ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠦᠵᠡᠯ ᠰᠠᠨᠠᠭ᠎ᠠ ᠤᠯᠤᠰ ᠲᠥᠷᠥ ᠶᠢᠨ | ᠵᠢᠯᠣᠭᠤᠳᠣᠯᠭ᠎ᠠ ᠶᠢ ᠴᠢᠩᠭᠠᠳᠬᠠᠬᠤ ᠲᠤᠰᠬᠠᠶ ᠰᠡᠳᠦᠪᠲᠦ ᠪᠣᠯᠪᠠᠰᠤᠷᠠᠯ ᠬᠥᠬᠡᠬᠤᠲᠠ ᠳᠤ ᠶᠠᠪᠤᠭᠳᠠᠪᠠ᠃ | ᠪᠣᠯᠪᠠᠰᠤᠷᠠᠯ ᠳᠤ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠡᠰᠡᠭ | ᠲᠦᠯᠦᠭᠡᠯᠡᠭᠴᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠡᠰᠡᠭ | ᠲᠥᠯᠥᠭᠡᠯᠡᠭᠴᠢ 80 ᠭᠠᠷᠤᠢ ᠬᠥᠮᠦᠨ ᠠᠬᠤᠢ ᠲᠠᠯᠠᠪᠠᠢ ᠶᠢᠨ ᠪᠣᠯᠪᠠᠰᠤᠷᠠᠯ ᠳᠤ ᠣᠷᠣᠯᠴᠠᠵᠠᠶ᠃ ᠠᠷᠪᠠᠨ | ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠭᠡᠰᠢᠭᠦᠨ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠲᠥᠯᠥᠭᠡᠯᠡᠭᠴᠢᠳ ᠤᠨ ᠠᠵᠢᠯ ᠤᠨ ᠵᠥᠪᠯᠡᠯ ᠤᠨ ᠡᠷᠬᠢᠯᠡᠭᠴᠢ ᠭᠦᠸᠧ ᠵᠧᠨ ᠬᠤᠸᠠ ᠶᠢ | ᠤᠷᠢᠵᠤ ︽ᠲᠥᠯᠥᠭᠡᠯᠡᠭᠴᠢ ᠶᠢᠨ ᠬᠠᠤᠯᠢ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ ᠲᠥᠯᠥᠭᠡᠯᠡᠭᠴᠢᠳ ᠤᠨ | ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠶᠢ ᠯᠠᠪᠳᠠᠭᠤᠨ ᠪᠠᠲᠤᠲᠠᠶ ᠠᠬᠢᠭᠤᠯᠤᠶ᠎ᠠ︾ ᠭᠡᠬᠦ | ᠲᠤᠰᠬᠠᠶ ᠰᠡᠳᠦᠪᠲᠦ ᠲᠠᠶᠢᠯᠤᠮᠵᠢ ᠬᠢᠯᠭᠡᠪᠡ᠃ ᠲᠠᠶᠢᠯᠤᠮᠵᠢ ᠨᠢ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ | ᠲᠥᠯᠥᠭᠡᠯᠡᠭᠴᠢ ᠶᠢᠨ ᠬᠠᠤᠯᠢ︾ ᠢᠢᠨ ᠲᠣᠭᠤᠷᠢᠨ ᠳᠤ᠂ ᠶᠡᠷᠦᠩᠬᠡᠶ ᠱᠦᠵᠢ ᠰᠢ ᠶᠢᠨ ᠫᠢᠩ ᠤᠨ ᠲᠥᠯᠥᠭᠡᠯᠡᠭᠴᠢ ᠶᠢᠨ | ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠲᠥᠯᠥᠭᠡᠯᠡᠭᠴᠢ ᠶᠢᠨ | ᠬᠠᠤᠯᠢ︾ ᠳ᠋ᠧ ᠵᠠᠰᠠᠪᠤᠷᠢ ᠣᠷᠣᠭᠤᠯᠤᠭᠰᠠᠨ ᠠᠬᠤᠶ ᠪᠠᠶᠢᠳᠠᠯ᠂ ᠠᠴᠢ ᠬᠤᠯᠪᠣᠭᠳᠠᠯ ᠵᠢᠴᠢ ᠭᠤᠤᠯ ᠠᠭᠤᠯᠭ᠎ᠠ᠂ ︽ | ᠲᠥᠯᠥᠭᠡᠯᠡᠭᠴᠢ ᠶᠢᠨ ᠬᠠᠤᠯᠢ︾ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠬᠡᠷᠡᠭᠵᠢᠭᠦᠯᠬᠦ ᠵᠡᠷᠭᠡ 3 ᠲᠠᠯ᠎ᠠ ᠠᠴᠠ | ᠰᠢᠰᠲ᠋ᠧᠮ ᠲᠠᠢ ᠲᠣᠳᠣᠷᠬᠠᠶᠢᠯᠠᠨ ᠥᠭᠦᠯᠡᠵᠦ᠂ ᠲᠥᠯᠥᠭᠡᠯᠡᠭᠴᠢᠳ ᠤᠨ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠭᠡᠭᠰᠡᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠵᠢᠯᠣᠭᠤᠳᠣᠯᠭ᠎ᠠ ᠬᠢᠪᠡ᠃ | ᠪᠣᠯᠪᠠᠰᠤᠷᠠᠯ ᠳᠤ ᠪᠠᠰᠠ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ ᠨᠣᠮ ᠤᠨ ᠰᠠᠩ᠂ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠰᠢᠨᠵᠢᠯᠡᠬᠦ ᠤᠬᠠᠭᠠᠨ ᠤ ᠬᠤᠯᠪᠣᠭ᠎ᠠ | ᠂ ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠲᠤᠰᠬᠠᠶ ᠮᠡᠷᠭᠡᠵᠢᠯᠲᠡᠳ ᠢ ᠤᠷᠢᠵᠤ᠂ ᠶᠡᠷᠦᠩᠬᠡᠶ ᠱᠦᠵᠢ | ᠰᠢ ᠶᠢᠨ ᠫᠢᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠪᠠᠷᠢᠮᠲᠠᠯᠠᠨ | ᠲᠡᠭᠦᠯᠳᠡᠷᠵᠢᠭᠦᠯᠬᠦ ᠲᠤᠬᠠᠶ ᠴᠢᠬᠤᠯᠠ ᠦᠵᠡᠯ ᠰᠠᠨᠠᠭ᠎ᠠ ᠵᠢᠴᠢ ᠨᠠᠮ ᠤᠨ ᠬᠤᠷᠢᠳᠤᠭᠠᠷ ᠬᠤᠭᠤᠴᠠᠭᠠᠨ ᠤ ᠲᠥᠪ | ᠬᠤᠷᠢᠶ᠎ᠠ ᠶᠢᠨ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠳᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ | ᠪᠢᠴᠢᠭᠯᠡᠬᠦ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠣᠷᠳᠣ ᠬᠤᠭᠤᠴᠠᠭ᠎ᠠ ᠪᠠᠷ ᠪᠦᠲᠦᠮᠵᠢᠲᠡᠶ | ᠭᠦᠨᠵᠡᠭᠡᠶᠢᠷᠡᠭᠦᠯᠦᠨ ᠨᠠᠶᠢᠳᠠᠪᠤᠷᠢᠵᠢᠭᠤᠯᠬᠤ ᠵᠡᠷᠭᠡ ᠠᠭᠤᠯᠭ᠎ᠠ ᠶᠢᠨ ᠲᠣᠭᠤᠷᠢᠨ ᠳᠤ ᠬᠢᠴᠢᠶᠡᠯ ᠳᠠᠶᠢᠯᠤᠮᠵᠢ ᠬᠢᠯᠭᠡᠪᠡ᠃ | ᠪᠣᠯᠪᠠᠰᠤᠷᠠᠯ ᠤᠨ ᠬᠤᠭᠤᠴᠠᠭᠠᠨ ᠳᠤ᠂ ᠲᠤᠬᠠᠢ ᠶᠢᠨ ᠲᠠᠯᠠᠪᠠᠢ ᠶᠢᠨ ᠵᠢᠭᠠᠨ ᠰᠤᠷᠭᠠᠯᠲᠠ ᠦᠷᠨᠢᠬᠦᠯᠵᠦ᠂ | ᠠᠷᠠᠳ ᠤᠨ ᠲᠦᠯᠦᠭᠡᠯᠡᠭᠴᠢᠳ ᠳᠤᠭᠤᠶᠢᠯᠠᠩ ᠬᠤᠪᠢᠶᠠᠨ ᠰᠤᠳᠤᠯᠤᠨ ᠶᠠᠷᠢᠯᠴᠠᠵᠤ ᠤᠯᠤᠯᠳᠠ ᠲᠦᠷᠦᠭᠳᠡᠯ ᠢᠶᠠᠨ | ᠰᠣᠯᠢᠯᠴᠠᠵᠠᠢ᠃ |