ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ︽ᠬᠢᠩᠭᠠᠨ ᠤ ᠰᠢᠷ᠎ᠠ ᠳᠠᠬᠢᠶ᠎ᠠ ᠲᠡᠵᠢᠭᠡᠨ ᠦᠷᠡᠵᠢᠭᠦᠯᠬᠦ︾ ᠮᠡᠷᠭᠡᠵᠢᠯ ᠤᠨ ᠪᠣᠯᠪᠠᠰᠤᠷᠠᠯ ᠤᠨ ᠨᠡᠷᠡᠲᠦ ᠲᠥᠷᠥᠯ ᠲᠡᠮᠳᠡᠭᠲᠦ ᠶᠢ ᠪᠤᠶᠢᠵᠢᠭᠤᠯᠬᠤ ᠨᠡᠶᠢᠲᠡᠯᠡᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/5/26
   ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠦᠷ᠎ᠡ ᠪᠦᠲᠦᠭᠡᠯ ᠢ ᠭᠦᠨᠵᠡᠭᠡᠶᠢᠷᠡᠭᠦᠯᠵᠦ᠂ ᠣᠨᠴᠠᠯᠢᠭᠲᠤ ᠲᠡᠵᠢᠭᠡᠨ ᠦᠷᠡᠵᠢᠭᠦᠯᠬᠦ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ 5 ᠰᠠᠷ᠎ᠠ ᠶᠢᠨ 23 ᠤ ᠡᠳᠦᠷ᠂ ︽ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠪᠣᠯᠪᠠᠰᠤᠷᠠᠭᠤᠯᠤᠯ ᠤᠨ ᠲᠦᠷᠦᠯ ᠲᠡᠮᠳᠡᠭ ᠵᠦᠩ ᠬᠠᠢ ᠭᠠᠷ ᠬᠤᠯᠪᠣᠨ ᠳᠠᠬᠢᠨ ᠠᠵᠢᠯ ᠣᠯᠭᠤᠯᠲᠠ ᠶᠢᠨ ᠰᠢᠨ᠎ᠡ ᠬᠠᠭᠤᠳᠠᠰᠤ ᠶᠢ ᠡᠭᠦᠳᠬᠦ︾ ᠪᠠᠷ ᠭᠤᠣᠯ ᠰᠡᠳᠦᠪ ᠪᠣᠯᠭᠠᠭᠰᠠᠨ ︽ᠬᠢᠩᠭᠠᠨ ᠤ ᠢᠳᠡᠰᠢᠨ ᠲᠠᠬᠢ᠊ ᠡᠶ᠎ᠡ ᠲᠡᠵᠢᠭᠡᠨ ᠦᠷᠡᠵᠢᠭᠦᠯᠬᠦ︾ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠲᠦᠷᠦᠯ ᠲᠡᠮᠳᠡᠭ ᠢ ᠪᠤᠶᠢᠵᠢᠭᠤᠯᠬᠤ ᠠᠵᠢᠯᠯᠠᠭ᠎ᠠ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠠᠶᠠᠨᠮᠠᠩᠬ᠎ᠠ ᠰᠤᠮᠤᠨ ᠳᠤ ᠶᠠᠪᠤᠭᠳᠠᠪᠠ᠃    ᠠᠵᠢᠯᠯᠠᠭ᠎ᠠ ᠠᠴᠠ ᠡᠮᠦᠨ᠎ᠡ᠂ ᠪᠡᠭᠡᠵᠢᠩ ᠬᠤᠲᠠ ᠶᠢᠨ ᠲᠠᠷᠢᠶᠠᠯᠠᠩ ᠣᠢ ᠰᠢᠭᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠤᠰᠬᠠᠢ ᠮᠡᠷᠭᠡᠵᠢᠯᠲᠡᠨ ᠪᠠᠶᠠᠨᠮᠠᠩᠬ᠎ᠠ ᠰᠤᠮᠤ ᠶᠢᠨ ᠬᠦᠭᠵᠢᠯᠲᠤ ᠭᠠᠴᠠᠭ᠎ᠠ ᠳᠤ ᠬᠦᠷᠴᠦ᠂ ᠲᠣᠰᠬᠤᠨ ᠤ ᠠᠷᠠᠳ ᠲᠤ ︽ᠬᠢᠩᠭᠠᠨ ᠤ ᠰᠢᠷ᠎ᠠ ᠳᠠᠬᠢᠶ᠎ᠠ ᠲᠡᠵᠢᠭᠡᠨ ᠦᠷᠡᠵᠢᠭᠦᠯᠬᠦ︾ ᠮᠡᠷᠭᠡᠵᠢᠯ ᠤᠨ ᠪᠣᠯᠪᠠᠰᠤᠷᠠᠯ ᠥᠷᠨᠢᠭᠦᠯᠵᠦ᠂ ᠪᠡᠭᠡᠵᠢᠩ ᠤᠨ ᠲᠣᠰᠤᠨ ᠲᠠᠬᠢᠶᠠᠨ ᠤ ᠡᠭᠦᠯᠳᠡᠷ ᠤᠨ ᠣᠨᠴᠠᠯᠢᠭ᠂ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ᠂ ᠰᠢᠨᠵᠢᠯᠡᠬᠦ ᠤᠬᠠᠭᠠᠨᠴᠢ ᠪᠠᠷ ᠠᠷᠠᠴᠢᠯᠠᠨ ᠲᠡᠵᠢᠭᠡᠬᠦ᠂ ᠠᠮᠢ ᠠᠬᠤᠢ ᠶᠢᠨ ᠣᠷᠴᠢᠯ ᠲᠡᠵᠢᠭᠡᠨ ᠦᠷᠡᠵᠢᠭᠦᠯᠬᠦ ᠵᠠᠭᠪᠤᠷ ᠵᠡᠷᠭᠡ ᠵᠠᠩᠭᠢᠯᠠᠭ᠎ᠠ ᠶᠢᠨ ᠮᠡᠷᠭᠡᠵᠢᠯ ᠤᠨ ᠲᠣᠭᠤᠷᠢᠨ ᠳᠤ ᠵᠢᠯᠣᠭᠤᠳᠣᠯᠭ᠎ᠠ ᠬᠢᠵᠦ᠂ ᠲᠡᠵᠢᠭᠡᠨ ᠦᠷᠡᠵᠢᠭᠦᠯᠬᠦ ᠡᠷᠦᠬᠡ ᠶᠢᠨ ᠠᠩᠬᠠᠷᠴᠤ ᠪᠠᠶᠢᠭ᠎ᠠ ᠥᠪᠡᠷ ᠤᠨ ᠥᠷᠲᠡᠭ ᠢ ᠡᠵᠡᠮᠳᠡᠬᠦ᠂ ᠥᠨᠳᠡᠭᠡᠯᠡᠬᠦ ᠨᠣᠷᠮ᠎ᠠ ᠶᠢ ᠳᠡᠭᠡᠭᠰᠢᠯᠡᠭᠦᠯᠬᠦ ᠵᠢᠴᠢ ᠰᠡᠭᠦᠯᠴᠢ ᠶᠢᠨ ᠬᠤᠭᠤᠴᠠᠭᠠᠨ ᠤ ᠪᠣᠷᠣᠯᠠᠭᠤᠯᠭ᠎ᠠ ᠵᠡᠷᠭᠡ ᠠᠰᠠᠭᠤᠳᠠᠯ ᠳᠤ ᠴᠢᠭᠯᠡᠭᠦᠯᠦᠨ᠂ ᠲᠤᠰᠬᠠᠢ ᠮᠡᠷᠭᠡᠵᠢᠯᠲᠡᠨ ᠪᠡᠶ᠎ᠡ ᠪᠠᠷ ᠢᠶᠠᠨ ᠰᠢᠢᠳᠪᠦᠷᠢᠯᠡᠬᠦ ᠲᠥᠰᠦᠯ ᠢ ᠲᠣᠭᠲᠠᠭᠠᠪᠠ᠃    ᠠᠵᠢᠯᠲᠠᠳ ᠨᠢᠭᠡ ᠲᠠᠯ᠎ᠠ ᠪᠠᠷ ᠨᠠᠷᠢᠨ ᠬᠠᠷᠭᠤᠭᠤᠯᠵᠤ ᠮᠡᠳᠡᠭᠡ ᠵᠠᠩᠭᠢ ᠲᠠᠷᠬᠠᠭᠠᠵᠤ᠂ ᠨᠢᠭᠡᠳ ᠨᠢᠭᠡ ᠪᠠᠷ ᠳᠠᠩᠰᠠᠯᠠᠵᠤ᠂ ᠨᠥᠭᠦᠭᠡ ᠲᠠᠯ᠎ᠠ ᠪᠠᠷ ᠲᠠᠷᠢᠶᠠᠴᠢᠨ ᠡᠷᠦᠬᠡ ᠳᠤ ᠲᠠᠬᠢᠶᠠᠨ ᠴᠢᠬᠢ ᠶᠢᠨ ᠬᠢᠵᠢᠭ ᠢ ᠰᠡᠷᠭᠡᠶᠢᠯᠡᠬᠦ᠂ ᠠᠷᠢᠭᠤᠳᠬᠠᠬᠤ᠂ ᠰᠢᠨᠵᠢᠯᠡᠬᠦ ᠤᠬᠠᠭᠠᠨᠴᠢ ᠪᠠᠷ ᠲᠡᠵᠢᠭᠡᠨ ᠦᠷᠡᠵᠢᠭᠦᠯᠬᠦ ᠵᠡᠷᠭᠡ ᠮᠡᠳᠡᠯᠭᠡ ᠶᠢ ᠬᠦᠯᠢᠴᠡᠩᠭᠦᠢ ᠪᠠᠷ ᠲᠠᠶᠢᠯᠪᠤᠷᠢᠯᠠᠨ ᠥᠭᠴᠦ᠂ ᠲᠠᠷᠢᠶᠠᠴᠢᠨ ᠡᠷᠦᠬᠡ ᠲᠠᠬᠢᠶᠠᠨ ᠴᠢᠬᠢ ᠶᠢᠨ ᠳᠠᠭᠠᠭᠤᠯᠭ᠎ᠠ ᠶᠢ ᠣᠯᠵᠤ ᠥᠭᠭᠦᠭᠰᠡᠨ ᠤ ᠳᠠᠷᠠᠭ᠎ᠠ᠂ ᠴᠢᠷᠠᠢ ᠳᠤ ᠵᠣᠯ ᠵᠢᠷᠭᠠᠯ ᠤᠨ ᠢᠨᠢᠶᠡᠮᠰᠦᠭᠯᠡᠯ ᠪᠢᠯᠬᠠᠨ᠎ᠠ᠃ ᠲᠠᠷᠢᠶᠠᠴᠢᠳ ᠲᠠᠬᠢᠶᠠᠨ ᠴᠢᠬᠢ ᠶᠢᠨ ᠳᠠᠷᠠᠭ᠎ᠠ ᠵᠣᠯ ᠵᠢᠷᠭᠠᠯ ᠤᠨ ᠢᠨᠢᠶᠡᠮᠰᠦᠭᠯᠡᠯ ᠲᠣᠳᠣᠷᠠᠪᠠ᠃ ︽ᠥᠨᠥᠳᠦᠷ ᠪᠢ 30 ᠴᠤᠷᠪᠠᠭ᠎ᠠ ᠲᠡᠵᠢᠭᠡᠵᠦ᠂ ᠪᠢᠳᠡᠨ ᠳᠤ ᠪᠣᠯᠪᠠᠰᠤᠷᠠᠯ ᠤᠨ ᠬᠢᠴᠢᠶᠡᠯ ᠣᠷᠣᠵᠤ᠂ ᠪᠢᠳᠡᠨ ᠳᠤ ᠵᠣᠬᠢᠬᠤ ᠬᠡᠮᠵᠢᠶᠡᠨ ᠤ ᠠᠷᠭ᠎ᠠ ᠵᠢᠭᠠᠵᠤ ᠥᠭᠴᠦ᠂ ᠵᠣᠬᠢᠬᠤ ᠬᠡᠮᠵᠢᠶ᠎ᠡ ᠪᠠᠷ ᠵᠣᠭᠤᠰ ᠪᠤᠴᠠᠭᠠᠨ ᠠᠪᠴᠤ ᠥᠭᠭᠦᠨ᠎ᠡ᠂ ᠪᠢ ᠬᠠᠷᠢᠭᠰᠠᠨ ᠤ ᠳᠠᠷᠠᠭ᠎ᠠ ᠡᠳᠡᠭᠡᠷ ᠲᠠᠬᠢᠶᠠᠨ ᠴᠤᠷᠪᠠᠭ᠎ᠠ ᠲᠡᠵᠢᠭᠡᠵᠦ᠂ ᠭᠡᠷ ᠪᠦᠯᠢ ᠶᠢᠨ ᠣᠷᠣᠯᠭ᠎ᠠ ᠶᠢ ᠨᠡᠮᠡᠭᠳᠡᠭᠦᠯᠬᠦ ᠪᠠᠷ ᠴᠢᠷᠮᠠᠶᠢᠨ᠎ᠠ︾ ᠭᠡᠪᠡ᠃ ᠪᠠᠶᠠᠨᠮᠠᠩᠬ᠎ᠠ ᠰᠤᠮᠤ ᠶᠢᠨ ᠬᠥᠮᠦᠵᠢᠯᠳᠦ ᠭᠠᠴᠠᠭᠠᠨ ᠤ ᠠᠷᠠᠳ ᠪᠦᠦ ᠱᠤᠸᠠᠩ ᠶᠤᠸᠡᠢ ᠬᠡᠯᠡᠪᠡ᠃ ᠣᠶᠢᠯᠠᠭᠠᠭᠰᠠᠨ ᠢᠶᠠᠷ᠂ ᠬᠢᠩᠭᠠᠨ ᠲᠣᠰᠣᠲᠤ ᠳᠠᠬᠢᠶ᠎ᠠ ᠪᠡᠭᠡᠵᠢᠩ ᠤᠨ ᠲᠣᠰᠣᠲᠤ ᠲᠠᠬᠢᠶ᠎ᠠ ᠠᠴᠠ ᠢᠷᠡᠯᠲᠡ ᠲᠠᠢ᠂ ᠪᠠᠰᠠ ᠳᠤᠮᠳᠠᠳᠤ ᠶᠢᠨ ᠣᠷᠳᠣᠨ ᠤ ᠰᠢᠷ᠎ᠠ ᠳᠠᠬᠢᠶ᠎ᠠ ᠭᠡᠵᠦ ᠨᠡᠷᠡᠯᠡᠭᠳᠡᠵᠦ᠂ ᠤᠤᠯ ᠨᠢ ᠪᠡᠭᠡᠵᠢᠩ ᠣᠷᠣᠨ ᠠᠴᠠ ᠭᠠᠷᠤᠯᠲᠠ ᠲᠠᠢ᠂ ᠲᠡᠦᠬᠡ ᠶᠢᠨ ᠮᠠᠲ᠋ᠧᠷᠢᠶᠠᠯ ᠲᠠᠢ ᠲᠡᠵᠢᠭᠡᠨ ᠦᠷᠡᠵᠢᠭᠦᠯᠬᠦ ᠲᠡᠦᠬᠡᠨ ᠳᠤ ᠲᠡᠮᠳᠡᠭᠯᠡᠭᠰᠡᠨ ᠢᠶᠠᠷ 300 ᠭᠠᠷᠤᠢ ᠵᠢᠯ ᠪᠣᠯᠵᠠᠢ᠃ ᠰᠢᠷ᠎ᠠ ᠳᠠᠬᠢᠶ᠎ᠠ ᠨᠢ ᠮᠢᠬᠠᠨ ᠤ ᠶᠠᠰᠤ ᠴᠢᠨᠠᠷ ᠨᠢ ᠨᠠᠷᠢᠯᠢᠭ᠂ ᠦᠨᠦᠷ ᠠᠮᠲᠠ ᠨᠢ ᠰᠣᠷᠭᠤᠭ᠂ ᠰᠢᠮ᠎ᠡ ᠲᠡᠵᠢᠭᠡᠯ ᠨᠢ ᠡᠯᠪᠡᠭ ᠪᠠᠶᠢᠳᠠᠭ ᠢᠶᠠᠷ ᠢᠶᠠᠨ ᠵᠠᠬ᠎ᠠ ᠵᠡᠭᠡᠯᠢ ᠶᠢᠨ ᠪᠠᠶᠢᠳᠠᠯ ᠥᠷᠭᠡᠨ ᠪᠠᠶᠢᠨ᠎ᠠ︾ ᠬᠡᠵᠤ ᠬᠢᠩᠭᠠᠨ ᠲᠣᠰᠣᠨ ᠲᠠᠬᠢᠶᠠᠨ ᠤ ᠲᠤᠰᠬᠠᠢ ᠮᠡᠷᠭᠡᠵᠢᠯᠲᠡᠨ ᠲᠣᠰᠬᠤᠨ ᠤ ᠠᠷᠠᠳ ᠲᠤ ᠬᠢᠴᠢᠶᠡᠯ ᠣᠷᠣᠪᠠ᠃    ᠲᠤᠰ ᠤᠳᠠᠭᠠᠨ ᠤ ᠨᠡᠶᠢᠲᠡᠯᠡᠬᠦ ᠠᠵᠢᠯᠯᠠᠭ᠎ᠠ ᠪᠣᠯ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠪᠣᠯᠤᠨ ᠪᠡᠭᠡᠵᠢᠩ ᠬᠤᠲᠠ ᠶᠢᠨ ᠬᠠᠢ ᠳ᠋ᠢᠶᠠᠨ ᠲᠣᠭᠤᠷᠢᠭ ᠤᠨ ᠬᠥᠳᠡᠯᠮᠦᠷᠢ ᠬᠦᠴᠦᠨ ᠤ ᠬᠠᠮᠵᠢᠯᠴᠠᠭ᠎ᠠ ᠶᠢ ᠭᠦᠨᠵᠡᠭᠡᠶᠢᠷᠡᠭᠦᠯᠦᠭᠰᠡᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠪᠣᠯᠤᠨ᠎ᠠ᠂ ᠪᠡᠭᠡᠵᠢᠩ ᠬᠤᠲᠠ ᠶᠢᠨ ᠲᠠᠷᠢᠶᠠᠯᠠᠩ ᠣᠢ ᠰᠢᠭᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠮᠡᠷᠭᠡᠵᠢᠯ ᠤᠨ ᠴᠢᠳᠠᠪᠤᠷᠢ ᠳᠤ ᠲᠦᠰᠢᠭᠯᠡᠨ᠂ ᠬᠢᠩᠭᠠᠨ ᠠᠶᠢᠮᠠᠭ ᠤᠨ ᠫᠧᠩ ᠳ᠋ᠠ ᠠᠵᠢᠯ ᠮᠡᠷᠭᠡᠵᠢᠯ ᠤᠨ ᠪᠣᠯᠪᠠᠰᠤᠷᠠᠯ ᠤᠨ ᠰᠤᠷᠭᠠᠭᠤᠯᠢ ᠲᠠᠢ ᠬᠤᠯᠪᠣᠭᠠᠯᠠᠨ ᠪᠣᠳᠠᠲᠠᠢ ᠳᠤ ᠨᠠᠶᠢᠳᠠᠪᠤᠷᠢᠵᠢᠭᠤᠯᠤᠨ ᠦᠢᠯᠡᠴᠢᠯᠡᠵᠦ᠂ ︽ᠠᠵᠤ ᠦᠢᠯᠡᠰ ᠤᠨ ᠠᠵᠢᠯ ᠣᠯᠭᠤᠯᠲᠠ︾ ᠶᠢᠨ ᠪᠦᠬᠦ ᠬᠡᠯᠬᠢᠶ᠎ᠡ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ ᠮᠠᠯᠴᠢᠨ ᠲᠠᠷᠢᠶᠠᠴᠢᠨ ᠲᠦᠮᠡᠨ ᠳᠤ ᠤᠷ᠎ᠠ ᠴᠢᠳᠠᠪᠤᠷᠢ ᠪᠠᠷ ᠪᠠᠶᠠᠵᠢᠬᠤ ᠰᠢᠨ᠎ᠡ ᠡᠭᠦᠳᠡ ᠶᠢ ᠨᠡᠭᠡᠭᠡᠵᠦ ᠥᠭᠬᠦ ᠶᠢᠨ ᠲᠥᠯᠥᠭᠡ ᠶᠤᠮ᠃ ᠡᠭᠦᠨ ᠤ ᠬᠠᠮᠲᠤ᠂ ᠰᠢᠰᠲ᠋ᠧᠮ ᠲᠠᠢ ᠲᠡᠵᠢᠭᠡᠨ ᠦᠷᠡᠵᠢᠭᠦᠯᠬᠦ ᠪᠣᠯᠪᠠᠰᠤᠷᠠᠯ᠂ ᠭᠡᠷ᠎ᠡ ᠲᠣᠭᠲᠠᠨ ᠬᠠᠮᠲᠤᠷᠠᠯᠴᠠᠬᠤ᠂ ᠨᠡᠷᠡᠲᠦ ᠲᠡᠮᠳᠡᠭᠲᠦ ᠶᠢ ᠪᠤᠶᠢᠵᠢᠭᠤᠯᠬᠤ ᠪᠠᠷ ᠳᠠᠮᠵᠢᠭᠤᠯᠤᠨ᠂ ︽ᠨᠢᠭᠡ ᠬᠥᠮᠦᠨ ᠢ ᠪᠣᠯᠪᠠᠰᠤᠷᠠᠭᠤᠯᠪᠠᠯ᠂ ᠨᠢᠭᠡ ᠬᠥᠮᠦᠨ ᠳᠤ ᠠᠵᠢᠯ ᠣᠯᠭᠤᠵᠤ᠂ ᠨᠢᠭᠡ ᠡᠷᠦᠬᠡ ᠶᠢ ᠨᠡᠮᠡᠭᠳᠡᠭᠦᠯᠬᠦ︾ ᠦᠷᠭᠦᠯᠵᠢᠯᠡᠬᠦ ᠬᠥᠭᠵᠢᠯᠲᠡ ᠶᠢᠨ ᠵᠠᠮ ᠢ ᠪᠣᠢ ᠪᠣᠯᠭᠠᠵᠤ᠂ ᠨᠡᠩ ᠴᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠬᠦ᠂ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠴᠢᠬᠤᠯᠠ ᠭᠠᠷᠳᠠᠴᠠ ᠪᠣᠯᠤᠨ᠎ᠠ᠃    ︽ᠳᠠᠷᠠᠭᠠᠴᠢ ᠶᠢᠨ ᠠᠯᠬᠤᠮ ᠳᠤ᠂ ᠪᠢᠳᠡ ᠦᠷᠭᠦᠯᠵᠢᠯᠡᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠪᠠᠷ ᠭᠠᠷᠳᠠᠴᠠ ᠪᠣᠯᠭᠠᠵᠤ᠂ ᠠᠵᠤ ᠦᠢᠯᠡᠰ ᠤᠨ ᠬᠥᠭᠵᠢᠯ ᠪᠠᠳᠠᠷᠠᠯ ᠢᠶᠠᠷ ᠤᠳᠤᠷᠢᠳᠤᠮᠵᠢ ᠪᠣᠯᠭᠠᠵᠤ᠂ ︿ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠤᠨ ᠬᠠᠨᠳᠤᠯᠭ᠎ᠠ﹀ ᠠᠵᠢᠯ ᠣᠯᠭᠤᠯᠲᠠ ᠶᠢᠨ ᠠᠵᠤ ᠦᠢᠯᠡᠰ ᠤᠨ ᠣᠷᠣᠯᠭ᠎ᠠ ᠶᠢ ᠨᠡᠮᠡᠭᠳᠡᠭᠦᠯᠬᠦ︾ ᠭᠤᠷᠪᠠ ᠶᠢ ᠨᠢᠭᠡ ᠴᠣᠭᠴᠠᠵᠢᠭᠤᠯᠤᠭᠰᠠᠨ ᠬᠥᠭᠵᠢᠯᠲᠡ ᠶᠢᠨ ᠵᠠᠭᠪᠤᠷ ᠢ ᠰᠢᠨ᠎ᠡ ᠪᠠᠷ ᠡᠭᠦᠳᠦᠨ ᠪᠠᠶᠢᠭᠤᠯᠵᠤ᠂ ᠬᠢᠩᠭᠠᠨ ᠤ ᠲᠣᠰᠤᠨ ᠲᠠᠬᠢ᠊ ᠡᠶ᠎ᠡ ᠶᠢ ᠲᠡᠵᠢᠭᠡᠨ ᠦᠷᠡᠵᠢᠭᠦᠯᠬᠦ᠂ ᠭᠡᠷ ᠤᠨ ᠵᠢᠭᠦᠷᠲᠡᠨ ᠤ ᠬᠢᠵᠢᠭ ᠢ ᠰᠡᠷᠭᠡᠶᠢᠯᠡᠬᠦ ᠵᠡᠷᠭᠡ ᠮᠡᠷᠭᠡᠵᠢᠯ ᠤᠨ ᠠᠵᠢᠯ ᠤᠨ ᠲᠥᠷᠥᠯ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠦᠷᠭᠦᠯᠵᠢᠯᠡᠨ ᠥᠷᠨᠢᠭᠦᠯᠦᠨ᠎ᠡ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠲᠠᠪᠴᠠᠩ ᠢᠶᠠᠷ ᠲᠠᠮᠵᠢᠨ᠂ ︿ᠬᠢᠩᠭᠠᠨ ᠤ ᠲᠣᠰᠤᠨ ᠲᠠᠬᠢ᠊ ᠡᠶ᠎ᠡ ᠲᠡᠵᠢᠭᠡᠨ ᠦᠷᠡᠵᠢᠭᠦᠯᠬᠦ﹀ ᠪᠣᠯᠪᠠᠰᠤᠷᠠᠯ ᠤᠨ ᠲᠦᠷᠦᠯ ᠲᠡᠮᠳᠡᠭ ᠤᠨ ᠬᠡᠷᠡᠭᠯᠡᠭᠡᠨ ᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠵᠦ᠂ ᠠᠵᠢᠯ ᠣᠯᠭᠤᠯᠲᠠ ᠶᠢᠨ ᠦᠨ᠎ᠡ ᠴᠡᠨ᠎ᠡ ᠶᠢ ᠳᠡᠭᠡᠭᠰᠢᠯᠡᠭᠦᠯᠵᠦ᠂ ᠭᠡᠷ ᠤᠨ ᠡᠭᠦᠳᠡᠨ ᠳᠤ ᠠᠵᠢᠯ ᠣᠯᠬᠤ ᠶᠢ ᠪᠡᠶᠡᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ︿ᠵᠣᠯ ᠵᠢᠷᠭᠠᠯᠲᠤ ᠲᠦᠷᠭᠡᠨ ᠲᠡᠷᠭᠡ﹀ ᠶᠢ ᠨᠡᠩ ᠣᠯᠠᠨ ᠮᠠᠯᠴᠢᠨ ᠲᠠᠷᠢᠶᠠᠴᠢᠨ ᠢ ᠠᠴᠢᠶᠠᠯᠠᠵᠤ᠂ ᠬᠠᠮᠲᠤ ᠪᠠᠷ ᠴᠢᠨᠡᠭᠡᠯᠢᠭᠵᠢᠬᠦ ᠰᠠᠶᠢᠨ ᠰᠠᠶᠢᠬᠠᠨ ᠢᠷᠡᠭᠡᠳᠦᠢ ᠵᠦᠭ ᠤᠷᠤᠭᠰᠢᠯᠠᠭᠤᠯᠪᠠ︾ ᠭᠡᠵᠦ ᠬᠡᠯᠡᠪᠡ᠃ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠤ ᠲᠤᠰᠢᠶᠠᠯ ᠤᠨ ᠲᠠᠰᠤᠭ ᠤᠨ ᠳᠠᠷᠤᠭ᠎ᠠ ᠾᠦᠸᠧ ᠴᠧᠩ ᠯᠢ ᠬᠡᠯᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号