠨ ᠲᠤᠲᠤᠷᠭ᠎ᠠ | ᠲᠠᠷᠢᠬᠤ ᠡᠷᠦᠬᠡ ᠲᠠᠷᠢᠶᠠᠯᠠᠭ᠎ᠠ ᠶᠢᠨ ᠴᠠᠭ ᠢ ᠠᠮᠵᠢᠨ ᠠᠳᠬᠤᠵᠤ᠂ ᠴᠢᠬᠢ ᠵᠥᠭᠡᠭᠡᠪᠦᠷᠢᠯᠡᠨ ᠴᠢᠬᠢ ᠰᠠᠭᠤᠯᠭᠠᠵᠤ᠂ | ᠲᠠᠷᠢᠶᠠᠨ ᠭᠠᠵᠠᠷ ᠭᠠᠵᠠᠷ ᠪᠣᠯᠭᠠᠨ ᠳᠤ ᠰᠢᠷᠭᠠᠭᠤ ᠬᠠᠲᠠᠭᠤᠵᠢᠯᠲᠠᠢ ᠠᠵᠢᠯᠯᠠᠵᠤ ᠪᠠᠶᠢᠭ᠎ᠠ ᠪᠠᠶᠢᠳᠠᠯ ᠪᠣᠯᠤᠨ᠎ᠠ᠃ | ᠭᠤᠣᠯ ᠤᠨ ᠪᠠᠶᠢᠰᠢᠩ ᠪᠠᠯᠭᠠᠰᠤᠨ ᠤ ᠴᠠᠭᠠᠨᠲᠣᠯᠣᠭᠠᠢ ᠭᠠᠴᠠᠭ᠎ᠠ ᠶᠢᠨ ᠲᠠᠷᠢᠬᠤ ᠡᠷᠦᠬᠡ ᠬᠠᠨ ᠹᠧᠩ ᠪᠣᠯ ᠲᠤᠬᠠᠢ ᠶᠢᠨ | ᠭᠠᠵᠠᠷ ᠤᠨ ᠤᠰᠤᠨ ᠲᠤᠲᠤᠷᠭ᠎ᠠ ᠲᠠᠷᠢᠬᠤ ᠲᠣᠮᠣ ᠡᠷᠦᠬᠡ ᠪᠣᠯᠤᠨ᠎ᠠ᠂ ᠡᠨᠡ ᠵᠢᠯ ᠲᠡᠷᠡ 50 ᠬᠦᠯᠡᠮᠵᠢ ᠳᠤ ᠴᠢᠬᠢ | ᠪᠤᠶᠢᠵᠢᠭᠤᠯᠵᠤ᠂ 2000 ᠮᠦ ᠭᠠᠵᠠᠷ ᠰᠢᠷᠣᠢ ᠶᠢ ᠳᠠᠭᠠᠭᠠᠴᠢᠯᠠᠨ ᠲᠤᠲᠤᠷᠭ᠎ᠠ ᠲᠠᠷᠢᠪᠠ᠃ ᠲᠤᠲᠤᠷᠭᠠᠨ | ᠲᠠᠷᠢᠶᠠᠨ ᠳᠤ᠂ ᠴᠢᠬᠢ ᠵᠥᠭᠡᠭᠡᠪᠦᠷᠢᠯᠡᠵᠦ᠂ ᠴᠢᠬᠢ ᠰᠠᠭᠤᠯᠭᠠᠨ ᠁ ᠶᠠᠭᠠᠷᠠᠯᠲᠠᠢ ᠪᠠᠷ᠎ᠠ ᠭᠠᠵᠠᠷ ᠪᠣᠯᠭᠠᠨ ᠳᠤ | ᠬᠠᠷᠠᠭᠳᠠᠨ᠎ᠠ᠃ ᠲᠠᠷᠢᠮᠠᠯ ᠤᠨ ᠡᠷᠦᠬᠡ ᠴᠢᠬᠢ ᠰᠠᠭᠤᠯᠭᠠᠬᠤ ᠮᠠᠰᠢᠨ ᠢ ᠵᠢᠯᠣᠭᠤᠳᠤᠨ ᠨᠠᠭᠠᠰᠢ ᠴᠠᠭᠠᠰᠢ ᠰᠦᠯᠵᠢᠯᠳᠦᠵᠦ | ᠂ ᠳᠠᠷᠠᠭ᠎ᠠ ᠨᠢᠭᠡ ᠪᠦᠯᠦᠭ ᠬᠥᠬᠡ ᠰᠣᠩᠭᠢᠨ᠎ᠠ ᠨᠣᠭᠤᠭᠠᠨ ᠴᠢᠬᠢ ᠲᠡᠷᠢᠪᠠ᠃ | ︽ᠡᠨᠡ ᠵᠢᠯ ᠪᠢ 2000 ᠭᠠᠷᠤᠢ ᠮᠦ ᠤᠰᠤᠨ ᠲᠤᠲᠤᠷᠭ᠎ᠠ ᠲᠠᠷᠢᠵᠤ᠂ 5 ᠰᠠᠷ᠎ᠠ ᠶᠢᠨ 15 ᠤ ᠡᠳᠦᠷ ᠠᠴᠠ | ᠡᠬᠢᠯᠡᠨ ᠴᠢᠬᠢ ᠰᠠᠭᠤᠯᠭᠠᠵᠤ᠂ ᠵᠢᠱᠢᠯᠲᠡ ᠪᠠᠷ ᠰᠠᠷ᠎ᠠ ᠶᠢᠨ ᠰᠡᠭᠦᠯᠴᠢ ᠪᠠᠷ ᠪᠦᠬᠦᠨ ᠢ ᠳᠠᠭᠤᠰᠬᠠᠨ᠎ᠠ᠂ ᠨᠠᠮᠤᠷ ᠤᠨ | ᠤᠯᠠᠷᠢᠯ ᠪᠣᠯᠬᠤ ᠳᠤ ᠰᠡᠶᠢᠠ ᠬᠤᠷᠢᠶᠠᠯᠲᠠ ᠣᠯᠬᠤ ᠶᠢ ᠬᠦᠰᠡᠵᠦ ᠪᠠᠶᠢᠨ᠎ᠠ︾ ᠬᠡᠵᠤ ᠬᠠᠨ ᠹᠧᠩ ᠢᠨᠢᠶᠡᠨ ᠬᠡᠯᠡᠪᠡ᠃ | ᠴᠠᠭᠠᠨ ᠲᠣᠯᠣᠭᠠᠢ ᠭᠠᠴᠠᠭ᠎ᠠ ᠶᠢᠨ ᠲᠠᠷᠢᠮᠠᠯ ᠤᠨ ᠡᠷᠦᠬᠡ ᠯᠢᠦ ᠸᠧᠨ ᠭᠦᠸᠧ ᠡᠨᠡ ᠵᠢᠯ 400 ᠮᠦ ᠤᠰᠤᠨ | ᠲᠤᠲᠤᠷᠭ᠎ᠠ ᠲᠠᠷᠢᠵᠤ᠂ ᠪᠦᠬᠦᠨ ᠢᠶᠠᠷ ᠢᠶᠠᠨ ᠬᠠᠮᠤᠭ ᠤᠨ ᠰᠢᠨ᠎ᠡ ᠥᠨᠳᠥᠷ ᠬᠤᠷᠳᠤᠴᠠᠲᠤ 8 ᠠᠶᠠᠯᠠᠯ ᠤᠨ ᠤᠰᠤᠨ | ᠲᠤᠲᠤᠷᠭ᠎ᠠ ᠶᠢᠨ ᠴᠢᠬᠢ ᠰᠠᠭᠤᠯᠭᠠᠬᠤ ᠮᠠᠰᠢᠨ ᠢᠶᠠᠷ ᠴᠢᠬᠢ ᠰᠠᠭᠤᠯᠭᠠᠪᠠ᠃ ᠨᠢᠵᠢᠭᠢᠨᠡᠲᠡᠯ᠎ᠡ ᠨᠢᠵᠢᠭᠢᠨᠡᠬᠦ ᠮᠧᠬᠠᠨᠢᠭ | ᠳᠠᠭᠤᠨ ᠢ ᠳᠠᠭᠠᠯᠳᠤᠨ᠂ ᠲᠠᠷᠢᠶᠠᠯᠠᠩ ᠤᠨ ᠮᠠᠰᠢᠨ ᠤ ᠭᠠᠷ ᠢᠶᠠᠨ ᠪᠣᠯᠪᠠᠰᠤᠷᠠᠩᠭᠤᠢ ᠪᠠᠷ ᠨᠢᠭᠡ ᠰᠠᠭᠤᠷᠢ ᠴᠢᠬᠢ ᠶᠢᠨ | ᠲᠠᠲᠠᠭᠠᠯ ᠳᠡᠭᠡᠷ᠎ᠡ ᠠᠴᠠ ᠳᠡᠰ ᠳᠠᠷᠠᠭᠠᠯᠠᠨ ᠬᠠᠯᠲᠤᠷᠢᠨ ᠤᠨᠠᠵᠤ᠂ ᠤᠰᠤᠨ ᠳᠠᠷᠢᠶ᠎ᠠ ᠳᠤ ᠡᠮᠬᠢ ᠴᠡᠭᠴᠡ ᠲᠠᠢ | ᠦᠨᠳᠦᠰᠦ ᠬᠠᠳᠬᠤᠵᠤ᠂ ᠱᠤᠭᠤᠮ ᠬᠡᠯᠪᠡᠷᠢᠵᠢᠭᠦᠯᠵᠦ᠂ ᠬᠥᠨᠳᠡᠯᠡᠨ ᠭᠤᠯᠳᠤ ᠵᠢᠭᠳᠡ ᠵᠢᠷᠤᠭᠯᠠᠨ᠎ᠠ᠃ ᠨᠢᠳᠦ | ᠢᠷᠮᠡᠬᠦ ᠶᠢᠨ ᠵᠠᠭᠤᠷ᠎ᠠ ᠤᠤᠯ ᠨᠢ ᠬᠠᠩᠭᠢᠨᠠᠲᠠᠯ᠎ᠠ ᠤᠰᠤᠨ ᠲᠠᠷᠢ᠊ ᠡᠶ᠎ᠡ ᠴᠢᠬᠢ ᠶᠢᠨ ᠴᠢᠬᠢ ᠪᠠᠷ ᠳᠦᠭᠦᠷᠴᠦ᠂ ᠨᠣᠮᠢᠨ | ᠨᠣᠭᠤᠭᠠᠨ ᠲᠠᠷᠢᠶᠠᠯᠠᠬᠤ ᠵᠢᠷᠤᠭ ᠬᠠᠷᠠᠭᠳᠠᠨ᠎ᠠ᠃ ᠠᠮᠢᠵᠢᠷᠠᠯ ᠤᠨ ᠬᠦᠴᠦᠨ ᠢᠶᠠᠷ ᠪᠢᠯᠬᠠᠭᠰᠠᠨ ᠴᠢᠬᠢ ᠪᠤᠶᠢᠵᠢᠭᠤᠯᠬᠤ | ᠬᠦᠯᠡᠮᠵᠢ ᠨᠢ᠃ ᠯᠢᠦ ᠸᠧᠨ ᠭᠦᠸᠧ ᠮᠠᠰᠢᠨ ᠢᠶᠠᠷ ᠴᠢᠬᠢ ᠰᠠᠭᠤᠯᠭᠠᠬᠤ ᠰᠠᠶᠢᠨ ᠲᠠᠯ᠎ᠠ ᠶᠢ ᠮᠠᠭᠲᠠᠨ ᠰᠠᠶᠢᠰᠢᠶᠠᠵᠤ᠂ ︽ | ᠣᠳᠣ ᠴᠢᠬᠢ ᠰᠠᠭᠤᠯᠭᠠᠬᠤ ᠮᠠᠰᠢᠨ ᠢᠶᠠᠷ ᠴᠢᠬᠢ ᠰᠠᠭᠤᠯᠭᠠᠵᠤ᠂ ᠮᠠᠰᠢᠨ ᠮᠧᠬᠠᠨᠢᠭ ᠢᠶᠠᠷ ᠴᠢᠬᠢ ᠰᠠᠭᠤᠯᠭᠠᠬᠤ | ᠪᠣᠯᠤᠨ᠎ᠠ᠂ ᠨᠢᠭᠡ ᠮᠠᠰᠢᠨ ᠮᠧᠬᠠᠨᠢᠭ ᠢᠶᠠᠷ ᠴᠢᠬᠢ ᠰᠠᠭᠤᠯᠭᠠᠬᠤ ᠦᠷ᠎ᠡ ᠪᠦᠲᠦᠮᠵᠢ ᠨᠢ ᠬᠥᠮᠦᠨ ᠤ ᠬᠦᠴᠦ ᠪᠠᠷ ᠴᠢᠬᠢ | ᠰᠠᠭᠤᠯᠭᠠᠬᠤ ᠦᠷ᠎ᠡ ᠪᠦᠲᠦᠮᠵᠢ 30 ᠭᠠᠷᠤᠢ ᠳᠠᠬᠢᠨ ᠪᠠᠶᠢᠵᠤ᠂ ᠮᠠᠰᠢᠨᠴᠢᠯᠠᠭᠰᠠᠨ ᠠᠵᠢᠯ ᠨᠢ ᠠᠵᠢᠯ ᠤᠨ ᠦᠷ᠎ᠡ | ᠪᠦᠲᠦᠮᠵᠢ ᠶᠢ ᠶᠡᠭᠡ ᠪᠠᠷ ᠳᠡᠭᠡᠭᠰᠢᠯᠡᠭᠦᠯᠵᠡᠢ᠂ ᠪᠠᠰᠠ ᠥᠪᠡᠷ ᠤᠨ ᠥᠷᠲᠡᠭ ᠢ ᠠᠷᠪᠢᠯᠠᠪᠠ᠂ ᠪᠠᠰᠠ ᠭᠠᠷᠤᠯᠲᠠ ᠪᠠᠨ | ᠨᠡᠮᠡᠭᠳᠡᠭᠦᠯᠵᠦ ᠣᠷᠣᠯᠭ᠎ᠠ ᠪᠠᠨ ᠨᠡᠮᠡᠭᠳᠡᠭᠦᠯᠬᠦ ᠳᠤ ᠲᠤᠰᠠᠲᠠᠢ᠂ ᠡᠨᠡ ᠵᠢᠯ ᠤᠨ ᠤᠰᠤᠨ ᠲᠤᠲᠤᠷᠭ᠎ᠠ ᠡᠯᠪᠡᠭ | ᠬᠤᠷᠢᠶᠠᠯᠲᠠ ᠣᠯᠬᠤ ᠳᠤ ᠪᠢ ᠮᠠᠰᠢ ᠢᠲᠡᠭᠡᠯ ᠲᠠᠢ ᠪᠠᠶᠢᠨ᠎ᠠ︾ ᠭᠡᠵᠦ ᠲᠠᠷᠢᠮᠠᠯ ᠤᠨ ᠡᠷᠦᠬᠡ ᠯᠢᠦ ᠸᠧᠨ ᠭᠥᠸᠧ | ᠬᠡᠯᠡᠪᠡ᠃ | ᠣᠶᠢᠯᠠᠭᠠᠭᠰᠠᠨ ᠢᠶᠠᠷ᠂ 2025 ᠣᠨ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠤᠰᠤᠨ | ᠲᠤᠲᠤᠷᠭ᠎ᠠ ᠶᠢᠨ ᠲᠠᠯᠠᠪᠠᠢ ᠨᠢ 9 ᠲᠦᠮᠡᠨ ᠮᠦ ᠪᠠᠶᠢᠵᠤ᠂ ᠡᠭᠦᠨ ᠳᠤ ᠭᠤᠣᠯ ᠤᠨ ᠪᠠᠶᠢᠰᠢᠩ ᠪᠠᠯᠭᠠᠰᠤ 14000 | ᠭᠠᠷᠤᠢ ᠮᠦ ᠤᠰᠤᠨ ᠲᠤᠲᠤᠷᠭ᠎ᠠ ᠲᠠᠷᠢᠬᠤ ᠪᠠᠷ ᠲᠥᠯᠥᠪᠯᠡᠵᠦ ᠪᠤᠢ᠃ ︽ᠣᠳᠣᠬᠠᠨ ᠳᠤ᠂ ᠭᠤᠣᠯ ᠤᠨ ᠪᠠᠶᠢᠰᠢᠩ | ᠪᠠᠯᠭᠠᠰᠤ ᠨᠢᠭᠡᠨᠲᠡ ᠤᠰᠤᠨ ᠲᠤᠲᠤᠷᠭ᠎ᠠ ᠲᠠᠷᠢᠵᠤ ᠡᠬᠢᠯᠡᠪᠡ᠂ ᠵᠠᠯᠭᠠᠭᠠᠳ ᠪᠢᠳᠡ ᠪᠠᠰᠠ ᠮᠡᠷᠭᠡᠵᠢᠯ ᠤᠨ ᠠᠵᠢᠯᠲᠠᠳ ᠢ | ᠦᠷᠭᠦᠯᠵᠢᠯᠡᠨ ᠵᠣᠬᠢᠶᠠᠨ ᠪᠠᠶᠢᠭᠤᠯᠤᠨ ᠲᠠᠷᠢᠶᠠᠨ ᠭᠠᠵᠠᠷ ᠲᠤ ᠭᠦᠨᠵᠡᠭᠡᠶᠢᠷᠡᠭᠦᠯᠦᠨ᠂ ᠡᠪᠡᠳᠴᠢᠨ ᠬᠤᠷᠣᠬᠠᠢ ᠶᠢᠨ | ᠭᠠᠮᠰᠢᠭ ᠵᠢᠴᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠮᠡᠷᠭᠡᠵᠢᠯ ᠤᠨ ᠵᠢᠯᠣᠭᠤᠳᠣᠯᠭ᠎ᠠ ᠥᠷᠨᠢᠭᠦᠯᠵᠦ᠂ ᠤᠰᠤᠨ | ᠲᠤᠲᠤᠷᠭ᠎ᠠ ᠶᠢᠨ ᠰᠡᠶᠢᠠ ᠬᠤᠷᠢᠶᠠᠯᠲᠠ ᠲᠠᠢ ᠪᠠᠶᠢᠬᠤ ᠶᠢ ᠦᠨᠡᠨ ᠬᠦ ᠪᠠᠲᠤᠯᠠᠨ᠎ᠠ︾ ᠬᠡᠵᠤ ᠭᠤᠣᠯ ᠤᠨ ᠪᠠᠶᠢᠰᠢᠩ | ᠪᠠᠯᠭᠠᠰᠤᠨ ᠤ ᠳᠡᠳ᠋ ᠳᠠᠷᠤᠭ᠎ᠠ ᠵᠤ᠋ ᠶᠥᠩ ᠬᠤᠢ ᠬᠡᠯᠡᠪᠡ᠃ |