ᠬᠦᠦᠳᠠᠭᠤᠯᠠ ᠶᠠᠷᠢᠶ᠎ᠠ ᠲᠠᠯᠪᠢᠵᠤ ᠰᠦᠨ ᠵᠢᠶᠦ᠋ᠨ ᠴᠢᠩ ᠣᠷᠣᠯᠴᠠᠵᠠᠢ | 5 ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠡᠯ᠎ᠡ ᠠᠷᠠᠳᠴᠢᠯᠠᠭᠰᠠᠨ ᠨᠠᠮ ᠪᠦᠯᠦᠭ᠂ ᠨᠠᠮ | ᠪᠦᠯᠦᠭ ᠤᠨ ᠪᠤᠰᠤ ᠬᠥᠮᠦᠰ ᠤᠨ ︽ᠲᠣᠭᠲᠠᠭᠠᠯ ᠢ ᠰᠤᠷᠤᠯᠴᠠᠵᠤ᠂ ᠰᠤᠷᠲᠠᠯ ᠢ ᠴᠢᠩᠭᠠᠳᠬᠠᠨ᠂ ᠲᠦᠷᠢ ᠲᠥᠷᠬᠦ ᠶᠢ | ᠱᠤᠭᠤᠬᠤ︾ ᠭᠤᠣᠯ ᠰᠡᠳᠦᠪᠲᠦ ᠬᠥᠮᠦᠵᠢᠯ ᠤᠨ ᠲᠠᠶᠢᠴᠢᠯᠠᠯᠳᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ | ᠬᠡᠯᠲᠡᠰ ᠤᠨ ᠳᠠᠷᠤᠭ᠎ᠠ ᠬᠦᠦᠳᠠᠭᠤᠯᠠ ᠬᠤᠷᠠᠯ ᠳᠤ ᠣᠷᠣᠯᠴᠠᠬᠰᠡᠨ ᠪᠦᠭᠡᠳ ᠶᠠᠷᠢᠶ᠎ᠠ ᠲᠠᠯᠪᠢᠵᠠᠶ᠃ | ᠬᠤᠷᠠᠯ ᠠᠴᠠ᠂ ᠭᠤᠤᠯ ᠰᠡᠳᠦᠪᠲᠦ ᠬᠥᠮᠦᠵᠢᠯ ᠢ ᠥᠷᠨᠢᠭᠦᠯᠬᠦ ᠪᠣᠯ ᠬᠠᠮᠲᠤ ᠶᠢᠨ ᠦᠵᠡᠯ ᠰᠠᠨᠠᠭ᠎ᠠ ᠤᠯᠤᠰ | ᠲᠥᠷᠥ ᠶᠢᠨ ᠰᠠᠭᠤᠷᠢ ᠶᠢ ᠪᠠᠬᠢᠵᠢᠭᠦᠯᠬᠦ᠂ ᠣᠯᠠᠨ ᠨᠠᠮ ᠬᠠᠮᠲᠤᠷᠠᠨ ᠠᠵᠢᠯᠯᠠᠬᠤ ᠪᠠᠶᠢᠭᠤᠯᠤᠯ ᠤᠨ ᠦᠢᠯᠡᠳᠦᠯ | ᠴᠢᠳᠠᠪᠤᠷᠢ ᠶᠢ ᠪᠠᠳᠠᠷᠠᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠳᠠ ᠶᠢᠨ ᠥᠪᠥᠷ ᠮᠣᠩᠭᠤᠯ ᠤᠨ | ᠪᠥᠲᠥᠭᠡᠨ ᠪᠠᠶᠢᠭᠤᠯᠤᠯᠲᠠ ᠪᠠ ᠬᠡᠪ ᠰᠤᠷᠲᠠᠯ ᠰᠢᠯᠢᠳᠡᠭ ᠲᠥᠷᠥ ᠶᠢᠨ ᠶᠠᠪᠤᠳᠠᠯ ᠳᠤ ᠣᠷᠣᠯᠴᠠᠬᠤ ᠨᠠᠮ ᠢ ᠪᠦᠳᠦᠭᠡᠨ | ᠪᠠᠶᠢᠭᠤᠯᠬᠤ ᠳᠤ ᠬᠦᠴᠦᠨ ᠨᠡᠮᠡᠷᠢᠯᠡᠬᠦ ᠶᠢᠨ ᠵᠠᠶᠢᠯᠠᠰᠢ ᠥᠬᠡᠶ ᠱᠠᠭᠠᠷᠳᠠᠯᠭ᠎ᠠ ᠮᠥᠨ᠃ ᠡᠯ᠎ᠡ ᠠᠷᠠᠳᠴᠢᠯᠠᠭᠰᠠᠨ ᠨᠠᠮ | ᠪᠦᠯᠦᠭ᠂ ᠨᠠᠮ ᠪᠦᠯᠦᠭ ᠤᠨ ᠪᠤᠰᠤ ᠬᠥᠮᠦᠰ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠪᠦ᠋ᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ | ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠴᠢᠬᠤᠯᠠ | ᠥᠭᠦᠯᠡᠯᠲᠡ ᠶᠢ ᠨᠠᠷᠢᠨ ᠬᠢᠨᠠᠮᠠᠭᠠᠶ ᠰᠤᠷᠤᠯᠴᠠᠨ ᠣᠶᠢᠯᠠᠭᠠᠵᠤ᠂ ᠣᠨᠣᠯ ᠢᠶᠠᠷ ᠵᠡᠪᠰᠡᠭᠯᠡᠬᠦ ᠳᠡᠭᠡᠷ᠎ᠡ ᠲᠠᠰᠤᠷᠠᠯᠲᠠ ᠥᠬᠡᠶ | ᠬᠦᠴᠦ ᠲᠠᠯᠪᠢᠵᠤ᠂ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠬᠤ ᠲᠠᠯ᠎ᠠ ᠪᠠᠷ ᠡᠮᠦᠨ᠎ᠡ ᠨᠢ ᠬᠤᠰᠢᠭᠤᠷᠠᠵᠤ᠂ | ᠪᠠᠶᠢᠴᠠᠭᠠᠨ ᠳᠡᠯᠭᠡᠵᠦ ᠴᠡᠭᠴᠡᠯᠡᠨ ᠰᠠᠶᠢᠵᠢᠷᠠᠭᠤᠯᠬᠤ ᠲᠠᠯ᠎ᠠ ᠪᠠᠷ ᠦᠨᠡᠨ ᠪᠣᠳᠠᠲᠠᠶ ᠠᠵᠢᠯᠯᠠᠵᠤ᠂ ᠲᠦᠷᠢᠮ ᠤᠨ | ᠪᠠᠶᠢᠭᠤᠯᠤᠯᠲᠠ ᠶᠢᠨ ᠲᠠᠯ᠎ᠠ ᠪᠠᠷ ᠪᠣᠳᠠᠲᠤ ᠦᠷ᠎ᠡ ᠪᠦᠲᠦᠮᠵᠢ ᠣᠯᠵᠤ᠂ ᠭᠤᠤᠯ ᠰᠡᠳᠦᠪᠲᠦ ᠬᠥᠮᠦᠵᠢᠯ ᠢ ᠥᠨᠳᠥᠷ | ᠪᠠᠷᠢᠮᠵᠢᠶ᠎ᠠ ᠪᠠᠷ ᠥᠷᠨᠢᠭᠦᠯᠵᠦ᠂ ᠴᠢᠨᠠᠷ ᠰᠠᠶᠢᠲᠠᠶ ᠠᠬᠢᠭᠤᠯᠵᠤ᠂ ᠦᠨᠡᠨ ᠪᠣᠳᠠᠲᠠᠶ ᠰᠢᠨ᠎ᠡ ᠦᠷ᠎ᠡ ᠪᠦᠲᠦᠮᠵᠢ | ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃ | ᠼᠤᠤ ᠶᠢᠨ ᠱᠠᠨ᠂ ᠵᠣᠣ ᠵᠢᠶ᠂ ᠶᠢᠨ ᠵᠤᠸᠠᠩ᠂ ᠰᠦᠨ ᠵᠢᠶᠦ᠋ᠨ ᠴᠢᠩ᠂ ᠯᠢ ᠶᠠᠨ ᠷᠦ᠂ ᠢᠦᠶ ᠷᠧᠨ ᠵᠢᠶᠧ᠂ | ᠷᠧᠨ ᠬᠤᠶ ᠴᠢᠩ ᠦᠭᠡ ᠬᠡᠯᠡᠵᠡᠶ᠃ |