ᠨᠢᠭᠡ᠂ ᠰᠠᠭᠤᠷᠢ ᠪᠣᠷᠳᠣᠭᠤᠷ ᠣᠷᠣᠭᠤᠯᠬᠤ ᠡᠭᠦᠨ ᠳᠤ ᠭᠤᠣᠯᠳᠠᠭᠤ ᠰᠠᠴᠤᠨ ᠣᠷᠣᠭᠤᠯᠬᠤ᠂ ᠵᠤᠷᠪᠤᠰᠯᠠᠨ | ᠣᠷᠣᠭᠤᠯᠬᠤ ᠪᠠ ᠳᠠᠪᠬᠤᠷᠭ᠎ᠠ ᠬᠤᠪᠢᠶᠠᠨ ᠣᠷᠣᠭᠤᠯᠬᠤ ᠭᠤᠷᠪᠠᠨ ᠵᠦᠢᠯ ᠪᠤᠶ᠃ ᠰᠠᠴᠤᠨ ᠣᠷᠣᠭᠤᠯᠬᠤ ᠨᠢ | ᠲᠠᠷᠢᠬᠤ ᠠᠴᠠ ᠡᠮᠦᠨ᠎ᠡ ᠭᠠᠵᠠᠷ ᠤᠨ ᠭᠠᠳᠠᠷᠭᠤ ᠳᠤ ᠲᠡᠭᠰᠢᠬᠡᠨ ᠰᠠᠴᠤᠵᠤ᠂ ᠳᠠᠷᠠᠭ᠎ᠠ ᠨᠢ ᠤᠷᠪᠠᠭᠤᠯᠤᠭᠰᠠᠨ ᠤ | ᠳᠠᠷᠠᠭ᠎ᠠ ᠪᠣᠷᠳᠣᠭᠤᠷ ᠢᠶᠠᠨ ᠭᠤᠤ ᠳᠤ ᠬᠢᠵᠦ ᠣᠷᠣᠭᠤᠯᠤᠨ᠎ᠠ︔ ᠵᠤᠷᠪᠤᠰᠯᠠᠨ ᠣᠷᠣᠭᠤᠯᠬᠤ ᠨᠢ ᠪᠣᠷᠳᠤᠭᠤᠷ ᠢ | ᠲᠦᠪᠯᠡᠷᠡᠭᠦᠯᠦᠨ᠂ ᠬᠡᠷᠡᠭᠯᠡᠬᠦ ᠬᠡᠮᠵᠢᠶ᠎ᠡ ᠪᠠᠷ ᠪᠠᠭ᠎ᠠ᠂ ᠪᠣᠷᠳᠣᠭᠤᠷ ᠤᠨ ᠦᠷ᠎ᠡ ᠠᠰᠢᠭ ᠢᠶᠠᠷ ᠥᠨᠳᠥᠷ ᠪᠠᠶᠢᠳᠠᠭ︔ | ᠳᠠᠪᠬᠤᠷᠭ᠎ᠠ ᠬᠤᠪᠢᠶᠠᠨ ᠣᠷᠣᠭᠤᠯᠬᠤ ᠨᠢ ᠭᠦᠨ ᠬᠠᠭᠠᠯᠪᠤᠷᠢᠯᠠᠬᠤ ᠲᠠᠢ ᠤᠶᠠᠯᠳᠤᠭᠤᠯᠤᠨ ᠪᠦᠳᠦᠭᠦᠯᠢᠭ ᠪᠣᠷᠳᠣᠭᠤᠷ | ᠪᠠ ᠤᠳᠠᠭᠠᠨ ᠦᠢᠯᠡᠳᠦᠯᠳᠦ ᠪᠣᠷᠳᠣᠭᠤᠷ ᠢ ᠭᠦᠨ ᠳᠠᠪᠬᠤᠷᠭ᠎ᠠ ᠳᠤ ᠣᠷᠣᠭᠤᠯᠵᠤ᠂ ᠨᠠᠷᠢᠯᠢᠭ ᠪᠣᠷᠳᠣᠭᠤᠷ ᠪᠠ | ᠲᠦᠷᠭᠡᠨ ᠦᠢᠯᠡᠳᠦᠯᠳᠦ ᠪᠣᠷᠳᠣᠭᠤᠷ ᠢ ᠬᠥᠷᠥᠰᠥᠨ ᠤ ᠳᠡᠭᠡᠳᠦ ᠳᠠᠪᠬᠤᠷᠭ᠎ᠠ ᠳᠤ ᠣᠷᠣᠭᠤᠯᠤᠨ᠎ᠠ᠃ ᠳᠡᠭᠡᠷᠡᠬᠢ | ᠨᠠᠷᠢᠯᠢᠭ ᠪᠦᠳᠦᠭᠦᠯᠢᠭ ᠪᠣᠷᠳᠣᠭᠤᠷ ᠢ ᠲᠡᠵᠢᠭᠡᠯ ᠡᠪᠡᠰᠦᠨ ᠤ ᠤᠷᠭᠤᠯᠲᠠ ᠶᠢᠨ ᠬᠤᠭᠤᠴᠠᠭᠠᠨ ᠤ ᠦᠨᠳᠦᠰᠦ ᠶᠢᠨ | ᠰᠢᠰᠲ᠋ᠧᠮ ᠤᠨ ᠭᠦᠨ ᠤ ᠬᠡᠮᠵᠢᠶ᠎ᠡ ᠪᠠ ᠲᠠᠷᠬᠠᠯᠲᠠ ᠶᠢᠨ ᠬᠡᠪᠴᠢᠶ᠎ᠡ ᠲᠠᠢ ᠤᠶᠠᠯᠳᠤᠭᠤᠯᠤᠨ᠂ ᠪᠣᠷᠳᠣᠭᠤᠷ ᠢ ᠭᠦᠨ | ᠣᠷᠤᠭᠤᠯᠵᠤ᠂ ᠲᠡᠵᠢᠭᠡᠯ ᠡᠪᠡᠰᠦᠨ ᠤ ᠤᠷᠭᠤᠯᠲᠠ ᠳᠤ ᠬᠡᠷᠡᠭᠰᠡᠬᠦ ᠰᠢᠮ᠎ᠡ ᠲᠡᠵᠢᠭᠡᠯ ᠢ ᠬᠠᠩᠭᠠᠨ᠎ᠠ᠃ ᠬᠤᠶᠠᠷ᠂ | ᠦᠷ᠎ᠡ ᠶᠢᠨ ᠪᠣᠷᠳᠣᠭᠤᠷ ᠣᠷᠣᠭᠤᠯᠬᠤ ᠨᠢᠭᠳᠠ ᠵᠤᠷᠪᠤᠰᠯᠠᠨ ᠲᠠᠷᠢᠬᠤ ᠳᠤ ᠭᠤᠤ ᠶᠢᠨ ᠳᠣᠲᠤᠷ᠎ᠠ ᠵᠤᠷᠪᠤᠰᠯᠠᠨ | ᠲᠠᠷᠢᠬᠤ ᠶᠢ ᠬᠡᠷᠡᠭᠯᠡᠵᠦ ᠪᠣᠯᠣᠨ᠎ᠠ︔ ᠲᠣᠭᠠᠯᠠᠨ ᠲᠠᠷᠢᠬᠤ᠂ ᠰᠢᠯᠵᠢᠭᠦᠯᠦᠨ ᠵᠠᠶᠢᠯᠠᠬᠤ ᠪᠤᠶᠤ ᠬᠠᠳᠬᠤᠬᠤ ᠳᠤ | ᠨᠦᠬᠡᠯᠡᠨ ᠣᠷᠣᠭᠤᠯᠬᠤ ᠪᠤᠶᠤ ᠦᠷ᠎ᠡ ᠶᠢ ᠳᠡᠪᠲᠦᠭᠡᠵᠦ᠂ ᠦᠷ᠎ᠡ ᠳᠤ ᠬᠤᠯᠢᠭᠰᠠᠨ ᠤ ᠳᠠᠷᠠᠭ᠎ᠠ ᠰᠠᠶ᠋ᠢ ᠲᠠᠷᠢᠨ᠎ᠠ᠃ | ᠪᠣᠷᠳᠣᠭᠤᠷ ᠣᠷᠣᠭᠤᠯᠬᠤ ᠦᠶ᠎ᠡ ᠳᠤ᠂ ᠪᠣᠷᠳᠣᠭᠤᠷ ᠦᠷ᠎ᠡ ᠶᠢ ᠢᠳᠡᠭᠳᠡᠭᠦᠯᠬᠦ ᠪᠠ ᠬᠤᠣᠷᠳᠠᠭᠤᠯᠬᠤ ᠠᠴᠠ | ᠰᠡᠷᠭᠡᠶᠢᠯᠡᠬᠦ ᠶᠢᠨ ᠲᠥᠯᠥᠭᠡ᠂ ᠬᠡᠳᠦ ᠬᠦᠴᠢᠯ᠂ ᠬᠡᠳᠦ ᠱᠦᠯᠲᠦ᠂ ᠥᠨᠳᠥᠷ ᠳᠤᠯᠠᠭᠠᠨ᠂ ᠢᠯᠵᠢᠷᠡᠵᠦ | ᠪᠣᠯᠪᠠᠰᠤᠷᠠᠭᠠᠳᠤᠢ ᠣᠷᠭᠠᠨᠢᠭ ᠪᠣᠷᠳᠣᠭᠤᠷ ᠨᠢ ᠴᠥᠮ ᠦᠷ᠎ᠡ ᠶᠢᠨ ᠪᠣᠷᠳᠣᠭᠤᠷ ᠪᠣᠯᠭᠠᠬᠤ ᠳᠤ ᠲᠣᠬᠢᠷᠠᠮᠵᠢ ᠦᠭᠡᠢ | ᠶᠤᠮ᠃ |