ᠰᠦᠯᠢᠶᠥᠦ ᠪᠦᠷᠬᠦᠪᠴᠢ ᠶᠢ ᠬᠡᠷᠡᠭᠯᠡᠬᠦ᠂ ᠬᠤᠷᠢᠶᠠᠨ ᠠᠪᠬᠤ ᠳᠤ ᠠᠩᠬᠠᠷᠬᠤ ᠵᠦᠢᠯ
ᠨᠡᠶᠢᠲᠡᠯᠡᠭᠰᠡᠨ ᠴᠠᠭ᠄
2025/5/6
   ᠶᠠᠭ ᠰᠠᠶᠢᠬᠠᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠴᠠᠭ ᠪᠠᠶᠢᠵᠤ᠂ ᠮᠠᠯᠴᠢᠨ ᠲᠠᠷᠢᠶᠠᠴᠢᠳ ᠰᠢᠨ᠎ᠡ ᠨᠢᠭᠡ ᠡᠭᠡᠯᠵᠢ ᠶᠢᠨ ᠰᠦᠯᠢᠶᠥᠦ ᠪᠦᠷᠬᠦᠪᠴᠢ ᠶᠢ ᠬᠤᠳᠠᠯᠳᠤᠨ ᠠᠪᠬᠤ ᠠᠵᠢᠯ ᠢᠶᠠᠨ ᠡᠬᠢᠯᠡᠭᠦᠯᠵᠦ᠂ ᠲᠠᠷᠢᠶᠠᠨ ᠭᠠᠵᠠᠷ ᠤᠨ ᠬᠠᠶᠠᠭᠳᠠᠮᠠᠯ ᠬᠠᠭᠤᠴᠢᠨ ᠰᠦᠯᠢᠶᠥᠦ ᠪᠦᠷᠬᠦᠪᠴᠢ ᠶᠢ ᠬᠤᠷᠢᠶᠠᠨ ᠠᠪᠬᠤ ᠵᠠᠩᠭᠢᠯᠠᠭ᠎ᠠ ᠶᠢᠨ ᠬᠤᠭᠤᠴᠠᠭᠠᠨ ᠳᠤ ᠣᠷᠣᠪᠠ᠃ ᠲᠠᠨ ᠢ ᠬᠠᠪᠰᠤᠷᠴᠤ ᠬᠢᠷᠢ ᠲᠡᠩᠴᠡᠭᠰᠡᠨ ᠰᠦᠯᠢᠶᠥᠦ ᠪᠦᠷᠬᠦᠪᠴᠢ ᠶᠢ ᠰᠣᠩᠭᠤᠨ ᠬᠤᠳᠠᠯᠳᠤᠨ ᠠᠪᠤᠭᠤᠯᠵᠤ᠂ ᠰᠦᠯᠢᠶᠥᠦ ᠪᠦᠷᠬᠦᠪᠴᠢ ᠶᠢ ᠵᠣᠬᠢᠰᠲᠠᠢ ᠬᠡᠷᠡᠭᠯᠡᠨ᠂ ᠦᠯᠡᠳᠡᠭᠳᠡᠯ ᠪᠦᠷᠬᠦᠪᠴᠢ ᠶᠢ ᠴᠠᠭ ᠲᠤᠬᠠᠢ ᠳᠤᠨᠢ ᠬᠤᠷᠢᠶᠠᠨ ᠠᠪᠬᠤ ᠶᠢᠨ ᠲᠥᠯᠥᠭᠡ ᠳᠣᠣᠷᠠᠬᠢ ᠮᠡᠲᠦ ᠬᠠᠯᠠᠭᠤᠨ ᠰᠠᠨᠠᠭᠤᠯᠤᠶ᠎ᠠ᠄ ᠨᠢᠭᠡ᠂ ᠦᠯᠡᠳᠡᠭᠳᠡᠯ ᠰᠦᠯᠢᠶᠥᠦ ᠪᠦᠷᠬᠦᠪᠴᠢ ᠨᠢ ᠲᠦᠢᠯ ᠤᠨ ᠶᠡᠭᠡ ᠬᠤᠣᠷ ᠬᠥᠨᠥᠭᠡᠯ ᠲᠠᠢ᠂ ᠰᠢᠨᠵᠢᠯᠡᠬᠦ ᠤᠬᠠᠭᠠᠨᠴᠢ ᠪᠠᠷ ᠬᠤᠷᠢᠶᠠᠨ ᠠᠪᠬᠤ ᠠᠵᠢᠯ ᠢ ᠵᠠᠪᠠᠯ ᠬᠢᠬᠦ ᠬᠡᠷᠡᠭᠲᠡᠢ ᠬᠠᠶᠠᠭᠳᠠᠮᠠᠯ ᠪᠦᠷᠬᠦᠪᠴᠢ ᠨᠢ ᠬᠦᠷᠦᠰᠦᠨ ᠳᠤ ᠦᠯᠡᠳᠡᠭᠳᠡᠵᠦ᠂ ᠲᠠᠷᠢᠮᠠᠯ ᠤᠨ ᠦᠨᠳᠦᠰᠦ ᠶᠢᠨ ᠰᠢᠰᠲ᠋ᠧᠮ ᠤᠨ ᠥᠰᠦᠯᠲᠡ ᠶᠢ ᠬᠠᠷᠰᠢᠯᠠᠵᠤ᠂ ᠴᠢᠬᠢ ᠳᠤᠲᠠᠭᠳᠠᠨ ᠳᠠᠯᠠᠩ ᠢ ᠲᠠᠰᠤᠯᠬᠤ ᠪᠠ ᠥᠰᠦᠯᠲᠡ ᠶᠢ ᠬᠠᠷᠰᠢᠯᠠᠵᠤ᠂ ᠤᠨᠠᠯᠲᠠ ᠶᠢ ᠬᠠᠰᠤᠭᠳᠠᠭᠤᠯᠳᠠᠭ᠃ ᠡᠰᠢ ᠰᠦᠷᠡᠯ ᠳᠤ ᠦᠯᠡᠳᠡᠭᠳᠡᠯ ᠪᠦᠷᠬᠦᠪᠴᠢ ᠬᠤᠯᠢᠯᠳᠤᠵᠤ᠂ ᠡᠰᠢ ᠰᠦᠷᠡᠯ ᠤᠨ ᠲᠡᠵᠢᠭᠡᠯ ᠪᠣᠷᠳᠣᠭᠠᠨ ᠤ ᠦᠨ᠎ᠡ ᠥᠷᠲᠡᠭ ᠢ ᠨᠥᠯᠥᠭᠡᠯᠡᠨ᠂ ᠡᠰᠢ ᠰᠦᠷᠡᠯ ᠤᠨ ᠲᠡᠵᠢᠭᠡᠯ ᠪᠣᠷᠳᠣᠭᠠᠨ ᠤ ᠠᠰᠢᠭ ᠣᠷᠣᠯᠭ᠎ᠠ ᠶᠢ ᠪᠠᠭᠤᠷᠠᠭᠤᠯᠵᠤ᠂ ᠲᠡᠵᠢᠭᠡᠨ ᠦᠷᠡᠵᠢᠭᠦᠯᠬᠦ ᠥᠪᠡᠷ ᠤᠨ ᠥᠷᠲᠡᠭ ᠪᠠ ᠠᠮᠤᠷ ᠲᠦᠪᠰᠢᠨ ᠤ ᠠᠶᠤᠯ ᠲᠦᠭᠰᠢᠭᠦᠷᠢ ᠶᠢ ᠨᠡᠮᠡᠭᠳᠡᠭᠦᠯᠳᠡᠭ᠃ ᠦᠯᠡᠳᠡᠭᠳᠡᠯ ᠪᠦᠷᠬᠦᠪᠴᠢ ᠨᠢ ᠲᠠᠷᠢᠶᠠᠨ ᠳᠤ ᠪᠣᠲᠠᠷᠠᠵᠤ᠂ ᠲᠠᠷᠢᠶᠠᠯᠠᠩ ᠤᠨ ᠮᠠᠰᠢᠨ ᠪᠠᠭᠠᠵᠢ ᠶᠢ ᠣᠷᠢᠶᠠᠵᠤ᠂ ᠲᠠᠷᠢᠶᠠᠯᠠᠩ ᠤᠨ ᠠᠵᠢᠯ ᠤᠨ ᠦᠷ᠎ᠡ ᠪᠦᠲᠦᠮᠵᠢ ᠶᠢ ᠨᠦᠯᠦᠭᠡᠯᠡᠳᠡᠭ ᠃ ᠦᠯᠡᠳᠡᠭᠳᠡᠯ ᠪᠦᠷᠬᠦᠪᠴᠢ ᠶᠢ ᠲᠠᠷᠢᠶᠠᠨ ᠦᠵᠦᠭᠦᠷ ᠲᠤ ᠬᠠᠶᠠᠵᠤ᠂ ᠰᠠᠯᠬᠢᠨ ᠤ ᠠᠶ᠎ᠠ ᠪᠠᠷ ᠰᠠᠷᠨᠢᠵᠤ ᠣᠷᠴᠢᠨ ᠲᠣᠭᠤᠷᠢᠨ ᠢ ᠪᠣᠬᠢᠷᠲᠤᠭᠤᠯᠵᠤ᠂ ᠬᠦᠳᠡᠭᠡ ᠲᠣᠰᠬᠤᠨ ᠤ ᠳᠦᠷᠰᠦ ᠪᠠᠶᠢᠳᠠᠯ ᠢ ᠡᠪᠳᠡᠳᠡᠭ᠃ ᠬᠤᠶᠠᠷ᠂ ᠰᠢᠯᠢᠳᠡᠭ ᠰᠦᠯᠢᠶᠥᠦ ᠪᠦᠷᠬᠦᠪᠴᠢ ᠶᠢ ᠰᠣᠩᠭᠤᠬᠤ ᠨᠢ ᠠᠯᠤᠰ ᠬᠡᠳᠤ ᠶᠢᠨ ᠠᠰᠢᠭᠲᠠᠢ᠂ ᠵᠦᠢ ᠵᠣᠬᠢᠰᠲᠠᠢ ᠪᠠᠷ ᠬᠡᠷᠡᠭᠯᠡᠵᠦ ᠤᠨᠠᠯᠲᠠ ᠪᠠᠨ ᠨᠡᠮᠡᠭᠳᠡᠭᠦᠯᠦᠨ ᠦᠷ᠎ᠡ ᠠᠰᠢᠭ ᠢᠶᠠᠨ ᠨᠡᠮᠡᠭᠳᠡᠭᠦᠯᠬᠦ ᠬᠡᠷᠡᠭᠲᠡᠢ ᠲᠠᠷᠢᠶᠠᠯᠠᠩ ᠳᠤ ᠬᠡᠷᠡᠭᠯᠡᠬᠦ ᠰᠦᠯᠢᠶᠥᠦ ᠪᠦᠷᠬᠦᠪᠴᠢ ᠳᠤ ᠪᠠᠷᠢᠮᠵᠢᠶ᠎ᠠ ᠲᠠᠢ᠂ ᠲᠠᠷᠢᠶᠠᠯᠠᠩ ᠳᠤ ᠬᠡᠷᠡᠭᠯᠡᠬᠦ ᠰᠦᠯᠢᠶᠥᠦ ᠪᠦᠷᠬᠦᠪᠴᠢ ᠶᠢ ᠰᠣᠩᠭᠤᠵᠤ ᠬᠤᠳᠠᠯᠳᠤᠨ ᠠᠪᠬᠤ ᠳᠠᠭᠠᠨ ᠵᠢᠩᠬᠢᠨᠢ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠳᠡᠯᠭᠡᠭᠦᠷ ᠵᠡᠷᠭᠡ ᠲᠠᠯᠠᠪᠤᠷ ᠲᠤ ᠬᠦᠷᠴᠦ᠂ ᠬᠢᠷᠢ ᠲᠡᠩᠴᠡᠭᠰᠡᠨ ᠦᠨᠡᠮᠯᠡᠯ ᠢ ᠨᠢ ᠪᠠᠶᠢᠴᠠᠭᠠᠨ ᠦᠵᠡᠵᠦ᠂ ᠤᠯᠤᠰ ᠤᠨ ᠪᠠᠷᠢᠮᠵᠢᠶ᠎ᠠ ᠳᠤ ᠨᠡᠶᠢᠴᠡᠭᠰᠡᠨ ᠰᠦᠯᠢᠶᠥᠦ ᠪᠦᠷᠬᠦᠪᠴᠢ ᠶᠢ ᠬᠤᠳᠠᠯᠳᠤᠨ ᠠᠪᠬᠤ ᠶᠢ ᠠᠩᠬᠠᠷᠤᠭᠤᠰᠢᠳᠠᠢ᠂ ᠭᠡᠬᠦ ᠳᠡᠭᠡᠨ ᠵᠤᠵᠠᠭᠠᠨ ᠨᠢ 0.01 ᠮᠢᠯᠢᠮᠧᠳ᠋ᠷ ᠬᠦᠷᠬᠦ ᠦᠭᠡᠢ ᠬᠡᠲᠦ ᠨᠢᠮᠭᠡᠨ ᠰᠦᠯᠢᠶᠥᠦ ᠪᠦᠷᠬᠦᠪᠴᠢ ᠪᠠ ᠬᠡᠷᠡᠯ ᠬᠦᠴᠢᠯᠲᠥ᠋ᠷᠥᠭᠴᠢ ᠳᠤ ᠵᠠᠳᠠᠷᠮᠠᠬᠠᠢ ᠰᠦᠯᠢᠶᠥᠦ ᠪᠦᠷᠬᠦᠪᠴᠢ ᠶᠢ ᠬᠤᠳᠠᠯᠳᠤᠨ ᠠᠪᠴᠤ ᠪᠤᠯᠬᠤ ᠦᠭᠡᠢ᠃ ᠬᠤᠳᠠᠯᠳᠤᠨ ᠠᠪᠤᠭᠰᠠᠨ ᠭᠡᠷᠡᠴᠢ ᠲᠡᠮᠳᠡᠭ ᠢᠶᠠᠨ ᠰᠠᠶᠢᠲᠤᠷ ᠬᠠᠳᠠᠭᠠᠯᠠᠬᠤ ᠬᠡᠷᠡᠭᠲᠡᠢ᠃ ᠰᠦᠯᠢᠶᠥᠦ ᠪᠦᠷᠬᠦᠪᠴᠢ ᠶᠢ ᠬᠡᠷᠡᠭᠯᠡᠬᠦ ᠳᠤ ᠰᠢᠨᠵᠢᠯᠡᠬᠦ ᠤᠬᠠᠭᠠᠨᠴᠢ ᠪᠠᠶᠢᠬᠤ ᠬᠡᠷᠡᠭᠲᠡᠢ᠂ ᠴᠢᠬᠤᠯᠠ ᠦᠭᠡᠢ ᠪᠣᠯ ᠪᠦᠷᠬᠦᠬᠦ ᠦᠭᠡᠢ᠂ ᠥᠩᠭᠡ ᠦᠭᠡᠢ ᠰᠦᠯᠢᠶᠥᠦ ᠪᠦᠷᠬᠦᠪᠴᠢ ᠨᠢ ᠳᠤᠯᠠᠭᠠᠨ ᠢ ᠨᠡᠮᠡᠭᠳᠡᠭᠦᠯᠬᠦ ᠦᠢᠯᠡᠳᠦᠯ ᠰᠠᠶᠢᠨ᠂ ᠬᠠᠷ᠎ᠠ ᠥᠩᠭᠡᠲᠦ ᠰᠦᠯᠢᠶᠥᠦ ᠪᠦᠷᠬᠦᠪᠴᠢ ᠨᠢ ᠡᠪᠡᠰᠦ ᠶᠢ ᠳᠠᠷᠤᠬᠤ ᠦᠢᠯᠡᠳᠦᠯ ᠰᠠᠶᠢᠨ᠂ ᠪᠦᠬᠦ ᠠᠮᠢᠳᠤ ᠪᠣᠳᠠᠰ ᠤᠨ ᠵᠠᠳᠠᠷᠮᠠᠬᠠᠢ ᠰᠦᠯᠢᠶᠥᠦ ᠪᠦᠷᠬᠦᠪᠴᠢ ᠶᠢ ᠲᠤᠰ ᠤᠯᠠᠷᠢᠯ ᠳᠤ ᠬᠤᠳᠠᠯᠳᠤᠨ ᠠᠪᠴᠤ ᠬᠡᠷᠡᠭᠯᠡᠬᠦ ᠬᠡᠷᠡᠭᠲᠡᠢ᠃ ᠴᠢᠨᠠᠷ ᠰᠠᠶᠢᠲᠠᠢ ᠰᠦᠯᠢᠶᠥᠦ ᠪᠦᠷᠬᠦᠪᠴᠢ ᠳᠤ ᠨᠥᠬᠦᠪᠦᠷᠢ ᠲᠠᠢ᠂ ᠤᠯᠤᠰ ᠠᠴᠠ ᠥᠨᠳᠥᠷ ᠬᠦᠴᠦᠯᠡᠴᠡ ᠲᠠᠢ ᠰᠦᠯᠢᠶᠥᠦ ᠪᠦᠷᠬᠦᠪᠴᠢ ᠪᠠ ᠪᠥᠬᠦ ᠠᠮᠢᠳᠤ ᠪᠣᠳᠠᠰ ᠤᠨ ᠵᠠᠳᠠᠷᠮᠠᠬᠠᠢ ᠰᠦᠯᠢᠶᠥᠦ ᠪᠦᠷᠬᠦᠪᠴᠢ ᠶᠢ ᠬᠡᠷᠡᠭᠯᠡᠬᠦ ᠪᠠᠷ ᠲᠠᠨᠢᠯᠴᠠᠭᠤᠯᠵᠤ᠂ ᠬᠡᠷᠡᠭᠴᠡᠭᠡ ᠲᠠᠢ ᠮᠠᠯᠴᠢᠨ ᠲᠠᠷᠢᠶᠠᠴᠢᠨ ᠨᠠᠶᠢᠵᠠ ᠨᠠᠷ ᠲᠤᠬᠠᠢ ᠶᠢᠨ ᠭᠠᠵᠠᠷ ᠤᠨ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠲᠠᠢ ᠪᠣᠳᠠᠲᠠᠢ ᠨᠥᠬᠦᠪᠦᠷᠢ ᠥᠭᠬᠦ ᠵᠦᠢᠯᠡᠰ ᠢ ᠬᠠᠷᠢᠯᠴᠠᠵᠤ ᠪᠣᠯᠣᠨ᠎ᠠ᠃ ᠠᠰᠠᠭᠤᠳᠠᠯ ᠲᠠᠢ ᠰᠦᠯᠢᠶᠥᠦ ᠪᠦᠷᠬᠦᠪᠴᠢ ᠶᠢ ᠵᠠᠭᠠᠯᠳᠤᠬᠤ ᠬᠡᠷᠡᠭᠲᠡᠢ᠂ ᠲᠠᠷᠢᠶᠠᠯᠠᠩ ᠳᠤ ᠬᠡᠷᠡᠭᠯᠡᠬᠦ ᠰᠦᠯᠢᠶᠥᠦ ᠪᠦᠷᠬᠦᠪᠴᠢ ᠶᠢᠨ ᠶᠠᠰᠤ ᠴᠢᠨᠠᠷ ᠤᠨ ᠠᠰᠠᠭᠤᠳᠠᠯ ᠲᠣᠬᠢᠶᠠᠯᠳᠤᠪᠠᠯ ᠭᠡᠷᠡᠴᠢ ᠪᠠᠷᠢᠮᠲᠠ ᠵᠡᠷᠭᠡ ᠶᠢ ᠰᠠᠶᠢᠲᠤᠷ ᠬᠠᠳᠠᠭᠠᠯᠠᠬᠤ ᠬᠡᠷᠡᠭᠲᠡᠢ᠂ ᠬᠡᠷᠪᠡ ᠪᠠᠰᠠ ᠨᠡᠭᠡᠭᠡᠵᠦ ᠬᠡᠷᠡᠭᠯᠡᠭᠡᠳᠦᠢ ᠡᠪᠬᠡᠮᠡᠯ ᠰᠦᠯᠢᠶᠥᠦ ᠪᠦᠷᠬᠦᠪᠴᠢ ᠶᠢ ᠰᠠᠶᠢᠲᠤᠷ ᠬᠠᠳᠠᠭᠠᠯᠠᠵᠤ᠂ ᠦᠯᠢᠭᠡᠷ ᠡᠳ᠋ ᠠᠪᠴᠤ ᠰᠢᠯᠭᠠᠨ ᠪᠠᠶᠢᠴᠠᠭᠠᠬᠤ ᠳᠤ ᠰᠠᠶᠢᠲᠤᠷ ᠪᠡᠯᠡᠳᠬᠡᠯ ᠬᠢᠵᠦ᠂ ᠴᠠᠭ ᠲᠤᠬᠠᠢ ᠳᠤᠨᠢ ᠵᠠᠭᠠᠯᠳᠤᠵᠤ ᠢᠯᠡᠴᠢᠯᠡᠨ ᠮᠡᠳᠡᠭᠦᠯᠬᠦ 12315 ᠤᠲᠠᠰᠤ ᠶᠢ ᠤᠲᠠᠰᠤᠳᠠᠬᠤ ᠬᠡᠷᠡᠭᠲᠡᠢ᠃ ᠭᠤᠷᠪᠠ᠂ ᠬᠠᠤᠯᠢ ᠶᠣᠰᠣᠭᠠᠷ ᠬᠤᠷᠢᠶᠠᠨ ᠠᠪᠬᠤ ᠳᠤ ᠬᠥᠮᠥᠨ ᠪᠦᠬᠦᠨ ᠬᠠᠷᠢᠭᠤᠴᠠᠯᠭ᠎ᠠ ᠲᠠᠢ᠂ ᠲᠦᠷᠦᠯ ᠬᠤᠪᠢᠶᠠᠨ ᠰᠢᠢᠳᠪᠦᠷᠢᠯᠡᠭᠡᠳ ᠬᠠᠶᠠᠭᠳᠠᠮᠠᠯ ᠪᠣᠳᠠᠰ ᠢ ᠡᠷᠳᠡᠨᠢ ᠪᠣᠯᠭᠠᠬᠤ ᠬᠡᠷᠡᠭᠲᠡᠢ ᠰᠦᠯᠢᠶᠥᠦ ᠪᠦᠷᠬᠦᠪᠴᠢ ᠶᠢ ᠬᠡᠷᠡᠭᠯᠡᠨ ᠦᠷ᠎ᠡ ᠠᠰᠢᠭ ᠢ ᠨᠡᠮᠡᠭᠳᠡᠭᠦᠯᠵᠦ᠂ ᠰᠦᠯᠢᠶᠥᠦ ᠪᠦᠷᠬᠦᠪᠴᠢ ᠶᠢ ᠬᠤᠷᠢᠶᠠᠨ ᠠᠪᠬᠤ ᠨᠢ ᠠᠯᠪᠠᠨ ᠵᠢᠷᠤᠮ᠂ ᠨᠠᠮᠤᠷ ᠳᠠᠷᠢᠬᠤ ᠠᠴᠠ ᠡᠮᠦᠨ᠎ᠡ ᠴᠠᠭ ᠲᠤᠬᠠᠢ ᠳᠤᠨᠢ ᠬᠤᠷᠢᠶᠠᠨ ᠠᠪᠴᠤ᠂ ᠲᠠᠷᠢᠶᠠᠨ ᠭᠠᠵᠠᠷ ᠢ ᠴᠡᠪᠡᠷ ᠪᠠᠶᠢᠯᠭᠠᠵᠤ ᠭᠠᠵᠠᠷ ᠤᠨ ᠰᠢᠮ᠎ᠡ ᠶᠢ ᠪᠠᠲᠤᠯᠠᠬᠤ ᠬᠡᠷᠡᠭᠲᠡᠢ᠃ ᠲᠠᠷᠢᠶᠠᠨ ᠭᠠᠵᠠᠷ ᠲᠤ ᠲᠡᠭᠦᠵᠦ ᠴᠤᠭᠯᠠᠭᠤᠯᠬᠤ ᠳᠤ ᠳᠤᠷ᠎ᠠ ᠦᠭᠡᠶᠢᠴᠡᠵᠦ ᠪᠣᠯᠬᠤ ᠦᠭᠡᠢ᠂ ᠰᠠᠨᠠᠭᠠᠴᠢᠯᠠᠭ᠎ᠠ ᠠᠴᠠ ᠪᠠᠨ ᠲᠣᠣᠷ ᠴᠡᠭ ᠲᠤ ᠬᠦᠷᠭᠡᠵᠦ᠂ ᠦᠯᠡᠳᠡᠭᠳᠡᠯ ᠪᠦᠷᠬᠦᠪᠴᠢ ᠪᠠᠷ ᠥᠩ ᠰᠢᠮᠡᠯᠢᠭ ᠬᠥᠷᠥᠰᠥ ᠶᠢ ᠪᠣᠬᠢᠷᠲᠤᠭᠤᠯᠵᠤ ᠪᠣᠯᠬᠤ ᠦᠭᠡᠢ᠂ ᠬᠥᠷᠥᠰᠥ ᠰᠢᠷᠣᠢ ᠶᠢ ᠬᠠᠮᠠᠭᠠᠯᠠᠵᠤ ᠲᠠᠷᠢᠶᠠᠨ ᠭᠠᠵᠠᠷ ᠢ ᠬᠠᠮᠠᠭᠠᠯᠠᠬᠤ ᠳᠤ ᠴᠥᠮ ᠬᠠᠷᠢᠭᠤᠴᠠᠯᠭ᠎ᠠ ᠲᠠᠢ ᠪᠠᠶᠢᠳᠠᠭ᠃ ᠴᠡᠪᠡᠷ ᠦᠯᠡᠳᠡᠭᠳᠡᠯ ᠪᠦᠷᠬᠦᠪᠴᠢ ᠨᠢ ᠵᠣᠭᠤᠰ ᠬᠤᠳᠠᠯᠳᠤᠵᠤ᠂ ᠳᠠᠬᠢᠨ ᠠᠮᠢᠯᠠᠭᠤᠯᠵᠤ ᠮᠥᠬᠦᠯᠢᠭᠵᠢᠭᠦᠯᠦᠨ ᠡᠷᠭᠢᠯᠳᠦᠭᠦᠯᠦᠨ ᠬᠡᠷᠡᠭᠯᠡᠵᠦ᠂ ᠬᠠᠶᠠᠭᠳᠠᠮᠠᠯ ᠪᠣᠳᠠᠰ ᠢ ᠬᠤᠷᠢᠶᠠᠨ ᠠᠪᠴᠤ ᠠᠰᠢᠭᠯᠠᠨ ᠡᠷᠳᠡᠨᠢ ᠪᠣᠯᠭᠠᠨ ᠬᠤᠪᠢᠷᠠᠭᠤᠯᠵᠤ᠂ ᠣᠷᠣᠯᠭ᠎ᠠ ᠶᠢ ᠨᠡᠮᠡᠭᠳᠡᠭᠦᠯᠦᠨ ᠣᠷᠴᠢᠨ ᠲᠣᠭᠤᠷᠢᠨ ᠢ ᠬᠠᠮᠠᠭᠠᠯᠠᠬᠤ ᠶᠢᠨ ᠬᠤᠶᠠᠷ ᠲᠠᠯ᠎ᠠ ᠨᠢ ᠰᠠᠶᠢᠨ ᠪᠠᠶᠢᠳᠠᠭ᠃ ᠬᠡᠮᠬᠡᠷᠡᠯ ᠳᠤ ᠬᠤᠯᠢᠴᠠ ᠲᠠᠢ ᠠᠴᠠ ᠠᠰᠢᠭᠯᠠᠬᠤ ᠳᠤ ᠪᠡᠷᠬᠡ᠂ ᠬᠤᠭ ᠨᠣᠪᠰᠢ ᠶᠢ ᠬᠤᠷᠢᠶᠠᠨ ᠠᠪᠬᠤ ᠦᠷᠳᠡᠭᠡ ᠳᠤ ᠬᠦᠷᠭᠡᠵᠦ᠂ ᠭᠠᠷ ᠤᠨ ᠠᠶ᠎ᠠ ᠪᠠᠷ ᠬᠥᠳᠡᠭᠡ ᠲᠤᠰᠬᠤᠨ ᠤ ᠰᠤᠷᠲᠠᠯ ᠢ ᠪᠣᠰᠬᠠᠵᠤ᠂ ᠣᠷᠴᠢᠨ ᠲᠣᠭᠤᠷᠢᠨ ᠢ ᠬᠠᠶᠢᠷᠠᠯᠠᠨ ᠬᠠᠮᠠᠭᠠᠯᠠᠬᠤ ᠨᠢ ᠠᠶᠢᠯ ᠰᠠᠭᠠᠬᠠᠯᠲᠠ ᠶᠢᠨ ᠬᠢᠨ ᠤ ᠮᠠᠭᠲᠠᠭᠠᠯ ᠰᠠᠶᠢᠰᠢᠶᠠᠯ ᠢ ᠣᠯᠳᠠᠭ᠃   
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号