︽ᠦᠨᠡᠨ︾ ᠰᠡᠳᠬᠦᠯ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ ᠢ ᠨᠡᠶᠢᠲᠡᠯᠡᠪᠡ — ᠰᠢᠨ᠎ᠡ ᠴᠠᠭ ᠦᠶ᠎ᠡ ᠶᠢᠨ ᠵᠠᠯᠠᠭᠤᠴᠤᠳ ᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠳᠤᠮᠳᠠ ᠤᠮᠤᠭ ᠲᠡᠭᠦᠯᠳᠡᠷ ᠢᠶᠠᠷ ᠬᠠᠷᠢᠭᠤᠴᠠᠯᠭ᠎ᠠ ᠡᠭᠦᠷᠭᠡᠯᠡᠬᠦ ᠶᠢ ᠵᠤᠷᠢᠭᠵᠢᠭᠤᠯᠬᠤ ᠬᠡᠷᠡᠭᠲᠡᠶ
ᠨᠡᠶᠢᠲᠡᠯᠡᠭᠰᠡᠨ ᠴᠠᠭ᠄
2025/5/3
   5 ᠰᠠᠷ᠎ᠠ ᠶᠢᠨ 1 ᠤ ᠡᠳᠦᠷ ᠬᠡᠪᠯᠡᠭᠳᠡᠭᠦ 9 ᠳ᠋ᠤᠭᠡᠷ ᠬᠤᠭᠤᠴᠠᠭᠠᠨ ᠤ ︽ᠦᠨᠡᠨ︾ ᠰᠡᠳᠬᠦᠯ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠶ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠨ ︽ᠰᠢᠨ᠎ᠡ ᠴᠠᠭ ᠦᠶ᠎ᠡ ᠶᠢᠨ ᠵᠠᠯᠠᠭᠤᠴᠤᠳ ᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠳᠤᠮᠳᠠ ᠤᠮᠤᠭ ᠲᠡᠭᠦᠯᠳᠡᠷ ᠢᠶᠠᠷ ᠬᠠᠷᠢᠭᠤᠴᠠᠯᠭ᠎ᠠ ᠡᠭᠦᠷᠭᠡᠯᠡᠬᠦ ᠶᠢ ᠵᠤᠷᠢᠭᠵᠢᠭᠤᠯᠬᠤ ᠬᠡᠷᠡᠭᠲᠡᠶ︾ ᠭᠡᠬᠦ ᠴᠢᠬᠤᠯᠠ ᠵᠣᠬᠢᠶᠠᠯ ᠢ ᠨᠡᠶᠢᠲᠡᠯᠡᠪᠡ᠃   ᠵᠣᠬᠢᠶᠠᠯ ᠳᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠨᠠᠮ ᠤᠨ ᠵᠠᠯᠠᠭᠤᠴᠤᠳ ᠤᠨ ᠠᠵᠢᠯ ᠴᠢᠬᠤᠯᠠ ᠶᠡᠭᠡ ᠠᠮᠵᠢᠯᠲᠠ ᠣᠯᠵᠤ᠂ ᠭᠦᠨᠵᠡᠭᠡᠢ ᠬᠤᠪᠢᠰᠤᠯᠲᠠ ᠭᠠᠷᠴᠤ᠂ ᠡᠪ ᠬᠠᠮᠲᠤ ᠵᠠᠯᠠᠭᠤᠴᠤᠳ ᠤᠨ ᠡᠪᠯᠡᠯ ᠪᠣᠯᠤᠨ ᠵᠠᠯᠠᠭᠤᠴᠤᠳ ᠤᠨ ᠠᠵᠢᠯ ᠳᠠᠬᠢ ᠨᠠᠮ ᠤᠨ ᠤᠳᠤᠷᠢᠳᠤᠯᠭ᠎ᠠ ᠪᠦᠬᠦ ᠲᠠᠯ᠎ᠠ ᠪᠠᠷ ᠴᠢᠩᠭᠠᠷᠠᠵᠤ᠂ ᠡᠪᠯᠡᠯ ᠤᠨ ᠣᠷᠣᠰᠢᠨ ᠲᠣᠭᠲᠠᠨᠢᠬᠤ ᠦᠨᠳᠦᠰᠦ ᠪᠣᠯᠤᠨ ᠤᠯᠤᠰ ᠲᠦᠷᠦ ᠶᠢᠨ ᠰᠦᠭ ᠰᠦᠨᠡᠰᠦ ᠨᠡᠩ ᠪᠠᠬᠢᠵᠢᠵᠦ᠂ ᠡᠪ ᠬᠠᠮᠲᠤ ᠵᠠᠯᠠᠭᠤᠴᠤᠳ ᠤᠨ ᠡᠪᠯᠡᠯ ᠤᠨ ᠠᠵᠢᠯ ᠤᠨ ᠴᠢᠭᠯᠡᠯ ᠡᠭᠦᠷᠭᠡ ᠨᠡᠩ ᠲᠣᠳᠣᠷᠬᠠᠢ ᠪᠤᠯᠵᠤ᠂ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦᠴᠢ ᠴᠢᠨᠠᠷ᠂ ᠲᠡᠷᠢᠭᠦᠨ ᠤ ᠴᠢᠨᠠᠷ᠂ ᠤᠯᠠᠨ ᠲᠦᠮᠡᠨᠴᠢ ᠴᠢᠨᠠᠷ ᠨᠡᠩ ᠢᠯᠡ ᠲᠣᠳᠣ ᠪᠤᠯᠵᠤ᠂ ᠡᠪᠯᠡᠯ ᠤᠨ ᠺᠠᠳ᠋ᠷ ᠤᠨ ᠦᠵᠡᠯ ᠰᠤᠷᠲᠠᠯ᠂ ᠠᠵᠢᠯ ᠤᠨ ᠰᠤᠷᠲᠠᠯ᠂ ᠠᠮᠢᠳᠤᠷᠠᠯ ᠤᠨ ᠰᠤᠷᠲᠠᠯ ᠨᠡᠩ ᠢᠳᠡᠪᠬᠢᠲᠡᠢ ᠡᠷᠡᠭᠦᠯ ᠥᠭᠡᠳᠡᠷᠬᠡᠭ ᠪᠤᠯᠵᠤ᠂ ᠥᠷᠭᠡᠨ ᠤᠯᠠᠨ ᠵᠠᠯᠠᠭᠤᠴᠤᠳ ᠤᠨ ᠳᠤᠮᠳᠠ ᠴᠣ ᠰᠢᠨ᠎ᠡ ᠲᠦᠷᠢ ᠲᠥᠷᠬᠦ ᠢᠯᠡᠷᠡᠪᠡ᠃ ᠡᠪ ᠬᠠᠮᠲᠤ ᠵᠠᠯᠠᠭᠤᠴᠤᠳ ᠤᠨ ᠡᠪᠯᠡᠯ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠵᠡᠷᠭᠡ ᠴᠢᠬᠤᠯᠠ ᠶᠡᠭᠡ ᠡᠭᠦᠷᠭᠡ ᠶᠢᠨ ᠲᠣᠭᠤᠷᠢᠨ ᠳᠤ᠂ ᠥᠷᠭᠡᠨ ᠣᠯᠠᠨ ᠡᠪᠯᠡᠯ ᠤᠨ ᠭᠡᠰᠢᠭᠦᠨ ᠪᠣᠯᠤᠨ ᠵᠠᠯᠠᠭᠤᠴᠤᠳ ᠤᠨ ᠢᠳᠡᠪᠬᠢᠲᠡᠶ ᠣᠷᠣᠯᠴᠠᠬᠤ ᠂ ᠬᠦᠨᠳᠦ ᠡᠭᠦᠷᠭᠡ ᠶᠢ ᠵᠣᠷᠢᠭᠲᠠᠶ ᠡᠭᠦᠷᠭᠡᠯᠡᠬᠦ᠂ ᠡᠮᠦᠨ᠎ᠡ ᠨᠢ ᠭᠠᠪᠰᠢᠭᠠᠶᠢᠯᠠᠬᠤ ᠶᠢ ᠵᠤᠬᠢᠶᠠᠨ ᠪᠠᠶᠢᠭᠤᠯᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠵᠠᠯᠠᠭᠤᠴᠤᠳ ᠤᠨ ᠰᠥᠰᠥ ᠵᠣᠷᠢᠭ ᠪᠠ ᠬᠠᠷᠢᠭᠤᠴᠠᠯᠭ᠎ᠠ ᠡᠭᠦᠷᠭᠡᠯᠡᠯ ᠢ ᠢᠯᠡᠷᠡᠭᠦᠯᠪᠡ᠃ ᠨᠠᠮ ᠤᠨ ᠲᠥᠪ ᠬᠤᠷᠶ᠊ ᠡᠶ᠎ᠡ ᠠᠴᠠ ᠡᠪ ᠬᠠᠮᠲᠤ ᠵᠠᠯᠠᠭᠤᠴᠤᠳ ᠤᠨ ᠡᠪᠯᠡᠯ ᠪᠣᠯᠤᠨ ᠥᠷᠭᠡᠨ ᠤᠯᠠᠨ ᠵᠠᠯᠠᠭᠤᠴᠤᠳ ᠢ ᠭᠦᠢᠴᠡᠳ ᠢᠲᠡᠭᠡᠵᠦ᠂ ᠮᠠᠰᠢ ᠶᠡᠭᠡ ᠬᠦᠰᠡᠯ ᠡᠷᠡᠮᠡᠯᠵᠡᠯ ᠲᠠᠯᠪᠢᠵᠤ ᠪᠠᠶᠢᠨ᠎ᠠ︕ ᠭᠡᠵᠦ ᠴᠢᠬᠤᠯᠠᠴᠢᠯᠠᠪᠠ᠃   ᠵᠣᠬᠢᠶᠠᠯ ᠳᠤ᠂ ᠡᠪᠯᠡᠯ ᠤᠨ ᠲᠥᠪ ᠬᠤᠷᠢᠶ᠎ᠠ ᠪᠣᠯᠤᠨ ᠡᠯ᠎ᠡ ᠱᠠᠲᠤᠨ ᠤ ᠡᠪᠯᠡᠯ ᠤᠨ ᠵᠣᠬᠢᠶᠠᠨ ᠪᠠᠶᠢᠭᠤᠯᠤᠯᠲᠠ ᠰᠢᠨ᠎ᠡ ᠴᠠᠭ ᠦᠶ᠎ᠡ ᠰᠢᠨ᠎ᠡ ᠠᠶᠠᠨ ᠳᠠᠬᠢ ᠨᠠᠮ ᠠᠴᠠ ᠳᠠᠭᠠᠭᠠᠯᠭᠠᠭᠰᠠᠨ ᠡᠭᠦᠷᠭᠡ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠬᠦ ᠬᠡᠷᠡᠭᠲᠡᠢ᠃ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠵᠠᠯᠠᠭᠤᠴᠤᠳ ᠤᠨ ᠬᠥᠳᠡᠯᠭᠡᠭᠡᠨ ᠤ ᠭᠤᠣᠯ ᠰᠡᠳᠦᠪ ᠢ ᠪᠠᠲᠤ ᠡᠵᠡᠮᠳᠡᠬᠦ ᠬᠡᠷᠡᠭᠲᠡᠢ᠃ ᠨᠠᠮ ᠤᠨ ᠭᠤᠣᠯ ᠡᠭᠦᠷᠭᠡ ᠶᠢ ᠳᠤᠮᠳᠠᠳᠤ ᠤᠯᠤᠰ ᠤᠨ ᠵᠠᠯᠠᠭᠤᠴᠤᠳ ᠤᠨ ᠬᠥᠳᠡᠯᠭᠡᠭᠡᠨ ᠪᠠ ᠵᠠᠯᠠᠭᠤᠴᠤᠳ ᠤᠨ ᠠᠵᠢᠯ ᠤᠨ ᠭᠤᠣᠯ ᠰᠡᠳᠦᠪ ᠪᠠ ᠴᠢᠭᠯᠡᠯ ᠪᠣᠯᠭᠠᠬᠤ ᠪᠣᠯ 100 ᠭᠠᠷᠤᠢ ᠵᠢᠯ ᠤᠨ ᠲᠤᠷᠰᠢᠬᠢ ᠳᠤᠮᠳᠠᠳᠤ ᠤᠯᠤᠰ ᠤᠨ ᠵᠠᠯᠠᠭᠤᠴᠤᠳ ᠤᠨ ᠬᠥᠳᠡᠯᠭᠡᠭᠡᠨ ᠪᠠ ᠵᠠᠯᠠᠭᠤᠴᠤᠳ ᠤᠨ ᠠᠵᠢᠯ ᠤᠨ ᠨᠢᠭᠡᠨ ᠦᠨᠳᠦᠰᠦᠨ ᠲᠤᠷᠰᠢᠯᠭ᠎ᠠ ᠮᠥᠨ᠃ ᠡᠪ ᠬᠠᠮᠲᠤ ᠵᠠᠯᠠᠭᠤᠴᠤᠳ ᠤᠨ ᠡᠪᠯᠡᠯ ᠡᠷᠬᠡᠪᠰᠢ ᠨᠠᠮ ᠤᠨ ᠬᠤᠷᠢᠳᠤᠭᠠᠷ ᠶᠡᠭᠡ ᠬᠤᠷᠠᠯ ᠠᠴᠠ ᠲᠣᠭᠲᠠᠭᠠᠭᠰᠠᠨ ᠰᠢᠨ᠎ᠡ ᠴᠠᠭ ᠦᠶ᠎ᠡ ᠰᠢᠨ᠎ᠡ ᠠᠶᠠᠨ ᠳᠠᠬᠢ ᠨᠠᠮ ᠤᠨ ᠭᠤᠣᠯ ᠡᠭᠦᠷᠭᠡ ᠶᠢᠨ ᠲᠣᠭᠤᠷᠢᠨ ᠳᠤ ᠠᠵᠢᠯ ᠢᠶᠠᠨ ᠥᠷᠨᠢᠭᠦᠯᠬᠦ ᠬᠡᠷᠡᠭᠲᠡᠢ᠃ ᠵᠠᠯᠠᠭᠤᠴᠤᠳ ᠢ ᠬᠠᠮᠤᠭ ᠤᠨ ᠥᠷᠭᠡᠨ ᠳᠡᠯᠭᠡᠷ ᠢᠶᠠᠷ ᠪᠦᠯᠬᠦᠮᠳᠡᠭᠦᠯᠵᠦ᠂ ᠵᠣᠬᠢᠶᠠᠨ ᠪᠠᠶᠢᠭᠤᠯᠵᠤ᠂ ᠲᠠᠶᠢᠴᠢᠯᠠᠵᠥ᠂ ᠥᠷᠭᠡᠨ ᠤᠯᠠᠨ ᠵᠠᠯᠠᠭᠤᠴᠤᠳ ᠤᠨ ᠲᠡᠦᠬᠡ ᠶᠢᠨ ᠬᠠᠷᠢᠭᠤᠴᠠᠯᠭᠠᠲᠤ ᠰᠡᠳᠭᠢᠯᠭᠡ ᠪᠣᠯᠤᠨ ᠡᠭᠦᠷᠭᠡᠲᠦ ᠪᠤᠳᠤᠯ ᠢᠶᠠᠨ ᠴᠢᠩᠭᠠᠳᠬᠠᠬᠤ ᠶᠢ ᠵᠣᠷᠢᠭᠵᠢᠭᠤᠯᠵᠤ᠂ ᠤᠯᠤᠰ ᠢᠶᠠᠨ ᠬᠦᠴᠦᠷᠬᠡᠭᠵᠢᠭᠦᠯᠬᠦ ᠳᠤ ᠪᠢ ᠪᠠᠶᠢᠨ᠎ᠠ ᠭᠡᠬᠦ ᠵᠠᠯᠠᠭᠤ ᠨᠠᠰᠤᠨ ᠤ ᠣᠷᠭᠢᠯᠤᠮ᠎ᠠ ᠰᠡᠳᠭᠢᠯᠭᠡ ᠶᠢ ᠨᠢ ᠬᠥᠭᠵᠢᠭᠡᠵᠦ᠂ ᠬᠦᠴᠦᠷᠬᠡᠭ ᠤᠯᠤᠰ ᠤᠨ ᠪᠦᠳᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠤᠨ ᠳᠤᠮᠳᠠ ᠵᠣᠷᠢᠭᠲᠠᠢ ᠪᠠᠷ ᠬᠤᠰᠢᠭᠤᠴᠢ ᠠᠩᠬᠢ᠂ ᠭᠠᠪᠰᠢᠭᠠᠢ ᠠᠩᠬᠢ ᠪᠣᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃   ᠵᠣᠬᠢᠶᠠᠯ ᠳᠤ᠂ ᠥᠷᠭᠡᠨ ᠤᠯᠠᠨ ᠵᠠᠯᠠᠭᠤᠴᠤᠳ ᠤᠨ ᠤᠯᠤᠰ ᠲᠦᠷᠦ ᠶᠢᠨ ᠵᠢᠯᠤᠭᠤᠳᠤᠯᠭ᠎ᠠ ᠶᠢ ᠬᠦᠴᠦᠯᠡᠨ ᠴᠢᠩᠭᠠᠳᠬᠠᠬᠤ ᠬᠡᠷᠡᠭᠲᠡᠢ᠃ ᠵᠠᠯᠠᠭᠤᠴᠤᠳ ᠬᠦᠰᠡᠯᠡᠩ ᠲᠠᠢ ᠪᠠᠶᠢᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠬᠠᠯᠠ ᠶᠢ ᠳᠠᠭᠠᠭᠠᠵᠤ᠂ ᠵᠣᠷᠢᠭᠲᠠᠢ ᠲᠡᠮᠡᠴᠡᠪᠡᠯ ᠳᠤᠮᠳᠠᠳᠤ ᠤᠯᠤᠰ ᠤᠨ ᠵᠠᠯᠠᠭᠤᠴᠤᠳ ᠰᠠᠶ᠋ᠢ ᠬᠦᠴᠦᠨ ᠴᠢᠳᠠᠯ ᠲᠠᠢ ᠪᠤᠯᠵᠦ᠂ ᠨᠠᠮ ᠪᠠ ᠤᠯᠤᠰ ᠤᠨ ᠠᠵᠢᠯ ᠦᠢᠯᠡᠰ ᠤᠨ ᠬᠥᠭᠵᠢᠯᠲᠡ ᠰᠠᠶ᠋ᠢ ᠬᠦᠰᠡᠯ ᠡᠷᠡᠮᠡᠯᠵᠡᠯ ᠢᠶᠠᠷ ᠪᠢᠯᠬᠠᠨ᠎ᠠ᠃ ᠥᠷᠭᠡᠨ ᠤᠯᠠᠨ ᠵᠠᠯᠠᠭᠤᠴᠤᠳ ᠤᠨ ᠬᠦᠰᠡᠯᠡᠩ ᠢᠲᠡᠭᠡᠯ ᠪᠢᠰᠢᠷᠡᠯ ᠤᠨ ᠬᠥᠮᠦᠵᠢᠯ ᠢ ᠴᠢᠩᠭᠠᠳᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ ᠤᠯᠤᠰ ᠲᠦᠷᠦ ᠶᠢᠨ ᠢᠲᠡᠭᠡᠯ ᠪᠢᠰᠢᠷᠡᠯ ᠢᠶᠠᠨ ᠪᠠᠲᠤᠳᠬᠠᠵᠤ᠂ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠲᠡᠦᠬᠡᠨ ᠤᠷᠤᠰᠬᠠᠯ ᠳᠤᠮᠳᠠ ᠵᠥᠪ ᠠᠮᠢᠳᠤᠷᠠᠬᠤᠢ ᠶᠢᠨ ᠬᠠᠷᠠᠯᠲᠠ ᠪᠠᠨ ᠲᠣᠭᠲᠠᠭᠠᠬᠤ ᠬᠡᠷᠡᠭᠲᠡᠢ᠃ ᠡᠪ ᠬᠠᠮᠲᠤ ᠵᠠᠯᠠᠭᠤᠴᠤᠳ ᠤᠨ ᠡᠪᠯᠡᠯ ᠪᠣᠯ ᠵᠠᠯᠠᠭᠤᠴᠤᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠠᠬᠢᠭᠤᠯᠬᠤ ᠤᠯᠤᠰ ᠲᠦᠷᠦ ᠶᠢᠨ ᠰᠤᠷᠭᠠᠭᠤᠯᠢ ᠮᠥᠨ᠂ ᠤᠯᠤᠰ ᠲᠦᠷᠦ ᠶᠢᠨ ᠴᠢᠨᠠᠷ ᠪᠣᠯ ᠡᠪ ᠬᠠᠮᠲᠤ ᠵᠠᠯᠠᠭᠤᠴᠤᠳ ᠤᠨ ᠡᠪᠯᠡᠯ ᠤᠨ ᠨᠢᠭᠡᠳᠦᠭᠡᠷ ᠰᠢᠨᠵᠢ ᠴᠢᠨᠠᠷ ᠮᠥᠨ᠃ ᠥᠷᠭᠡᠨ ᠣᠯᠠᠨ ᠡᠪᠯᠡᠯ ᠤᠨ ᠭᠡᠰᠢᠭᠦᠨ ᠪᠠ ᠵᠠᠯᠠᠭᠤᠴᠤᠳ ᠤᠨ ᠤᠯᠤᠰ ᠲᠥᠷᠥ ᠶᠢᠨ ᠵᠢᠯᠣᠭᠤᠳᠣᠯᠭ᠎ᠠ ᠶᠢ ᠴᠢᠩᠭᠠᠳᠬᠠᠬᠤ ᠶᠢ ᠲᠡᠷᠢᠭᠦᠨ ᠪᠠᠶᠢᠷᠢᠨ ᠳᠤ ᠲᠠᠯᠪᠢᠵᠤ᠂ ᠨᠡᠶᠢᠭᠡᠮ ᠵᠢᠷᠤᠮ ᠤᠨ ᠪᠥᠲᠥᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠴᠢᠷᠮᠠᠶᠢᠨ ᠬᠥᠮᠦᠵᠢᠭᠦᠯᠵᠦ᠂ ᠨᠠᠮ ᠳᠤ ᠡᠷᠡᠭᠦᠯ ᠮᠡᠨᠳᠦ ᠠᠮᠢᠵᠢᠷᠠᠯ ᠤᠨ ᠬᠦᠴᠦᠨ ᠲᠠᠢ ᠰᠢᠨ᠎ᠡ ᠰᠣᠷᠭᠤᠭ ᠴᠢᠰᠤ ᠶᠢ ᠲᠠᠰᠤᠷᠠᠯᠲᠠ ᠥᠬᠡᠶ ᠬᠦᠷᠭᠡᠬᠦ ᠬᠡᠷᠡᠭᠲᠡᠶ᠃ ᠡᠪᠯᠡᠯ ᠤᠨ ᠭᠡᠰᠢᠭᠦᠨ ᠪᠣᠯᠤᠨ ᠵᠠᠯᠠᠭᠤᠴᠤᠳ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦ᠋ᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠡᠨᠡ ᠬᠦ ᠰᠢᠨᠵᠢᠯᠡᠬᠦ ᠤᠬᠠᠭᠠᠨᠴᠢ ᠦᠵᠡᠯ ᠰᠠᠨᠠᠭᠠᠨ ᠤ ᠵᠢᠷᠲᠢᠨᠴᠦ ᠶᠢᠨ ᠦᠵᠡᠯᠲᠡ ᠪᠣᠯᠤᠨ ᠠᠷᠭ᠎ᠠ ᠶᠢᠨ ᠤᠨᠤᠯ ᠢ ᠴᠢᠷᠮᠠᠶᠢᠨ ᠡᠵᠡᠮᠰᠢᠵᠦ᠂ ᠲᠡᠭᠦᠨ ᠳᠤ ᠲᠤᠭᠤᠰᠢᠯᠠᠭᠳᠠᠵᠤ ᠪᠠᠶᠢᠭ᠎ᠠ ᠵᠣᠭᠰᠣᠯᠲᠠ ᠦᠵᠡᠯᠲᠡ ᠠᠷᠭ᠎ᠠ ᠪᠠᠷ ᠠᠰᠠᠭᠤᠳᠠᠯ ᠢ ᠵᠠᠳᠠᠯᠬᠤ ᠳᠠᠭᠠᠨ ᠴᠢᠳᠠᠮᠠᠭᠠᠢ ᠪᠠᠶᠢᠵᠤ᠂ ᠨᠠᠮ ᠤᠨ ᠦᠨᠳᠦᠰᠦᠨ ᠤᠨᠤᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠤᠳᠤᠯᠭ᠎ᠠ ᠶᠢ ᠣᠶᠢᠯᠠᠭᠠᠬᠤ ᠴᠢᠳᠠᠪᠤᠷᠢ ᠪᠠᠨ ᠳᠡᠭᠡᠭᠰᠢᠯᠡᠭᠦᠯᠬᠦ ᠶᠢ ᠬᠦᠳᠦᠯᠦᠨ ᠵᠢᠯᠣᠭᠤᠳᠬᠤ ᠬᠡᠷᠡᠭᠲᠡᠢ ᠭᠡᠵᠦ ᠵᠢᠭᠠᠵᠤ ᠭᠠᠷᠭᠠᠪᠠ᠃   ᠵᠣᠬᠢᠶᠠᠯ ᠳᠤ᠂ ᠰᠢᠨ᠎ᠡ ᠴᠠᠭ ᠦᠶ᠎ᠡ ᠶᠢᠨ ᠵᠠᠯᠠᠭᠤᠴᠤᠳ ᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠤᠮᠤᠭ ᠲᠡᠭᠦᠯᠳᠡᠷ ᠢᠶᠠᠷ ᠬᠠᠷᠢᠭᠤᠴᠠᠯᠭ᠎ᠠ ᠡᠭᠦᠷᠭᠡᠯᠡᠬᠦ ᠶᠢ ᠭᠦᠢᠴᠡᠳ ᠬᠥᠭᠵᠢᠭᠡᠬᠦ ᠬᠡᠷᠡᠭᠲᠡᠢ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠬᠦᠴᠦᠷᠬᠡᠭ ᠤᠯᠤᠰ ᠤᠨ ᠪᠦᠳᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠴᠤᠷᠢ ᠶᠢᠨ ᠭᠠᠭᠴᠠ ᠵᠥᠪ ᠵᠠᠮ ᠮᠥᠨ᠂ ᠤᠷᠢᠳᠤ ᠡᠮᠦᠨ᠎ᠡ ᠪᠠᠶᠢᠭ᠎ᠠ ᠦᠭᠡᠢ ᠡᠭᠦᠳᠦᠯᠲᠡ ᠶᠢᠨ ᠴᠢᠨᠠᠷᠲᠠᠢ ᠦᠢᠯᠡᠰ ᠮᠥᠨ᠃ ᠡᠪ ᠬᠠᠮᠲᠤ ᠵᠠᠯᠠᠭᠤᠴᠤᠳ ᠤᠨ ᠡᠪᠯᠡᠯ ᠨᠢ ᠭᠤᠤᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠵᠤ᠂ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠪᠠ ᠴᠢᠬᠤᠯᠠ ᠶᠡᠭᠡ ᠡᠭᠦᠷᠭᠡ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠥᠷᠭᠡᠨ ᠣᠯᠠᠨ ᠵᠠᠯᠠᠭᠤᠴᠤᠳ ᠢ ᠵᠣᠬᠢᠶᠠᠨ ᠪᠠᠶᠢᠭᠤᠯᠤᠨ ᠳᠠᠶᠢᠴᠢᠯᠠᠵᠤ ᠪᠠᠶᠢᠭᠠᠳ ᠲᠤᠬᠠᠶᠢᠯᠠᠭᠰᠠᠨ ᠠᠵᠢᠯ ᠤᠨ ᠪᠠᠶᠢᠷᠢ ᠳᠤᠨᠢ ᠰᠠᠭᠤᠷᠢᠯᠠᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠳᠤ ᠢᠳᠡᠪᠬᠢᠲᠡᠶ ᠣᠷᠣᠯᠴᠠᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠪᠣᠬᠢᠷᠲᠤᠯ ᠥᠬᠡᠶ ᠬᠥᠭᠵᠢᠯᠲᠡ᠂ ᠨᠡᠶᠢᠭᠡᠮ ᠤᠨ ᠦᠢᠯᠡᠴᠢᠯᠡᠭᠡ᠂ ᠤᠯᠤᠰ ᠢᠶᠠᠨ ᠬᠠᠮᠠᠭᠠᠯᠠᠵᠤ ᠬᠢᠯᠢ ᠬᠢᠵᠠᠭᠠᠷ ᠢᠶᠠᠨ ᠬᠠᠮᠠᠭᠠᠯᠠᠬᠤ ᠵᠡᠷᠭᠡ ᠡᠯ᠎ᠡ ᠬᠦᠷᠢᠶ᠎ᠡ ᠡᠯ᠎ᠡ ᠲᠠᠯ᠎ᠠ ᠶᠢᠨ ᠠᠵᠢᠯ ᠤᠨ ᠳᠤᠮᠳᠠ ᠬᠤᠰᠢᠭᠤᠴᠢ ᠴᠡᠷᠢᠭ ᠪᠠ ᠰᠢᠨ᠎ᠡ ᠬᠦᠴᠦᠨ ᠪᠣᠯᠬᠤ ᠪᠠᠷ ᠴᠢᠷᠮᠠᠶᠢᠬᠤ ᠬᠡᠷᠡᠭᠲᠡᠶ ᠭᠡᠵᠦ ᠵᠢᠭᠠᠵᠤ ᠭᠠᠷᠭᠠᠪᠠ᠃   ᠵᠣᠬᠢᠶᠠᠯ ᠳᠤ᠂ ᠡᠪ ᠬᠠᠮᠲᠤ ᠵᠠᠯᠠᠭᠤᠴᠤᠳ ᠤᠨ ᠡᠪᠯᠡᠯ ᠪᠣᠯᠤᠨ ᠡᠪᠯᠡᠯ ᠤᠨ ᠺᠠᠳ᠋ᠷ ᠤᠨ ᠡᠩᠨᠡᠭᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠬᠡᠷᠡᠭᠲᠡᠢ᠃ ᠡᠪᠯᠡᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠵᠤ᠂ ᠡᠪᠯᠡᠯ ᠪᠦᠯᠬᠦᠮ ᠢ ᠪᠦᠬᠦ ᠲᠠᠯ᠎ᠠ ᠪᠠᠷ ᠴᠢᠩᠭ᠎ᠠ ᠬᠠᠮᠢᠶᠠᠷᠤᠨ ᠵᠠᠰᠠᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠤᠯᠠᠨ ᠲᠦᠮᠡᠨ ᠤ ᠪᠦᠯᠬᠦᠮ ᠤᠨ ᠬᠥᠭᠵᠢᠯᠲᠡ ᠶᠢᠨ ᠵᠠᠮ ᠢᠶᠠᠷ ᠭᠤᠶᠢᠪᠢᠰᠢ ᠦᠭᠡᠢ ᠰᠠᠶᠢᠲᠤᠷ ᠵᠠᠮᠨᠠᠵᠤ᠂ ᠤᠯᠤᠰ ᠲᠦᠷᠦᠴᠢ ᠴᠢᠨᠠᠷ᠂ ᠲᠡᠷᠢᠭᠦᠨ ᠤ ᠴᠢᠨᠠᠷ᠂ ᠤᠯᠠᠨ ᠲᠦᠮᠡᠨᠴᠢ ᠴᠢᠨᠠᠷ ᠢᠶᠠᠨ ᠲᠠᠰᠤᠷᠠᠯᠲᠠ ᠦᠭᠡᠢ ᠪᠠᠲᠤᠯᠠᠨ ᠴᠢᠩᠭᠠᠳᠬᠠᠵᠤ᠂ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠬᠦᠲᠦᠯᠦᠨ ᠳᠠᠭᠠᠭᠤᠯᠬᠤ ᠬᠦᠴᠦᠨ᠂ ᠵᠣᠬᠢᠶᠠᠨ ᠪᠠᠶᠢᠭᠤᠯᠬᠤ ᠬᠦᠴᠦᠨ᠂ ᠦᠢᠯᠡᠴᠢᠯᠡᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠦᠨᠳᠦᠰᠦᠨ ᠱᠠᠲᠤᠨ ᠤ ᠢᠯᠡ ᠲᠣᠳᠣ ᠤᠳᠤᠷᠢᠳᠤᠮᠵᠢ ᠶᠢ ᠪᠠᠲᠤᠳᠬᠠᠬᠤ ᠶᠢ ᠪᠠᠷᠢᠮᠲᠠᠯᠠᠵᠤ᠂ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠬᠠᠮᠤᠷᠬᠤ ᠬᠡᠪᠴᠢᠶ᠎ᠡ ᠶᠢ ᠲᠠᠰᠤᠷᠠᠯᠲᠠ ᠥᠬᠡᠶ ᠥᠷᠭᠡᠳᠭᠡᠵᠦ᠂ ᠵᠠᠯᠠᠭᠤ ᠤᠯᠠᠨ ᠲᠦᠮᠡᠨ ᠤ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠵᠦ᠂ ᠳᠡᠭᠡᠷ᠎ᠠ ᠳᠤᠤᠷ᠎ᠠ ᠱᠠᠲᠤ ᠪᠠᠷ ᠢᠶᠠᠨ ᠬᠤᠯᠪᠣᠭᠠᠯᠠᠨ ᠬᠥᠳᠡᠯᠦᠯᠴᠡᠬᠦ ᠶᠢ ᠪᠠᠷᠢᠮᠲᠠᠯᠠᠵᠤ᠂ ᠪᠥᠬᠦ ᠡᠪᠯᠡᠯ ᠢᠶᠠᠷ ᠢᠶᠠᠨ ᠦᠨᠳᠦᠰᠦᠨ ᠱᠠᠲᠤ ᠶᠢ ᠠᠳᠬᠤᠬᠤ ᠪᠦᠬᠦᠯᠢ ᠴᠣᠭᠴᠠ ᠶᠢᠨ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ᠃ ᠡᠪᠯᠡᠯ ᠤᠨ ᠺᠠᠳ᠋ᠷ ᠤᠨ ᠭᠤᠣᠯ ᠲᠤᠰᠢᠶᠠᠯ ᠬᠠᠷᠢᠭᠤᠴᠠᠯᠭ᠎ᠠ ᠪᠣᠯ ᠳᠠᠷᠤᠢ ᠵᠠᠯᠠᠭᠤᠴᠤᠳ ᠤᠨ ᠠᠵᠢᠯ ᠢ ᠬᠢᠬᠦ ᠶᠠᠪᠤᠳᠠᠯ ᠪᠣᠯᠤᠨ᠎ᠠ᠂ ᠤᠯᠤᠰ ᠲᠦᠷᠦ ᠶᠢᠨ ᠴᠢᠳᠠᠪᠤᠷᠢ᠂ ᠤᠨᠤᠯ ᠤᠨ ᠪᠣᠯᠪᠠᠰᠤᠷᠠᠯ᠂ ᠤᠯᠠᠨ ᠲᠦᠮᠡᠨ ᠤ ᠠᠵᠢᠯ ᠤᠨ ᠴᠢᠳᠠᠪᠤᠷᠢ ᠪᠠᠨ ᠲᠠᠰᠤᠷᠠᠯᠳᠠ ᠦᠭᠡᠢ ᠳᠡᠭᠡᠭᠰᠢᠯᠡᠭᠦᠯᠵᠦ᠂ ᠨᠢᠭᠡ ᠰᠡᠳᠭᠢᠯ ᠨᠢᠭᠡ ᠵᠣᠷᠢᠭ ᠢᠶᠠᠷ ᠲᠤᠬᠠᠶᠢᠯᠠᠭᠰᠠᠨ ᠠᠵᠢᠯ ᠢᠶᠠᠨ ᠰᠠᠶᠢᠲᠤᠷ ᠬᠢᠵᠦ᠂ ᠪᠣᠳᠠᠲᠠᠢ ᠠᠵᠢᠯ ᠤᠨ ᠠᠮᠵᠢᠯᠲᠠ ᠪᠦᠲᠦᠮᠵᠢ ᠪᠠᠷ ᠢᠶᠠᠨ ᠨᠠᠮ ᠤᠨ ᠢᠲᠡᠭᠡᠯ ᠢ ᠣᠯᠵᠤ᠂ ᠨᠡᠶᠢᠭᠡᠮ ᠤᠨ ᠬᠦᠨᠳᠦᠳᠭᠡᠯ ᠢ ᠣᠯᠵᠤ᠂ ᠵᠠᠯᠠᠭᠤᠴᠤᠳ ᠤᠨ ᠮᠠᠭᠲᠠᠭᠠᠯ ᠰᠠᠶᠢᠰᠢᠶᠠᠯ ᠢ ᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃   ᠵᠣᠬᠢᠶᠠᠯ ᠳᠤ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠨᠠᠮ ᠠᠴᠠ ᠵᠠᠯᠠᠭᠤᠴᠤᠳ ᠤᠨ ᠠᠵᠢᠯ ᠢ ᠬᠠᠮᠢᠶᠠᠷᠬᠤ ᠵᠠᠷᠴᠢᠮ ᠢ ᠪᠠᠷᠢᠮᠲᠠᠯᠠᠵᠤ᠂ ᠨᠠᠮ ᠤᠨ ᠤᠳᠤᠷᠢᠳᠤᠯᠭ᠎ᠠ ᠳᠣᠣᠷ᠎ᠠ ᠡᠯ᠎ᠡ ᠰᠠᠯᠠᠭ᠎ᠠ ᠮᠥᠴᠢᠷ ᠤᠨ ᠬᠢᠨ ᠵᠡᠷᠭᠡ ᠪᠠᠷ ᠠᠳᠬᠤᠵᠤ ᠬᠠᠮᠲᠤ ᠪᠠᠷ ᠵᠠᠯᠠᠭᠤᠴᠤᠳ ᠤᠨ ᠬᠥᠭᠵᠢᠯᠲᠡ ᠶᠢᠨ ᠦᠢᠯᠡᠰ ᠢ ᠬᠠᠮᠢᠶᠠᠷᠬᠤ ᠠᠵᠢᠯ ᠤᠨ ᠪᠠᠶᠢᠷᠢᠰᠢᠯ ᠢ ᠪᠠᠶᠢᠭᠤᠯᠤᠨ ᠲᠡᠭᠦᠯᠳᠡᠷᠵᠢᠭᠦᠯᠵᠦ᠂ ᠡᠪ ᠬᠠᠮᠲᠤ ᠵᠠᠯᠠᠭᠤᠴᠤᠳ ᠤᠨ ᠡᠪᠯᠡᠯ ᠤᠨ ᠪᠦᠲᠦᠭᠡᠯᠴᠢ ᠴᠢᠨᠠᠷᠲᠠᠢ ᠪᠠᠷ ᠠᠵᠢᠯ ᠢᠶᠠᠨ ᠥᠷᠨᠢᠭᠦᠯᠬᠦ ᠶᠢ ᠳᠡᠮᠵᠢᠬᠦ ᠬᠡᠷᠡᠭᠲᠡᠢ᠃ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠣᠷᠭᠢᠯᠤᠮ᠎ᠠ ᠬᠠᠯᠠᠭᠤᠨ ᠰᠡᠳᠭᠢᠯᠭᠡ ᠪᠠᠷ ᠵᠠᠯᠠᠭᠤ ᠨᠠᠶᠢᠵᠠ ᠶᠢᠨ ᠰᠡᠳᠭᠢᠯ ᠢ ᠮᠡᠳᠡᠭᠴᠢ᠂ ᠵᠠᠯᠠᠭᠤ ᠤᠯᠠᠨ ᠲᠦᠮᠡᠨ ᠤ ᠵᠠᠮᠴᠢᠯᠠᠭᠴᠢ ᠪᠣᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃   ᠵᠣᠬᠢᠶᠠᠯ ᠳᠤ᠂ ᠨᠠᠮ ᠪᠣᠯᠤᠨ ᠤᠯᠤᠰ ᠤᠨ ᠠᠵᠢᠯ ᠦᠢᠯᠡᠰ ᠤᠨ ᠬᠦᠰᠡᠯ ᠡᠷᠡᠮᠡᠯᠵᠡᠯ ᠵᠠᠯᠠᠭᠤᠴᠤᠳ ᠤᠨ ᠪᠡᠶ᠎ᠡ ᠳᠡᠭᠡᠷ᠎ᠡ ᠪᠠᠶᠢᠨ᠎ᠠ᠃ ᠡᠪ ᠬᠠᠮᠲᠤ ᠵᠠᠯᠠᠭᠤᠴᠤᠳ ᠤᠨ ᠡᠪᠯᠡᠯ ᠤᠨ ᠲᠥᠪ ᠬᠤᠷᠢᠶ᠎ᠠ ᠳᠤ ᠰᠢᠯᠢᠳᠡᠭ ᠤᠯᠠᠮᠵᠢᠯᠠᠯ ᠢᠶᠠᠨ ᠤᠯᠠᠮᠵᠢᠯᠠᠨ ᠪᠠᠳᠠᠷᠠᠭᠤᠯᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠵᠠᠯᠠᠭᠤ ᠨᠢᠭᠡ ᠦᠶ᠎ᠡ ᠶᠢᠨ ᠬᠢᠨ ᠢ ᠨᠠᠮ ᠤᠨ ᠲᠣᠭᠤᠷᠢᠨ ᠳᠤ ᠨᠡᠩ ᠰᠠᠶᠢᠲᠤᠷ ᠪᠦᠯᠬᠦᠮᠳᠡᠭᠦᠯᠵᠦ᠂ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠠᠬᠢᠭᠤᠯᠬᠤ ᠶᠢᠨ ᠲᠥᠯᠥᠭᠡ ᠦᠷᠭᠦᠯᠵᠢᠯᠡᠨ ᠲᠡᠮᠡᠴᠡᠬᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃   ︵ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 30 ᠤ ᠴᠠᠬᠢᠯᠭᠠᠨ ᠮᠡᠳᠡᠭᠡ︶
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号