ᠲᠡᠵᠢᠭᠡᠯ ᠡᠪᠡᠰᠦ ᠶᠢ ᠳᠠᠷᠢᠵᠤ ᠪᠣᠷᠳᠣᠬᠤ ᠮᠡᠷᠭᠡᠵᠢᠯ — ᠨᠡᠮᠡᠯᠲᠡ ᠪᠣᠷᠳᠣᠭᠤᠷ ᠬᠡᠷᠡᠭᠯᠡᠬᠦ
ᠨᠡᠶᠢᠲᠡᠯᠡᠭᠰᠡᠨ ᠴᠠᠭ᠄
2025/5/6
   ᠨᠡᠮᠡᠯᠲᠡ ᠪᠣᠷᠳᠣᠭᠤᠷ ᠤᠨ ᠦᠢᠯᠡᠳᠦᠯ    ᠲᠡᠵᠢᠭᠡᠯ ᠡᠪᠡᠰᠦᠨ ᠤ ᠬᠡᠷᠡᠭᠴᠡᠭᠡ ᠶᠢ ᠦᠨᠳᠦᠰᠦᠯᠡᠵᠦ᠂ ᠲᠡᠵᠢᠭᠡᠯ ᠡᠪᠡᠰᠦᠨ ᠤ ᠥᠰᠦᠯᠲᠡ ᠪᠤᠶᠢᠵᠢᠯᠲᠠ ᠶᠢᠨ ᠬᠤᠭᠤᠴᠠᠭᠠᠨ ᠳᠤ ᠨᠡᠮᠡᠵᠦ ᠣᠷᠣᠭᠤᠯᠤᠭᠰᠠᠨ ᠪᠣᠷᠳᠣᠭᠤᠷ ᠢ ᠨᠡᠮᠡᠯᠲᠡ ᠪᠣᠷᠳᠣᠭᠤᠷ ᠭᠡᠳᠡᠭ᠃ ᠡᠭᠦᠨ ᠤ ᠵᠣᠷᠢᠯᠭ᠎ᠠ ᠨᠢ ᠲᠡᠵᠢᠭᠡᠯ ᠡᠪᠡᠰᠦᠨ ᠤ ᠦᠷᠡᠵᠢᠯ ᠤᠨ ᠬᠤᠭᠤᠴᠠᠭᠠᠨ ᠳᠠᠬᠢ ᠬᠡᠷᠡᠭᠰᠡᠬᠦ ᠰᠢᠮ᠎ᠡ ᠲᠡᠵᠢᠭᠡᠯ ᠢ ᠴᠠᠭ ᠲᠤᠬᠠᠢ ᠳᠤᠨᠢ ᠬᠠᠩᠭᠠᠵᠤ᠂ ᠥᠰᠦᠯᠲᠡ ᠪᠤᠶᠢᠵᠢᠯᠲᠠ ᠶᠢ ᠠᠬᠢᠭᠤᠯᠤᠨ᠂ ᠥᠨᠳᠥᠷ ᠤᠨᠠᠯᠲᠠ ᠲᠠᠢ ᠴᠢᠨᠠᠷ ᠰᠠᠶᠢᠲᠠᠢ ᠪᠣᠯᠭᠠᠬᠤ ᠶᠢᠨ ᠲᠥᠯᠥᠭᠡ ᠶᠤᠮ᠃    ᠪᠣᠷᠳᠣᠭᠤᠷ ᠨᠡᠮᠡᠬᠦ ᠠᠷᠭ᠎ᠠ    ᠨᠡᠮᠡᠯᠲᠡ ᠪᠣᠷᠳᠣᠭᠤᠷ ᠬᠢᠬᠦ ᠳᠤ ᠭᠤᠣᠯᠳᠠᠭᠤ ᠣᠷᠭᠠᠨᠢᠭ ᠪᠤᠰᠤ ᠲᠦᠷᠭᠡᠨ ᠦᠢᠯᠡᠳᠦᠯᠳᠦ ᠪᠣᠷᠳᠣᠭᠤᠷ ᠬᠡᠷᠡᠭᠯᠡᠳᠡᠭ᠃ ᠡᠭᠦᠨ ᠳᠤ ᠰᠠᠴᠤᠬᠤ᠂ ᠵᠤᠷᠪᠤᠰᠯᠠᠨ ᠣᠷᠤᠭᠤᠯᠬᠤ᠂ ᠨᠦᠬᠡᠯᠡᠨ ᠣᠷᠣᠭᠤᠯᠬᠤ ᠪᠠ ᠦᠨᠳᠦᠰᠦᠨ ᠠᠴᠠ ᠨᠢ ᠪᠣᠷᠳᠣᠬᠤ ᠵᠡᠷᠭᠡ ᠠᠷᠭ᠎ᠠ ᠪᠠᠶᠢᠳᠠᠭ᠃ ᠪᠣᠷᠳᠣᠭᠤᠷ ᠨᠡᠮᠡᠬᠦ ᠳᠡᠭᠡᠨ ᠲᠡᠵᠢᠭᠡᠯ ᠡᠪᠡᠰᠦᠨ ᠤ ᠤᠷᠭᠤᠯᠲᠠ ᠶᠢᠨ ᠪᠠᠶᠢᠳᠠᠯ ᠪᠠ ᠲᠤᠬᠠᠢ ᠶᠢᠨ ᠭᠠᠵᠠᠷ ᠤᠨ ᠠᠭᠤᠷ ᠠᠮᠢᠰᠬᠤᠯ ᠤᠨ ᠬᠤᠪᠢᠷᠠᠯᠲᠠ᠂ ᠪᠣᠷᠣᠭᠠᠨ ᠤ ᠬᠡᠮᠵᠢᠶ᠎ᠡ ᠵᠡᠷᠭᠡ ᠪᠣᠳᠠᠲᠠᠢ ᠨᠥᠬᠦᠴᠡᠯ ᠢ ᠦᠨᠳᠦᠰᠦᠯᠡᠨ᠂ ᠪᠣᠷᠳᠣᠭᠤᠷ ᠨᠡᠮᠡᠬᠦ ᠲᠥᠷᠥᠯ ᠵᠦᠢᠯ ᠪᠠ ᠬᠡᠷᠡᠭᠯᠡᠬᠦ ᠬᠡᠮᠵᠢᠶ᠎ᠡ ᠶᠢ ᠲᠣᠭᠲᠠᠭᠠᠬᠤ ᠬᠡᠷᠡᠭᠲᠡᠢ ᠃ ᠪᠣᠷᠳᠣᠭᠤᠷ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠲᠡᠵᠢᠭᠡᠯ ᠡᠪᠡᠰᠦ ᠶᠢ ᠪᠦᠷᠢᠯᠭᠡᠨ ᠰᠦᠢᠳᠬᠡᠬᠦ ᠪᠠ ᠬᠤᠣᠷᠳᠠᠭᠤᠯᠬᠤ ᠠᠴᠠ ᠰᠡᠷᠭᠡᠶᠢᠯᠡᠬᠦ ᠬᠡᠷᠡᠭᠲᠡᠢ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号