ᠰᠢ ᠶᠢᠨ ᠫᠢᠩ ᠵᠠᠬᠢᠳᠠᠯ ᠢᠯᠡᠭᠡᠵᠦ ᠹᠦᠳᠠᠨ ᠶᠡᠭᠡ ᠰᠤᠷᠭᠠᠭᠤᠯᠢ ᠪᠠᠶᠢᠭᠤᠯᠤᠭᠳᠠᠭᠰᠠᠨ 120 ᠵᠢᠯ ᠤᠨ ᠤᠢ ᠳᠤ ᠪᠠᠶᠠᠷ ᠬᠦᠷᠭᠡᠪᠡ
ᠨᠡᠶᠢᠲᠡᠯᠡᠭᠰᠡᠨ ᠴᠠᠭ᠄
2025/5/27
   ᠳᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ ᠬᠤᠷᠢᠶ᠎ᠠ ᠶᠢᠨ ᠶᠡᠷᠦᠩᠬᠡᠶ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 26 ᠤ ᠡᠳᠦᠷ ᠵᠠᠬᠢᠳᠠᠯ ᠢᠯᠡᠭᠡᠵᠦ ᠹᠦᠳᠠᠨ ᠶᠡᠭᠡ ᠰᠤᠷᠭᠠᠭᠤᠯᠢ ᠪᠠᠶᠢᠭᠤᠯᠤᠭᠳᠠᠭᠰᠠᠨ 120 ᠵᠢᠯ ᠤᠨ ᠣᠶ ᠳᠤ ᠪᠠᠶᠠᠷ ᠬᠦᠷᠭᠡᠵᠦ᠂ ᠪᠥᠬᠦ ᠪᠠᠭᠰᠢ ᠰᠣᠷᠣᠭᠴᠢ ᠠᠵᠢᠯᠲᠠᠨ ᠪᠣᠯᠤᠨ ᠥᠷᠭᠡᠨ ᠣᠯᠠᠨ ᠰᠤᠷᠭᠠᠭᠤᠯᠢ ᠶᠢᠨ ᠨᠠᠶᠢᠵᠠ ᠨᠠᠷ ᠲᠤ ᠬᠠᠯᠠᠭᠤᠨ ᠪᠠᠶᠠᠷ ᠬᠦᠷᠭᠡᠪᠡ᠃   ᠰᠢ ᠶᠢᠨ ᠫᠢᠩ ᠪᠠᠶᠠᠷ ᠤᠨ ᠵᠠᠬᠢᠳᠠᠯ ᠳᠠᠭᠠᠨ᠂ 120 ᠵᠢᠯ ᠤᠨ ᠲᠤᠷᠰᠢ ᠹᠦᠳᠠᠨ ᠶᠡᠭᠡ ᠰᠤᠷᠭᠠᠭᠤᠯᠢ ᠴᠠᠭ ᠦᠶ᠎ᠡ ᠲᠠᠢ ᠵᠡᠷᠭᠡ ᠪᠠᠷ ᠤᠷᠤᠭᠰᠢᠯᠠᠵᠤ᠂ ᠢᠷᠠᠭᠤ ᠠᠯᠳᠠᠷᠲᠤ ᠤᠯᠤᠰ ᠢᠶᠠᠨ ᠬᠠᠶᠢᠷᠠᠯᠠᠬᠤ ᠤᠯᠠᠮᠵᠢᠯᠠᠯ ᠪᠠ ᠰᠢᠯᠢᠳᠡᠭ ᠰᠤᠷᠭᠠᠭᠤᠯᠢ ᠶᠢᠨ ᠰᠤᠷᠲᠠᠯ ᠢ ᠪᠦᠷᠢᠯᠳᠦᠭᠦᠯᠵᠦ᠂ ᠦᠯᠡᠮᠵᠢ ᠤᠯᠠᠨ ᠰᠢᠯᠢᠳᠡᠭ ᠴᠢᠳᠠᠪᠤᠷᠢᠲᠠᠨ ᠢ ᠬᠥᠮᠦᠵᠢᠭᠦᠯᠵᠦ᠂ ᠮᠠᠰᠢ ᠤᠯᠠᠨ ᠠᠩᠬᠠᠨ ᠤ ᠡᠭᠦᠳᠦᠯᠲᠡ ᠶᠢᠨ ᠴᠢᠨᠠᠷᠲᠠᠢ ᠦᠷ᠎ᠡ ᠪᠦᠲᠦᠭᠡᠯ ᠢ ᠡᠬᠦᠳᠴᠤ᠂ ᠤᠯᠤᠰ ᠤᠨ ᠪᠦᠳᠦᠭᠡᠨ ᠪᠠᠶᠢᠭᠤᠯᠤᠯᠲᠠ ᠪᠤᠯᠤᠨ ᠦᠨᠳᠦᠰᠦᠲᠡᠨ ᠤ ᠲᠠᠪᠰᠢᠯᠳᠠ ᠳᠤ ᠢᠳᠡᠪᠬᠢᠲᠡᠢ ᠦᠢᠯᠡᠳᠦᠯ ᠦᠵᠡᠭᠦᠯᠵᠡᠢ ᠭᠡᠵᠦ ᠵᠢᠭᠠᠵᠤ ᠭᠠᠷᠭᠠᠪᠠ᠃   ᠰᠢ ᠶᠢᠨ ᠫᠢᠩ᠂ ᠰᠢᠨ᠎ᠡ ᠭᠠᠷᠤᠭ᠎ᠠ ᠳᠡᠭᠡᠷ᠎ᠡ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠦᠭ ᠰᠦᠨᠡᠰᠦ ᠱᠤᠭᠤᠵᠤ ᠬᠥᠮᠦᠨ ᠬᠥᠮᠦᠵᠢᠭᠦᠯᠬᠦ ᠶᠢ ᠴᠥᠬᠦᠷᠡᠰᠢ ᠥᠬᠡᠶ ᠪᠠᠷᠢᠮᠲᠠᠯᠠᠵᠤ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠤ ᠰᠤᠳᠤᠯᠭᠠᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠪᠠ ᠪᠠᠶ᠎ᠠ ᠪᠠᠨ ᠲᠠᠭᠠᠭᠠᠵᠤ ᠴᠢᠳᠠᠪᠤᠷᠢᠲᠠᠨ ᠬᠥᠮᠦᠵᠢᠭᠦᠯᠬᠦ ᠰᠠᠶᠢᠨ ᠰᠠᠶᠢᠬᠠᠨ ᠬᠤᠷᠰᠢᠯᠴᠠᠯ ᠢ ᠠᠬᠢᠭᠤᠯᠵᠤ᠂ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠮᠡᠳᠡᠯᠭᠡ ᠶᠢᠨ ᠰᠢᠨ᠎ᠡ ᠶᠢ ᠡᠭᠦᠳᠬᠦ᠂ ᠣᠨᠣᠯ ᠤᠨ ᠰᠢᠨ᠎ᠡ ᠶᠢ ᠡᠭᠦᠳᠬᠦ᠂ ᠠᠷᠭ᠎ᠠ ᠶᠢᠨ ᠰᠢᠨ᠎ᠡ ᠶᠢ ᠡᠭᠦᠳᠬᠦ ᠶᠢ ᠠᠬᠢᠭᠤᠯᠵᠤ᠂ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠪᠣᠯᠤᠨ ᠣᠷᠣᠨ ᠪᠦᠰᠡ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠥᠲᠥᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠥᠬᠦ ᠲᠠᠯ᠎ᠠ ᠪᠠᠷ ᠠᠬᠢᠭᠤᠯᠬᠤ ᠳᠤ ᠲᠠᠰᠤᠷᠠᠯᠲᠠ ᠥᠬᠡᠶ ᠰᠢᠨ᠎ᠡ ᠬᠤᠪᠢ ᠨᠡᠮᠡᠷᠢ ᠦᠵᠡᠭᠦᠯᠬᠦ ᠶᠢ ᠹᠦᠳᠠᠨ ᠶᠡᠭᠡ ᠰᠤᠷᠭᠠᠭᠤᠯᠢ ᠶᠢᠨ ᠬᠢᠨ ᠳᠤ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃   ᠹᠦᠳᠠᠨ ᠶᠡᠭᠡ ᠰᠤᠷᠭᠠᠭᠤᠯᠢ 1905 ᠣᠨ ᠳᠤ ᠪᠠᠶᠢᠭᠤᠯᠤᠭᠳᠠᠵᠠᠢ᠃ 120 ᠵᠢᠯ ᠤᠨ ᠲᠤᠷᠰᠢ ᠹᠦᠳᠡᠨ ᠶᠡᠭᠡ ᠰᠤᠷᠭᠠᠭᠤᠯᠢ ︽ᠥᠷᠭᠡᠨ ᠮᠡᠳᠡᠯᠭᠡ ᠪᠠᠳᠤ ᠢᠳᠡᠬᠡᠯ ᠨᠢᠮᠪᠠᠢ ᠰᠤᠷᠤᠯᠴᠠᠯᠭ᠎ᠠ ᠨᠢᠬᠳᠠ ᠰᠡᠳᠬᠢᠬᠦᠢ︾ ᠭᠡᠬᠦ ᠰᠤᠷᠭᠠᠭᠤᠯᠢ ᠶᠢᠨ ᠰᠤᠷᠭᠠᠯ ᠢᠶᠠᠷ᠂ ᠴᠤᠯᠭᠤᠷᠠᠬᠤ ᠶᠢ ᠬᠥᠭᠡᠭᠡᠴᠡᠯᠳᠦᠵᠦ᠂ ᠵᠠᠮ ᠨᠡᠭᠡᠭᠡᠨ ᠰᠢᠨ᠎ᠡ ᠶᠢ ᠡᠭᠦᠳᠴᠦ᠂ ᠤᠯᠤᠰ ᠤᠷᠤᠨ ᠳᠤ ᠦᠯᠡᠮᠵᠢ ᠤᠯᠠᠨ ᠰᠢᠯᠢᠳᠡᠭ ᠴᠢᠳᠠᠪᠤᠷᠢᠲᠠᠨ ᠬᠥᠮᠦᠵᠢᠭᠦᠯᠵᠠᠢ᠃   ︵ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 26 ᠤ ᠴᠠᠬᠢᠯᠭᠠᠨ ᠮᠡᠳᠡᠭᠡ︶
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号