ᠶᠢᠨ ᠵᠤᠸᠠᠩ᠄ ᠬᠤᠲᠠ ᠶᠢᠨ ᠳᠦᠷᠢ ᠳᠦᠷᠬᠦ ᠶᠢ ᠠᠷᠴᠢᠨ ᠴᠡᠪᠡᠷᠯᠡᠨ᠎ᠡ
ᠨᠡᠶᠢᠲᠡᠯᠡᠭᠰᠡᠨ ᠴᠠᠭ᠄
2025/5/6
    13 ᠵᠢᠯ ᠤᠨ ᠬᠠᠬᠢᠷ ᠬᠦᠢᠲᠡᠨ ᠨᠠᠭᠠᠰᠢ ᠲᠡᠷᠡ ᠱᠦᠭᠦᠷ ᠢᠶᠠᠷ ᠬᠤᠲᠠ ᠶᠢᠨ ᠤᠷᠲᠤᠷᠢᠭ ᠥᠷᠭᠡᠷᠢᠭ ᠤᠨ ᠬᠥᠯᠥᠰᠥ ᠪᠠᠷ ᠪᠣᠯᠪᠠᠰᠤᠨ ᠴᠡᠴᠡᠭ ᠢ ᠤᠰᠤᠯᠠᠵᠤ᠂ ᠡᠭᠡᠯ ᠵᠢᠷ ᠤᠨ ᠠᠵᠢᠯ ᠤᠨ ᠪᠠᠶᠢᠷᠢ ᠳᠡᠭᠡᠷ᠎ᠡ ᠰᠢᠨ᠎ᠡ ᠴᠠᠭ ᠦᠶ᠎ᠡ ᠶᠢᠨ ᠬᠥᠳᠡᠯᠮᠦᠷᠢᠴᠢᠳ ᠤᠨ ᠡᠷᠡᠯᠬᠡᠭᠯᠡᠨ ᠤᠷᠤᠭᠰᠢᠯᠠᠬᠤ ᠬᠥᠭᠵᠢᠮ ᠤᠨ ᠪᠠᠭᠠᠨ᠎ᠠ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠢ ᠳᠠᠭᠠᠭᠤᠯᠤᠨ ᠪᠠᠶᠢᠰᠢᠩ ᠲᠣᠭᠤᠷᠢᠭ ᠲᠤ ᠱᠦᠭᠦᠷᠳᠡᠨ ᠴᠡᠪᠡᠷᠯᠡᠪᠡ᠃    ︽5 · 1︾ ᠤ ᠠᠮᠠᠷᠠᠯᠲᠠ ᠳᠤ ᠬᠥᠮᠦᠰ ᠰᠤᠯᠠ ᠰᠡᠯᠡᠭᠦᠦ ᠴᠠᠭ ᠮᠥᠴᠡ ᠶᠢ ᠡᠳ᠋ᠯᠡᠬᠦ ᠦᠶ᠎ᠡ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠶᠡᠭᠡ ᠵᠡᠭᠡᠯᠢ ᠵᠢᠵᠢᠭ ᠭᠤᠳᠤᠮᠵᠢ ᠳᠤ᠂ ᠶᠢᠨ ᠵᠤᠸᠠᠩ ᠶᠢᠨ ᠶᠠᠭᠠᠷᠠᠯᠲᠠᠢ ᠪᠠᠷ᠎ᠠ ᠶᠢ ᠣᠯᠵᠤ ᠬᠠᠷᠠᠳᠠᠭ ᠶᠤᠮ᠃ ᠲᠡᠷᠡ ᠪᠠᠭᠠᠵᠢ ᠬᠡᠷᠡᠭᠰᠡᠯ ᠢᠶᠠᠨ ᠠᠪᠴᠤ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠢ ᠳᠠᠭᠠᠭᠤᠯᠤᠨ ᠵᠠᠮ ᠴᠡᠪᠡᠷᠯᠡᠨ᠂ ᠠᠷᠢᠭᠤᠨ ᠴᠡᠪᠡᠷ ᠤᠨ ᠮᠤᠬᠤᠷ ᠪᠤᠯᠤᠩ ᠢ ᠴᠡᠪᠡᠷᠯᠡᠵᠦ᠂ ᠵᠢᠵᠢᠭ ᠰᠠᠵᠢᠭ ᠵᠦᠢᠯ ᠨᠢᠭᠡ ᠴᠦ ᠦᠭᠡᠢ᠃ ᠲᠡᠭᠦᠨ ᠲᠠᠢ ᠮᠥᠷᠥ ᠵᠡᠷᠭᠡᠴᠡᠨ ᠣᠯᠠᠨ ᠵᠢᠯ ᠪᠠᠶᠢᠯᠳᠤᠭᠠᠳ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠵᠢᠯᠴᠢᠳ ᠪᠦᠷ ᠠᠯᠲᠠᠨ ᠪᠠᠭᠠᠨ᠎ᠠ ᠶᠢ ᠪᠢᠰᠢᠷᠡᠵᠦ ᠪᠠᠶᠢᠪᠠ᠃ ︽ᠠᠯᠲᠠᠨ ᠭᠠᠳᠠᠰᠤ ᠠᠵᠢᠯ ᠬᠢᠬᠦ ᠣᠨᠴᠠᠭᠠᠢ ᠲᠡᠮᠡᠴᠡᠯᠳᠦᠵᠦ᠂ ᠬᠡᠳᠦᠢ ᠪᠤᠵᠠᠷ ᠪᠤᠷᠲᠠᠭ ᠬᠡᠳᠦᠢ ᠵᠦᠳᠡᠷᠡᠯᠲᠡᠢ ᠪᠠᠶᠢᠭᠰᠠᠨ ᠴᠤ ᠲᠡᠷᠡ ᠳᠠᠩᠳᠠ ᠲᠦᠷᠦᠭᠦᠯᠡᠨ ᠬᠢᠳᠡᠭ᠃ ᠲᠡᠷᠡ ᠪᠢᠳᠡᠨ ᠳᠤ ᠠᠵᠢᠯ ᠬᠢᠬᠦ ᠳᠤ ᠨᠡᠩ ᠬᠦᠴᠦᠲᠡᠢ ᠶᠤᠮ︾ ᠭᠡᠪᠡ᠃ ᠣᠷᠴᠢᠨ ᠲᠤᠬᠤᠷᠢᠨ ᠤ ᠬᠠᠮᠠᠬᠠᠯᠠᠯᠲᠠ ᠶᠢᠨ ᠠᠵᠢᠯᠴᠢᠨ ᠨᠢᠶᠧ ᠮᠠᠨ ᠱᠧᠩ ᠬᠡᠯᠡᠭᠰᠡᠨ ᠨᠢ᠃ ᠰᠠᠶ᠋ᠢᠬᠠᠨ ᠵᠠᠮ ᠤᠨ ᠬᠡᠰᠡᠭ ᠢ ᠴᠡᠪᠡᠷᠯᠡᠭᠡ ᠳᠠᠭᠤᠰᠬᠠᠪᠠ᠂ ᠶᠢᠨ ᠵᠤᠸᠠᠩ ᠵᠣᠭᠰᠣᠯ ᠦᠭᠡᠢ ᠠᠯᠪᠠᠨ ᠭᠡᠷ ᠲᠤ ᠪᠠᠨ ᠪᠤᠴᠠᠵᠤ᠂ ᠠᠰᠠᠷ ᠤᠨ ᠲᠣᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠩᠭᠢ ᠶᠢᠨ ᠳᠠᠷᠤᠭ᠎ᠠ ᠶᠢ ᠴᠤᠭᠯᠠᠭᠤᠯᠤᠨ ︽5.1︾ ᠤ ᠠᠮᠠᠷᠠᠯᠲᠠ ᠶᠢᠨ ᠬᠤᠭᠤᠴᠠᠭᠠᠨ ᠳᠤ ᠴᠡᠪᠡᠷᠯᠡᠭᠡ ᠬᠢᠬᠦ ᠡᠭᠦᠷᠭᠡ ᠶᠢ ᠪᠠᠶᠢᠷᠢᠯᠠᠭᠤᠯᠪᠠ᠃ ᠭᠤᠣᠯᠳᠠᠯᠭ᠎ᠠ ᠲᠠᠢ ᠣᠷᠣᠨ ᠪᠦᠰᠡ ᠶᠢᠨ ᠠᠷᠢᠭᠤᠨ ᠴᠡᠪᠡᠷ ᠢ ᠬᠠᠮᠠᠭᠠᠯᠠᠬᠤ ᠠᠵᠢᠯ ᠢ ᠴᠢᠩᠭᠠᠳᠬᠠᠵᠤ᠂ ᠬᠥᠮᠦᠰ ᠢ ᠵᠦᠢ ᠵᠣᠬᠢᠰᠲᠠᠢ ᠲᠣᠬᠢᠷᠠᠭᠤᠯᠬᠤ ᠬᠦᠷᠲᠡᠯ᠎ᠡ᠂ ᠲᠡᠷᠡ ᠴᠥᠮ ᠨᠠᠷᠢᠨ ᠨᠢᠮᠪᠠᠢ ᠲᠣᠬᠢᠷᠠᠭᠤᠯᠪᠠ᠃ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯ ᠤᠨ ᠳᠠᠭᠠᠭᠤᠯᠤᠭᠴᠢ ᠪᠣᠯᠤᠭᠰᠠᠨ ᠤ ᠬᠤᠪᠢ ᠳᠤ᠂ ᠠᠯᠲᠠᠨ ᠪᠠᠭᠠᠨ᠎ᠠ ᠨᠢ ᠬᠠᠷᠢᠭᠤᠴᠠᠯᠭ᠎ᠠ ᠬᠦᠨᠳᠦ ᠭᠡᠳᠡᠭ ᠢ ᠭᠦᠨ ᠣᠶᠢᠯᠠᠭᠠᠪᠠ᠃ ᠡᠩ ᠤᠨ ᠡᠳᠦᠷ ᠤᠳ ᠲᠤ᠂ ᠲᠡᠷᠡ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯ ᠤᠨ ᠪᠠᠷᠢᠮᠵᠢᠶ᠎ᠠ ᠪᠠ ᠬᠠᠮᠢᠶᠠᠷᠤᠯᠲᠠ ᠶᠢᠨ ᠳᠦᠷᠢᠮ ᠢ ᠲᠦᠷᠦᠭᠦᠯᠡᠨ ᠲᠣᠭᠲᠠᠭᠠᠵᠤ᠂ ᠲᠤᠤᠷᠴᠢᠯᠠᠭᠰᠠᠨ ᠬᠠᠮᠢᠶᠠᠷᠤᠯᠲᠠ ᠶᠢ ᠲᠦᠯᠬᠢᠨ ᠠᠬᠢᠭᠤᠯᠵᠤ᠂ ᠪᠠᠰᠠ ᠠᠶᠤᠯ ᠦᠭᠡᠢ ᠦᠢᠯᠡᠳᠪᠦᠷᠢᠯᠡᠯ ᠤᠨ ᠪᠠᠷᠢᠮᠵᠢᠶᠠᠵᠢᠭᠤᠯᠬᠤ ᠰᠢᠰᠲ᠋ᠧᠮ ᠢ ᠪᠠᠶᠢᠭᠤᠯᠵᠤ᠂ ᠠᠮᠤᠷ ᠲᠦᠪᠰᠢᠨ ᠤ ᠪᠣᠯᠪᠠᠰᠤᠷᠠᠭᠤᠯᠤᠯ ᠵᠡᠷᠭᠡ ᠠᠵᠢᠯ ᠢ ᠪᠠᠶᠢᠩᠭᠤᠵᠢᠭᠤᠯᠤᠨ ᠥᠷᠨᠢᠭᠦᠯᠪᠡ᠃ ᠲᠡᠭᠦᠨ ᠤ ᠴᠢᠷᠮᠠᠶᠢᠯᠭ᠎ᠠ ᠳᠣᠣᠷ᠎ᠠ᠂ ᠲᠡᠭᠦᠨ ᠤ ᠪᠠᠶᠢᠭ᠎ᠠ ᠣᠷᠣᠨ ᠪᠦᠰᠡ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠶᠠᠰᠤ ᠴᠢᠨᠠᠷ ᠢᠯᠡᠳ᠋ᠲᠡ ᠳᠡᠭᠡᠭᠰᠢᠯᠡᠪᠡ᠃ ᠶᠢᠨ ᠵᠤᠸᠠᠩ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠢ ᠵᠣᠬᠢᠶᠠᠨ ᠪᠠᠶᠢᠭᠤᠯᠵᠤ ᠴᠡᠪᠡᠷᠯᠡᠭᠰᠡᠨ ᠤ ᠬᠠᠮᠲᠤ ᠡᠭᠦᠷᠭᠡ ᠶᠢᠨ ᠲᠣᠭᠤᠷᠢᠭ ᠬᠤᠪᠢᠶᠠᠷᠢᠯᠠᠪᠠ᠃    ᠣᠯᠠᠨ ᠵᠢᠯ ᠤᠨ ᠲᠤᠷᠰᠢ᠂ ᠠᠯᠳᠠᠨ ᠱᠣᠩ ᠨᠢ ᠣᠷᠴᠢᠨ ᠲᠣᠭᠤᠷᠢᠨ ᠤ ᠠᠷᠢᠭᠤᠨ ᠴᠡᠪᠡᠷ ᠤᠨ ᠦᠢᠯᠡᠰ ᠲᠤ ᠦᠵᠡᠭᠦᠯᠦᠭᠰᠡᠨ ᠬᠠᠶᠢᠷ᠎ᠠ ᠰᠡᠳᠬᠢᠯᠭᠡ ᠪᠣᠯᠤᠨ ᠭᠠᠷᠮᠠᠭᠠᠢ ᠠᠵᠢᠯ ᠤᠨ ᠢᠯᠡᠷᠡᠯ ᠢᠶᠠᠷ ᠢᠶᠠᠨ ᠮᠠᠰᠢ ᠣᠯᠠᠨ ᠢᠷᠠᠭᠤ ᠠᠯᠳᠠᠷ ᠣᠯᠵᠠᠢ᠃ ᠲᠡᠷᠡ ᠤᠷᠢᠳ ᠬᠤᠵᠢᠳ ︽ᠥᠪᠡᠷᠲᠡᠭᠡᠨ ᠵᠠᠰᠠᠬᠤ ᠣᠷᠣᠨ ᠤ ᠲᠠᠪᠤᠨ ᠰᠠᠷ᠎ᠠ ᠶᠢᠨ ᠨᠢᠭᠡᠨ ᠤ ᠬᠥᠳᠡᠯᠮᠦᠷᠢ ᠶᠢᠨ ᠱᠠᠩᠨᠠᠯ︾᠂ ︽ᠪᠦᠬᠦ ᠣᠷᠣᠨ ᠤ ᠬᠠᠮᠤᠭ ᠤᠨ ᠭᠤᠶᠣ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠵᠢᠯᠴᠢᠨ︾᠂ ︽ᠰᠢᠯᠢᠳᠡᠭ ᠠᠵᠢᠯᠲᠠᠨ︾ ᠵᠡᠷᠭᠡ ᠢᠷᠠᠭᠤ ᠠᠯᠳᠠᠷ ᠢ ᠬᠦᠷᠲᠡᠪᠡ᠃ ᠶᠢᠨ ᠵᠤᠸᠠᠩ ᠨᠢᠭᠡ ᠡᠳᠦᠷ ᠳᠠᠬᠢᠨ ᠨᠢᠭᠡ ᠡᠳᠦᠷ ᠪᠠᠲᠤ ᠰᠠᠬᠢᠬᠤ ᠪᠠ ᠬᠦᠴᠦ ᠬᠥᠳᠡᠯᠮᠦᠷᠢ ᠵᠠᠷᠤᠴᠠᠭᠤᠯᠵᠤ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯ ᠤᠨ ᠪᠠᠶᠢᠷᠢ ᠳᠡᠭᠡᠷ᠎ᠡ ᠶᠡᠷᠦ ᠪᠤᠰᠤ ᠶᠢᠨ ᠬᠠᠭᠤᠳᠠᠰᠤ ᠶᠢ ᠪᠢᠴᠢᠭᠯᠡᠵᠦ᠂ ᠬᠥᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ ᠶᠢ ︽5 · 1︾ ᠤ ᠬᠥᠳᠡᠯᠮᠦᠷᠢᠴᠢᠳ ᠤᠨ ᠪᠠᠶᠠᠷ ᠤᠨ ᠭᠡᠷᠡᠯ ᠰᠠᠴᠤᠷᠠᠩᠭᠤᠢ ᠳᠣᠣᠷ᠎ᠠ ᠨᠡᠩ ᠭᠡᠷᠡᠯ ᠰᠠᠴᠤᠷᠠᠩᠭᠤᠢ ᠪᠣᠯᠭᠠᠪᠠ᠃ ᠢᠷᠠᠭᠤ ᠠᠯᠳᠠᠷ ᠤᠨ ᠲᠤᠬᠠᠢ ᠶᠠᠷᠢᠬᠤ ᠳᠤ᠂ ᠶᠢᠨ ᠵᠤᠸᠠᠩ᠄ ︽ᠡᠨᠡ ᠬᠦ ᠢᠷᠠᠭᠤ ᠠᠯᠳᠠᠷ ᠪᠣᠯ ᠦᠨᠡᠨ ᠳᠤ ᠪᠠᠨ ᠮᠥᠷᠥ ᠵᠡᠷᠭᠡᠴᠡᠨ ᠲᠡᠮᠡᠴᠡᠬᠦ ᠬᠠᠮᠲᠤ ᠠᠵᠢᠯᠯᠠᠭᠴᠢ ᠨᠢᠭᠡᠪᠦᠷᠢ ᠳᠤ ᠲᠣᠭᠠᠴᠠᠭᠳᠠᠨ᠎ᠠ᠂ ︿ᠨᠠᠷᠢᠯᠢᠭ ᠨᠢᠮᠪᠠᠢ﹀ ᠭᠡᠳᠡᠭ ᠪᠣᠯ ᠪᠢᠳᠡᠨ ᠤ ᠢᠮᠠᠭᠲᠠ ᠪᠠᠲᠤ ᠰᠠᠬᠢᠵᠤ ᠪᠠᠶᠢᠭᠰᠠᠨ ᠪᠠᠷᠢᠮᠵᠢᠶ᠎ᠠ ᠪᠣᠯᠤᠨ᠎ᠠ᠃ ᠬᠤᠶᠢᠰᠢᠳᠠ ᠪᠢ ᠪᠠᠰᠠ ᠨᠡᠩ ᠥᠨᠳᠥᠷ ᠪᠠᠷᠢᠮᠵᠢᠶ᠎ᠠ ᠪᠠᠷ ᠥᠪᠡᠷ ᠢ ᠪᠠᠨ ᠱᠠᠭᠠᠷᠳᠠᠵᠤ᠂ ᠬᠠᠮᠲᠤ ᠠᠵᠢᠯᠯᠠᠭᠰᠠᠳ ᠲᠠᠢ ᠪᠠᠨ ᠪᠦᠯᠬᠦᠮᠳᠡᠵᠦ᠂ ᠬᠠᠮᠲᠤ ᠪᠠᠷ ᠦᠵᠡᠰᠬᠦᠯᠡᠩᠲᠦ ᠰᠠᠶᠢᠬᠠᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠶᠢ ᠴᠢᠷᠮᠠᠶᠢᠨ ᠪᠦᠲᠦᠭᠡᠨ ᠪᠠᠶᠢᠭᠤᠯᠤᠨ᠎ᠠ︾ ᠭᠡᠵᠦ ᠬᠡᠯᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号