ᠦ᠋ ᠪᠦᠦ ᠯᠦᠩ᠄ ᠢᠯᠴᠢ ᠬᠠᠩᠭᠠᠬᠤ ᠨᠢᠭᠡᠳᠦᠭᠡᠷ ᠹᠷᠣᠨᠲ ᠤᠨ ᠬᠤᠰᠢᠭᠤᠴᠢ ᠪᠤᠯᠵᠤ ᠭᠠᠪᠰᠢᠭᠠᠶᠢᠯᠠᠨ᠎ᠠ
ᠨᠡᠶᠢᠲᠡᠯᠡᠭᠰᠡᠨ ᠴᠠᠭ᠄
2025/5/6
   ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠥᠩ ᠶᠤᠸᠠᠨ ᠢᠯᠴᠢ ᠶᠢᠨ ᠬᠦᠴᠦᠨ ᠤ ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠡᠤ ᠪᠦᠦ ᠯᠦᠩ ᠢᠯᠴᠢ ᠬᠠᠩᠭᠠᠬᠤ ᠬᠦᠷᠢᠶᠡᠨ ᠳᠠᠬᠢ ᠲᠣᠪᠤᠶᠢᠮ᠎ᠠ ᠬᠤᠪᠢ ᠨᠡᠮᠡᠷᠢ ᠪᠠ ᠪᠣᠳᠠᠲᠠᠢ ᠠᠵᠢᠯᠯᠠᠨ ᠬᠠᠷᠢᠭᠤᠴᠠᠯᠭ᠎ᠠ ᠡᠭᠦᠷᠭᠡᠯᠡᠬᠦ ᠳᠡᠭᠡᠨ ᠲᠦᠰᠢᠭᠯᠡᠨ 2025 ᠣᠨ ᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠯᠮᠦᠷᠢ ᠶᠢᠨ ᠵᠢᠱᠢᠶᠡᠴᠢ︾ ᠶᠢᠨ ᠢᠷᠠᠭᠤ ᠠᠯᠳᠠᠷ ᠢ ᠬᠦᠷᠲᠡᠪᠡ᠃     ᠢᠯᠴᠢ ᠬᠠᠩᠭᠠᠬᠤ ᠠᠵᠢᠯ ᠤᠨ ᠪᠠᠶᠢᠷᠢ ᠳᠤ 16 ᠵᠢᠯ ᠪᠣᠯᠵᠤ᠂ 50 ᠨᠠᠰᠤᠲᠠᠢ ᠲᠡᠷᠡ ᠠᠵᠢᠯᠴᠢ ᠬᠢᠴᠢᠶᠡᠩᠭᠦᠢ᠂ ᠠᠵᠢᠯᠴᠢ ᠬᠢᠴᠢᠶᠡᠩᠭᠦᠢ ᠪᠠᠷ ᠠᠵᠢᠯᠯᠠᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠯᠮᠦᠷᠢ ᠶᠢᠨ ᠵᠢᠱᠢᠶᠡᠴᠢ︾ ᠶᠢᠨ ᠢᠷᠠᠭᠤ ᠠᠯᠳᠠᠷ ᠢ ᠬᠦᠷᠲᠡᠭᠰᠡᠨ ᠤ ᠳᠠᠷᠠᠭ᠎ᠠ᠂ ᠦ᠋ ᠪᠦᠦ ᠯᠦᠩ ᠤᠨ ᠠᠵᠢᠯ ᠤᠨ ᠠᠶᠢᠵᠠᠮ ᠨᠡᠩ ᠲᠦᠷᠭᠡᠨ ᠪᠣᠯᠪᠠ᠃ ᠢᠷᠠᠭᠤ ᠠᠯᠳᠠᠷ ᠤᠨ ᠡᠮᠦᠨ᠎ᠡ᠂ ᠲᠡᠷᠡ᠄ ︽ᠪᠢ ᠢᠯᠴᠢ ᠬᠠᠩᠭᠠᠬᠤ ᠠᠵᠢᠯ ᠡᠭᠡᠯ ᠶᠡᠷᠦᠮᠳᠡᠭ ᠪᠣᠯᠪᠠᠴᠤ ᠲᠦᠭ ᠲᠦᠮᠡᠨ ᠠᠶᠢᠯ ᠡᠷᠦᠬᠡ ᠶᠢᠨ ᠳᠤᠯᠠᠭᠠᠨ ᠲᠠᠢ ᠨᠢᠭᠲᠠ ᠬᠤᠯᠪᠣᠭ᠎ᠠ ᠲᠠᠢ ᠭᠡᠳᠡᠭ ᠢ ᠭᠦᠨ ᠣᠶᠢᠯᠠᠭᠠᠪᠠ᠃ ᠬᠠᠬᠢᠷ ᠬᠦᠢᠲᠡᠨ ᠡᠪᠦᠯ ᠤᠨ ᠤᠯᠠᠷᠢᠯ ᠳᠤ᠂ ᠪᠢᠳᠡ ᠠᠵᠢᠯ ᠤᠨ ᠪᠠᠶᠢᠷᠢ ᠪᠠᠨ ᠪᠠᠲᠤ ᠰᠠᠬᠢᠵᠤ᠂ ᠢᠯᠴᠢ ᠬᠠᠩᠭᠠᠬᠤ ᠲᠥᠬᠦᠭᠡᠷᠦᠮᠵᠢ ᠶᠢᠨ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠵᠤ᠂ ᠰᠠᠭᠤᠭᠠᠯᠢ ᠠᠷᠠᠳ ᠤᠨ ᠳᠤᠯᠠᠭᠠᠨ ᠪᠦᠯᠢᠶᠡᠨ ᠡᠪᠦᠯᠵᠢᠬᠦ ᠶᠢ ᠪᠠᠲᠤᠯᠠᠪᠠ᠃ ᠥᠪᠡᠷᠲᠡᠭᠡᠨ ᠵᠠᠰᠠᠬᠤ ᠣᠷᠣᠨ ᠤ ᠬᠥᠳᠡᠯᠮᠦᠷᠢ ᠶᠢᠨ ᠵᠢᠱᠢᠶᠡᠴᠢ ᠭᠡᠬᠦ ᠡᠨᠡ ᠬᠦ ᠢᠷᠠᠭᠤ ᠠᠯᠳᠠᠷ ᠪᠣᠯ ᠮᠢᠨᠦ ᠥᠩᠭᠡᠷᠡᠭᠰᠡᠨ ᠳᠤ ᠬᠢᠭᠰᠡᠨ ᠠᠵᠢᠯ ᠤᠨ ᠲᠤᠬᠠᠢ ᠵᠥᠪᠰᠢᠶᠡᠷᠡᠯ ᠪᠣᠯᠬᠤ ᠪᠠᠷ ᠪᠠᠷᠠᠬᠤ ᠦᠭᠡᠢ᠂ ᠨᠡᠩ ᠴᠤ ᠬᠦᠨᠳᠦ ᠬᠠᠷᠢᠭᠤᠴᠠᠯᠭ᠎ᠠ ᠪᠣᠯᠤᠨ᠎ᠠ᠃    2009 ᠣᠨ ᠳᠤ᠂ ᠡᠤ ᠪᠣᠣ ᠯᠦᠩ ᠡᠩ ᠤᠨ ᠮᠡᠷᠭᠡᠵᠢᠯ ᠤᠨ ᠠᠵᠢᠯᠴᠢᠨ ᠪᠣᠯᠤᠭᠰᠠᠨ ᠤ ᠬᠤᠪᠢ ᠳᠤ ᠢᠯᠴᠢ ᠬᠠᠩᠭᠠᠬᠤ ᠠᠵᠢᠯ ᠤᠨ ᠪᠠᠶᠢᠷᠢ ᠳᠤ ᠣᠷᠣᠯᠴᠠᠵᠤ᠂ ᠡᠷᠡᠰ ᠪᠠᠲᠤ ᠪᠠᠲᠤ ᠨᠠᠮᠴᠢ ᠴᠢᠨᠠᠷ ᠤᠨ ᠪᠣᠯᠪᠠᠰᠤᠷᠠᠯ ᠪᠣᠯᠤᠨ ᠯᠠᠪᠳᠠᠭᠤᠨ ᠪᠠᠲᠤᠲᠠᠢ ᠭᠦᠨ ᠵᠤᠵᠠᠭᠠᠨ ᠲᠤᠰᠬᠠᠢ ᠮᠡᠷᠭᠡᠵᠢᠯ ᠢᠶᠠᠷ ᠢᠯᠴᠢ ᠬᠠᠩᠭᠠᠬᠤ ᠨᠢᠭᠡᠳᠦᠭᠡᠷ ᠹᠷᠣᠨᠲ ᠲᠤ ᠡᠷᠡᠯᠬᠡᠭᠯᠡᠨ ᠪᠠᠶᠢᠯᠳᠤᠵᠠᠢ᠃ ᠢᠯᠴᠢ ᠬᠠᠩᠭᠠᠬᠤ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠥᠯᠥᠭᠡ᠂ ᠲᠡᠷᠡ ᠺᠠᠳ᠋ᠷ ᠠᠵᠢᠯᠲᠠᠨ ᠢᠶᠠᠨ ᠢᠳᠡᠪᠬᠢᠲᠡᠢ ᠪᠠᠷ ᠳᠠᠭᠠᠭᠤᠯᠤᠨ ᠮᠡᠷᠭᠡᠵᠢᠯ ᠤᠨ ᠰᠤᠳᠤᠯᠭᠠᠨ ᠳᠤ ᠣᠷᠣᠯᠴᠠᠭᠤᠯᠵᠤ᠂ ᠦᠷᠭᠦᠯᠵᠢ ᠵᠠᠯᠠᠭᠤ ᠺᠠᠳ᠋ᠷ ᠠᠵᠢᠯᠲᠠᠨ ᠲᠠᠢ ᠲᠤᠷᠰᠢᠯᠭ᠎ᠠ ᠪᠠᠨ ᠰᠣᠯᠢᠯᠴᠠᠵᠤ᠂ ᠮᠡᠷᠭᠡᠵᠢᠯ ᠤᠨ ᠵᠢᠯᠣᠭᠤᠳᠣᠯᠭ᠎ᠠ ᠬᠢᠯᠭᠡᠵᠡᠢ᠃    ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠢᠯᠴᠢ ᠰᠣᠯᠢᠯᠴᠠᠬᠤ ᠥᠷᠲᠡᠭᠡ ᠪᠠ ᠢᠯᠴᠢ ᠬᠠᠩᠭᠠᠬᠤ ᠬᠤᠭᠤᠯᠠᠢ ᠶᠢᠨ ᠲᠣᠣᠷ ᠢ ᠪᠦᠬᠦ ᠲᠠᠯ᠎ᠠ ᠪᠠᠷ ᠥᠭᠡᠷᠡᠴᠢᠯᠡᠬᠦ ᠬᠤᠭᠤᠴᠠᠭᠠᠨ ᠳᠤ᠂ ᠦ᠋ ᠪᠦᠦ ᠯᠦᠩ ᠨᠢᠭᠡᠳᠦᠭᠡᠷ ᠹᠷᠣᠨᠲ ᠢ ᠪᠠᠲᠤ ᠰᠠᠬᠢᠵᠤ᠂ ᠺᠠᠳ᠋ᠷ ᠠᠵᠢᠯᠲᠠᠨ ᠠᠵᠢᠯᠴᠢᠨ ᠢᠶᠠᠨ ᠳᠠᠭᠠᠭᠤᠯᠤᠨ GPRS ᠭᠡᠷᠡᠯ ᠰᠢᠷᠬᠡᠭ ᠤᠨ ᠲᠤᠭ᠎ᠠ ᠪᠠᠷᠢᠮᠲᠠ ᠳᠠᠮᠵᠢᠭᠤᠯᠬᠤ ᠰᠢᠰᠲ᠋ᠧᠮ ᠢ ᠣᠷᠣᠭᠤᠯᠤᠨ ᠢᠯᠴᠢ ᠬᠠᠩᠭᠠᠬᠤ ᠶᠢ ᠠᠦ᠋ᠲ᠋ᠣᠴᠢᠯᠠᠨ ᠠᠵᠢᠯᠯᠠᠭᠤᠯᠵᠤ᠂ ᠢᠯᠴᠢ ᠰᠣᠯᠢᠬᠤ 42 ᠥᠷᠲᠡᠭᠡ ᠶᠢᠨ ᠵᠢᠵᠢᠭᠦᠷᠯᠡᠨ ᠰᠠᠬᠢᠬᠤ ᠪᠠ ᠪᠦᠬᠦ ᠲᠠᠯ᠎ᠠ ᠪᠠᠷ ᠳᠡᠰ ᠳᠡᠪᠰᠢᠭᠦᠯᠬᠦ ᠶᠢ ᠠᠮᠵᠢᠯᠲᠠ ᠲᠠᠢ ᠪᠡᠶᠡᠯᠡᠭᠦᠯᠦᠭᠰᠡᠨ ᠪᠥᠭᠡᠳ 35 ᠬᠠᠭᠤᠴᠢᠨ ᠵᠢᠵᠢᠭ ᠲᠣᠭᠤᠷᠢᠭ ᠤᠨ 58 ᠠᠰᠠᠷ ᠤᠨ ᠨᠡᠶᠢᠲᠡ 15 ᠺᠢᠯᠣᠮᠧᠳ᠋ᠷ ᠤᠨ ᠢᠯᠴᠢ ᠬᠠᠩᠭᠠᠬᠤ ᠬᠤᠭᠤᠯᠠᠢ ᠶᠢᠨ ᠲᠣᠣᠷ ᠢ ᠥᠭᠡᠷᠡᠴᠢᠯᠡᠪᠡ᠃ ︽ᠳᠡᠳ᠋ ᠳᠠᠭᠠᠭᠠᠮᠠᠯ ᠦ᠋ ᠪᠦᠦ ᠯᠦᠩ ᠳᠡᠳ᠋ ᠳᠠᠭᠠᠭᠠᠮᠠᠯ ᠡᠳᠦᠷ ᠲᠤᠲᠤᠮ ᠤᠨ ᠠᠵᠢᠯ ᠤᠨ ᠳᠤᠮᠳᠠ᠂ ᠢᠮᠠᠭᠲᠠ ᠪᠡᠶ᠎ᠡ ᠪᠠᠷ ᠢᠶᠠᠨ ᠬᠡᠪ ᠳᠦᠷᠢᠮ ᠪᠣᠯᠵᠣ᠂ ᠡᠯ᠎ᠡ ᠢᠯᠴᠢ ᠬᠠᠩᠭᠠᠬᠤ ᠭᠠᠵᠠᠷ ᠤᠨ ᠠᠵᠢᠯᠲᠠᠨ ᠢ ᠳᠠᠭᠠᠭᠤᠯᠤᠨ ᠢᠯᠴᠢ ᠬᠡᠷᠡᠭᠯᠡᠬᠦ ᠡᠷᠦᠬᠡ ᠳᠤ ᠭᠦᠨᠵᠡᠭᠡᠶᠢᠷᠡᠵᠦ᠂ ᠣᠯᠠᠨ ᠲᠦᠮᠡᠨ ᠤ ᠢᠯᠴᠢ ᠬᠠᠩᠭᠠᠬᠤ ᠬᠦᠴᠢᠷ ᠠᠰᠠᠭᠤᠳᠠᠯ ᠢ ᠰᠢᠢᠳᠪᠦᠷᠢᠯᠡᠵᠦ ᠥᠭᠪᠡ︔ ᠵᠢᠯ ᠪᠦᠷᠢ ᠶᠢᠨ ᠵᠤᠨ ᠤ ᠤᠯᠠᠷᠢᠯ ᠤᠨ ᠪᠠᠶᠢᠴᠠᠭᠠᠨ ᠵᠠᠰᠠᠬᠤ ᠬᠤᠭᠤᠴᠠᠭᠠᠨ ᠳᠤ᠂ ᠲᠡᠷᠡ ᠨᠡᠩ ᠴᠤ ᠬᠤᠭᠤᠯᠠᠢ ᠶᠢᠨ ᠲᠣᠣᠷ ᠢ ᠰᠡᠯᠪᠢᠨ ᠵᠠᠰᠠᠵᠤ ᠬᠠᠮᠠᠭᠠᠯᠠᠬᠤ᠂ ᠲᠥᠬᠦᠭᠡᠷᠦᠮᠵᠢ ᠤᠭᠰᠠᠷᠠᠬᠤ ᠵᠡᠷᠭᠡ ᠵᠠᠩᠭᠢᠯᠠᠭ᠎ᠠ ᠶᠢᠨ ᠭᠤᠭᠴᠤᠭ᠎ᠠ ᠪᠠᠶᠢᠵᠤ᠂ ᠪᠠᠷᠢᠯᠭ᠎ᠠ ᠶᠢᠨ ᠶᠠᠰᠤ ᠴᠢᠨᠠᠷ ᠢ ᠴᠢᠩᠭ᠎ᠠ ᠡᠵᠡᠮᠳᠡᠵᠦ᠂ ᠠᠵᠢᠯ ᠨᠢᠭᠡᠪᠦᠷᠢ ᠶᠢ ᠴᠥᠮ ᠪᠠᠷᠢᠮᠵᠢᠶ᠎ᠠ ᠳᠤ ᠬᠦᠷᠦᠭᠦᠯᠬᠦ ᠶᠢ ᠦᠨᠡᠨ ᠬᠦ ᠪᠠᠲᠤᠯᠠᠪᠠ︾  ᠬᠡᠵᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠦᠩ ᠶᠤᠸᠠᠨ ᠢᠯᠴᠢ ᠶᠢᠨ ᠬᠦᠴᠦᠨ ᠤ ᠬᠢᠵᠠᠭᠠᠷᠲᠤ ᠺᠣᠮᠫᠠᠨᠢ ᠶᠢᠨ ᠢᠯᠴᠢ ᠬᠠᠩᠭᠠᠬᠤ ᠨᠢᠭᠡᠳᠦᠭᠡᠷ ᠭᠠᠵᠠᠷ ᠤᠨ ᠳᠠᠷᠤᠭ᠎ᠠ ᠬᠣ᠋ ᠢᠦᠢ ᠭᠠᠩ ᠬᠡᠯᠡᠪᠡ᠃    ᠡᠪᠦᠯ ᠤᠨ ᠤᠯᠠᠷᠢᠯ ᠤᠨ ᠢᠯᠴᠢ ᠬᠠᠩᠭᠠᠬᠤ ᠶᠢ ᠪᠠᠲᠤᠯᠠᠬᠤ᠂ ᠵᠤᠨ ᠤ ᠤᠯᠠᠷᠢᠯ ᠤᠨ ᠬᠦᠴᠦᠷᠬᠡᠭ ᠢ ᠪᠠᠶᠢᠴᠠᠭᠠᠨ ᠵᠠᠰᠠᠵᠤ᠂ ᠢᠯᠴᠢ ᠬᠠᠩᠭᠠᠬᠤ ᠠᠵᠢᠯ ᠤᠨ ᠪᠠᠶᠢᠷᠢ ᠶᠢ 16 ᠵᠢᠯ ᠡᠷᠬᠢᠯᠡᠪᠡ᠂ ᠦ᠋ ᠪᠦᠦ ᠯᠦᠩ ᠬᠠᠮᠲᠤ ᠠᠵᠢᠯᠯᠠᠭᠰᠠᠳ ᠢ ᠢᠯᠴᠢ ᠬᠠᠩᠭᠠᠬᠤ ᠪᠠᠲᠤᠯᠠᠭ᠎ᠠ ᠶᠢᠨ ︽ᠠᠮᠢᠳᠤ ᠭᠠᠵᠠᠷ ᠤᠨ ᠵᠢᠷᠤᠭ︾ ᠭᠡᠳᠡᠭ᠃ ᠡᠪᠦᠯ ᠤᠨ ᠤᠯᠠᠷᠢᠯ ᠤᠨ ᠢᠯᠴᠢ ᠬᠠᠩᠭᠠᠬᠤ ᠬᠤᠭᠤᠴᠠᠭᠠᠨ ᠳᠤ᠂ ᠲᠡᠷᠡ ᠠᠵᠢᠯᠲᠠᠨ ᠢᠶᠠᠨ ᠳᠠᠭᠠᠭᠤᠯᠤᠨ 42 ᠢᠯᠴᠢ ᠰᠣᠯᠢᠬᠤ ᠥᠷᠲᠡᠭᠡ᠂ 696 ᠬᠤᠶᠠᠳᠤᠭᠠᠷ ᠤᠳᠠᠭᠠᠨ ᠤ ᠰᠦᠯᠵᠢᠶᠡᠨ ᠤ ᠨᠡᠭᠡᠯᠡᠬᠡᠢ ᠬᠤᠳᠳᠤᠭ ᠪᠣᠯᠤᠨ 800 ᠠᠰᠠᠷ ᠤᠨ ᠬᠤᠭᠤᠯᠠᠢ ᠶᠢᠨ ᠬᠤᠳᠳᠤᠭ ᠢ ᠨᠠᠷᠢᠯᠢᠭ ᠲᠣᠬᠢᠷᠠᠭᠤᠯᠤᠨ ᠲᠤᠷᠰᠢᠵᠤ᠂ ᠲᠥᠬᠦᠭᠡᠷᠦᠮᠵᠢ ᠳᠠᠷᠠᠭᠠᠯᠠᠨ ᠪᠠᠶᠢᠴᠠᠭᠠᠵᠤ᠂ ᠨᠡᠭᠡᠯᠡᠬᠡᠢ ᠳᠠᠷᠠᠭᠠᠯᠠᠨ ᠬᠠᠷᠭᠤᠭᠤᠯᠵᠤ᠂ ᠢᠯᠴᠢ ᠬᠠᠩᠭᠠᠬᠤ ᠦᠷ᠎ᠡ ᠪᠦᠲᠦᠮᠵᠢ ᠶᠢ ᠨᠥᠯᠥᠭᠡᠯᠡᠵᠦ ᠮᠡᠳᠡᠬᠦ ᠶᠠᠮᠠᠷᠪᠠ ᠭᠤᠭᠴᠤᠭ᠎ᠠ ᠶᠢ ᠴᠤ ᠲᠠᠯᠪᠢᠵᠤ ᠭᠠᠷᠭᠠᠬᠤ ᠦᠭᠡᠢ ᠪᠠᠶᠢᠪᠠ᠃ ᠠᠷᠠᠳ ᠤᠨ ᠰᠠᠨᠠᠯ ᠢ ᠰᠣᠨᠣᠰᠴᠤ᠂ ᠠᠷᠠᠳ ᠤᠨ ᠵᠣᠪᠠᠭᠤᠷᠢ ᠶᠢ ᠨᠡᠩ ᠰᠠᠶᠢᠲᠤᠷ ᠰᠢᠢᠳᠪᠦᠷᠢᠯᠡᠬᠦ ᠶᠢᠨ ᠲᠥᠯᠥᠭᠡ᠂ ᠦ᠋ ᠪᠦᠦ ᠯᠦᠩ ᠰᠠᠨᠠᠭᠠᠴᠢᠯᠠᠭ᠎ᠠ ᠠᠴᠠ ᠪᠠᠨ ᠢᠯᠴᠢ ᠬᠡᠷᠡᠭᠯᠡᠬᠦ ᠡᠷᠦᠬᠡ ᠳᠤ ᠭᠦᠨᠵᠡᠭᠡᠶᠢᠷᠡᠨ ᠰᠤᠷᠪᠤᠯᠵᠢᠯᠠᠵᠤ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠪᠣᠯᠤᠨ ᠭᠡᠷ ᠳᠣᠲᠣᠷᠠᠬᠢ ᠳᠤᠯᠠᠭᠠᠯᠠᠭ᠎ᠠ ᠶᠢᠨ ᠪᠠᠶᠢᠳᠠᠯ ᠢ ᠣᠶᠢᠯᠠᠭᠠᠵᠤ᠂ ᠲᠤᠬᠠᠢ ᠶᠢᠨ ᠲᠠᠯᠠᠪᠠᠢ ᠳᠤ ᠰᠠᠭᠤᠭᠠᠯᠢ ᠠᠷᠠᠳ ᠤᠨ ᠢᠯᠴᠢ ᠬᠠᠩᠭᠠᠬᠤ ᠠᠰᠠᠭᠤᠳᠠᠯ ᠤᠨ ᠲᠤᠬᠠᠢ ᠮᠠᠳᠠᠭ ᠲᠠᠢ ᠠᠰᠠᠭᠤᠳᠠᠯ ᠢ ᠬᠠᠷᠢᠭᠤᠯᠵᠤ᠂ ᠢᠯᠴᠢ ᠬᠠᠩᠭᠠᠬᠤ ᠳᠤ ᠣᠷᠣᠰᠢᠵᠤ ᠪᠠᠶᠢᠭ᠎ᠠ ᠠᠰᠠᠭᠤᠳᠠᠯ ᠢ ᠪᠣᠳᠠᠲᠠᠢ ᠰᠢᠢᠳᠪᠦᠷᠢᠯᠡᠵᠦ᠂ 2600 ᠭᠠᠷᠤᠢ ᠤᠳᠠᠭ᠎ᠠ ᠡᠷᠦᠬᠡ ᠳᠤ ᠬᠦᠷᠴᠦ ᠰᠤᠷᠪᠤᠯᠵᠢᠯᠠᠵᠤ᠂ ᠢᠯᠴᠢ ᠬᠠᠩᠭᠠᠬᠤ ᠦᠢᠯᠡᠴᠢᠯᠡᠭᠡ ᠶᠢ ᠦᠨᠡᠨᠬᠦ ᠠᠷᠠᠳ ᠤᠨ ᠰᠡᠳᠬᠢᠯ ᠳᠤ ᠬᠦᠷᠭᠡᠵᠤ᠂ ᠲᠡᠷᠡ ᠦᠷᠭᠦᠯᠵᠢᠯᠡᠨ ᠢᠯᠴᠢ ᠬᠠᠩᠭᠠᠬᠤ ᠵᠠᠮ ᠳᠡᠭᠡᠷ᠎ᠡ ᠡᠷᠡᠮᠡᠬᠡᠶᠢᠯᠡᠨ ᠤᠷᠤᠭᠰᠢᠯᠠᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号