ᠠᠩᠬ᠎ᠠ ᠲᠥᠯᠯᠡᠬᠦ ᠬᠤᠨᠢᠨ ᠤ ᠲᠥᠯᠯᠡᠬᠦ ᠠᠴᠠ ᠡᠮᠦᠨᠡᠬᠢ ᠠᠷᠠᠴᠢᠯᠠᠯᠲᠠ ᠬᠠᠮᠢᠶᠠᠷᠤᠯᠲᠠ
ᠨᠡᠶᠢᠲᠡᠯᠡᠭᠰᠡᠨ ᠴᠠᠭ᠄
2025/5/6
   ᠨᠢᠭᠡ ᠳᠤ᠂ ᠠᠩᠬ᠎ᠠ ᠲᠥᠯᠯᠡᠬᠦ ᠬᠤᠨᠢᠨ ᠤ ᠬᠥᠩᠭᠡᠵᠢᠯᠲᠡ ᠶᠢᠨ ᠵᠠᠮ ᠢᠪᠴᠤᠤ ᠪᠠᠶᠢᠬᠤ ᠪᠠᠶᠢᠳᠠᠯ ᠳᠤ ᠴᠢᠭᠯᠡᠭᠦᠯᠦᠨ᠂ ᠮᠡᠷᠭᠡᠵᠢᠯ ᠤᠨ ᠠᠵᠢᠯᠲᠠᠨ ᠪᠠ ᠬᠡᠷᠡᠭᠴᠡᠭᠡ ᠪᠦᠬᠦᠢ ᠡᠮ ᠤᠨ ᠪᠠᠭᠠᠵᠢ ᠬᠡᠷᠡᠭᠰᠡᠯ ᠢ ᠡᠷᠲᠡᠬᠡᠨ ᠪᠡᠯᠡᠳᠬᠡᠵᠦ᠂ ᠡᠯ᠎ᠡ ᠵᠦᠢᠯ ᠤᠨ ᠪᠡᠯᠡᠳᠬᠡᠯ ᠠᠵᠢᠯ ᠢ ᠰᠠᠶᠢᠲᠤᠷ ᠬᠢᠵᠦ᠂ ᠪᠡᠷᠬᠡ ᠬᠥᠩᠭᠡᠵᠢᠯᠲᠡ ᠭᠠᠷᠪᠠᠯ ᠴᠠᠭ ᠲᠤᠬᠠᠢ ᠳᠤᠨᠢ ᠬᠥᠮᠥᠨ ᠤ ᠬᠦᠴᠦ ᠪᠠᠷ ᠲᠥᠯᠯᠡᠭᠦᠯᠵᠦ᠂ ᠡᠮ᠎ᠡ ᠬᠤᠨᠢ ᠪᠠ ᠬᠤᠷᠠᠭ᠎ᠠ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ᠃   ᠬᠤᠶᠠᠷ ᠲᠤ᠂ ᠡᠮ᠎ᠡ ᠬᠤᠨᠢᠨ ᠤ ᠰᠦ᠋ ᠬᠦᠷᠦᠯᠴᠡᠬᠦ ᠦᠭᠡᠢ ᠪᠠᠶᠢᠳᠠᠯ ᠳᠤ ᠴᠢᠭᠯᠡᠭᠦᠯᠦᠨ᠂ ᠲᠥᠯᠯᠡᠬᠦ ᠠᠴᠠ ᠡᠮᠦᠨᠡᠬᠢ ᠬᠤᠭᠤᠴᠠᠭᠠᠨ ᠤ ᠠᠷᠠᠴᠢᠯᠠᠯᠲᠠ ᠬᠠᠮᠢᠶᠠᠷᠤᠯᠲᠠ ᠶᠢ ᠴᠢᠩᠭᠠᠳᠬᠠᠬᠤ ᠠᠴᠠ ᠭᠠᠳᠠᠨ᠎ᠠ᠂ ᠬᠤᠷᠠᠭᠠᠨ ᠳᠤ ᠭᠦᠢᠴᠡᠳ ᠬᠡᠮᠵᠢᠶᠡᠨ ᠤ ᠰᠦ᠋ ︵ᠦᠵᠦᠮ ᠤᠨ ᠰᠢᠬᠢᠷ ᠤᠨ ᠲᠠᠯᠬ᠎ᠠ᠂ ᠦᠨᠢᠶᠡᠨ ᠰᠦ᠋᠂ ᠠᠰᠠᠷᠠᠭᠴᠢ︶ ᠪᠡᠯᠡᠳᠬᠡᠵᠦ᠂ ᠬᠤᠷᠠᠭᠠᠨ ᠤ ᠲᠣᠭᠲᠠᠭᠰᠠᠨ ᠴᠠᠭ ᠲᠠᠭᠠᠨ ᠤᠭᠤᠷᠠᠭ ᠰᠦ᠋ ᠢᠳᠡᠬᠦ ᠶᠢ ᠪᠠᠲᠤᠯᠠᠬᠤ ᠠᠴᠠ ᠭᠠᠳᠠᠨ᠎ᠠ᠂ ᠭᠦᠢᠴᠡᠳ ᠬᠡᠮᠵᠢᠶᠡᠨ ᠤ ᠰᠦ᠋ ᠨᠥᠬᠦᠪᠦᠷᠢᠯᠡᠵᠦ᠂ ᠬᠤᠷᠠᠭᠠᠨ ᠤ ᠥᠰᠦᠯᠲᠡ ᠪᠤᠶᠢᠵᠢᠯᠲᠠ ᠶᠢᠨ ᠱᠠᠭᠠᠷᠳᠠᠯᠭ᠎ᠠ ᠶᠢ ᠪᠠᠲᠤᠯᠠᠨ᠎ᠠ᠃ ᠭᠤᠷᠪᠠ ᠳᠤ᠂ ᠠᠩᠬ᠎ᠠ ᠲᠥᠯᠯᠡᠬᠦ ᠬᠤᠨᠢᠨ ᠤ ᠬᠤᠷᠠᠭ᠎ᠠ ᠪᠠᠨ ᠠᠪᠬᠤ ᠴᠢᠨᠠᠷ ᠨᠢ ᠨᠡᠶᠢᠳᠡᠮ ᠳᠡᠭᠡᠨ ᠠᠨᠠᠢ ᠪᠠᠶᠢᠬᠤ ᠪᠣᠳᠠᠲᠤ ᠪᠠᠶᠢᠳᠠᠯ ᠳᠤ ᠴᠢᠭᠯᠡᠭᠦᠯᠦᠨ᠂ ᠬᠠᠮᠢᠶ᠎ᠠ ᠪᠦᠬᠦᠢ ᠲᠥᠬᠦᠭᠡᠷᠦᠮᠵᠢ ᠶᠢ ᠰᠠᠶᠢᠲᠤᠷ ᠲᠣᠬᠢᠷᠠᠭᠤᠯᠵᠤ᠂ ᠲᠤᠰᠬᠠᠢ ᠬᠦᠷᠢᠶ᠎ᠡ ᠬᠠᠰᠢᠶ᠎ᠠ ᠶᠢ ᠰᠠᠶᠢᠲᠤᠷ ᠪᠡᠯᠡᠳᠬᠡᠵᠦ᠂ ᠡᠮ᠎ᠡ ᠬᠤᠨᠢ ᠪᠠ ᠬᠤᠷᠠᠭ᠎ᠠ ᠶᠢᠨ ᠬᠠᠮᠲᠤ ᠠᠮᠢᠳᠤᠷᠠᠬᠤ ᠳᠤ ᠲᠥᠬᠦᠮ ᠣᠷᠴᠢᠨ ᠲᠣᠭᠤᠷᠢᠨ ᠢ ᠪᠣᠶ ᠪᠣᠯᠭᠠᠵᠤ᠂ ᠡᠮ᠎ᠡ ᠬᠤᠨᠢᠨ ᠤ ᠬᠤᠷᠠᠭ᠎ᠠ ᠪᠠᠨ ᠠᠪᠬᠤ ᠪᠠᠶᠢᠳᠠᠯ ᠢ ᠬᠥᠭᠵᠢᠭᠡᠬᠦ ᠬᠡᠷᠡᠭᠲᠡᠢ᠃ ᠡᠭᠦᠨ ᠤ ᠬᠠᠮᠲᠤ ᠡᠮ᠎ᠡ ᠬᠤᠨᠢ ᠶᠢ ᠠᠷᠠᠴᠢᠯᠠᠵᠤ ᠬᠠᠮᠢᠶᠠᠷᠬᠤ ᠲᠠᠯ᠎ᠠ ᠪᠠᠷ ᠣᠨᠴᠠᠭᠠᠶ ᠬᠠᠷᠠᠭᠠᠯᠵᠠᠯ ᠦᠵᠡᠭᠦᠯᠵᠦ᠂ ᠣᠨᠴᠠᠭᠠᠶᠢᠯᠠᠨ ᠡᠪᠡᠰᠦ ᠪᠣᠷᠳᠤᠭ᠎ᠠ ᠶᠢᠨ ᠲᠠᠯ᠎ᠠ ᠪᠠᠷ ᠤᠭᠤᠷᠠᠭᠲᠤ ᠲᠡᠵᠢᠭᠡᠯ ᠪᠣᠷᠳᠤᠭ᠎ᠠ ᠪᠠ ᠰᠢᠭᠦᠰᠦᠯᠢᠭ ᠲᠡᠵᠢᠭᠡᠯ ᠪᠣᠷᠳᠤᠭ᠎ᠠ ᠶᠢ ᠵᠣᠬᠢᠴᠠᠭᠤᠯᠬᠤ ᠶᠢ ᠠᠩᠬᠠᠷᠴᠤ᠂ ᠡᠮ᠎ᠡ ᠬᠤᠨᠢᠨ ᠤ ᠰᠢᠮ᠎ᠡ ᠲᠡᠵᠢᠭᠡᠯ ᠤᠨ ᠬᠡᠷᠡᠭᠴᠡᠭᠡ ᠶᠢ ᠬᠠᠩᠭᠠᠬᠤ ᠬᠡᠷᠡᠭᠲᠡᠢ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号