ᠰᠢ ᠶᠢᠨ ᠫᠢᠩ ᠰᠢᠶᠧᠶ᠋ᠢᠲ᠋ᠧ ᠪᠠᠭ᠎ᠠ ᠰᠤᠷᠭᠠᠭᠤᠯᠢ ᠶᠢᠨ ᠬᠢᠯᠢ ᠶᠢ ᠰᠠᠬᠢᠨ ᠬᠠᠮᠠᠭᠠᠯᠠᠵᠤ ᠰᠤᠷᠭᠠᠨ ᠬᠥᠮᠦᠵᠢᠯ ᠢ ᠳᠡᠮᠵᠢᠬᠦ ᠪᠠᠷᠠᠭᠤᠨ ᠣᠷᠣᠨ ᠤ ᠲᠥᠯᠥᠪᠯᠡᠭᠡ ᠶᠢᠨ ᠰᠠᠶᠢᠨ ᠲᠤᠷᠠᠴᠤᠳ ᠤᠨ ᠦᠢᠯᠡᠴᠢᠯᠡᠭᠡᠨ ᠤ ᠠᠩᠭᠢ ᠶᠢᠨ ᠭᠡᠰᠢᠭᠦᠳ ᠲᠤ ᠬᠠᠷᠢᠭᠤ ᠵᠠᠬᠢᠳᠠᠯ ᠢᠯᠡᠭᠡᠵᠦ ᠴᠢᠬᠤᠯᠠᠴᠢᠯᠠᠭᠰᠠᠨ ᠨᠢ — ᠡᠬᠡ ᠤᠯᠤᠰ ᠪᠣᠯᠤᠨ ᠠᠷᠠᠳ ᠲᠦᠮᠡᠨ ᠤ ᠬᠠᠮᠤᠭ ᠤᠨ ᠬᠡᠷᠡᠭᠴᠡᠭᠡ ᠲᠠᠢ ᠭᠠᠵᠠᠷ ᠲᠤ ᠬᠦᠷᠴᠦ ᠬᠡᠷᠡᠯ ᠭᠢᠯᠪᠠᠭ᠎ᠠ ᠪᠠᠨ ᠰᠠᠴᠤᠷᠠᠭᠤᠯᠤᠨ ᠦᠢᠯᠡᠳᠦᠯ ᠢᠶᠠᠨ ᠪᠠᠳᠠᠷᠠᠭᠤᠯᠵᠤ ᠳᠤᠮᠳᠠᠳᠤ ᠤᠯᠤᠰ ᠤᠨ ᠮᠠᠶ᠋ᠢᠭ ᠤᠨ ᠤᠳᠤᠬᠢᠴᠢᠯᠠᠯᠳᠠ ᠶᠢᠨ ᠪᠥᠲᠥᠭᠡᠨ ᠪᠠᠶᠢᠭᠤᠯᠤᠯᠲᠠ ᠳᠤ ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠭᠦᠬᠦ ᠬᠡᠷᠡᠭᠳᠡᠢ
ᠨᠡᠶᠢᠲᠡᠯᠡᠭᠰᠡᠨ ᠴᠠᠭ᠄
2025/5/6
   ᠲᠠᠪᠤᠨ ᠰᠠᠷ᠎ᠠ ᠶᠢᠨ ᠳᠥᠷᠪᠡᠨ ᠤ ᠵᠠᠯᠠᠭᠤᠴᠤᠳ ᠤᠨ ᠪᠠᠶᠠᠷ ᠬᠦᠷᠴᠦ ᠢᠷᠡᠬᠦ ᠲᠠᠰᠢᠷᠠᠮ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠶ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠰᠢᠨᠵᠢᠶᠠᠩ ᠤᠨ ᠺᠢᠽᠢᠯᠰᠦ ᠶᠢᠨ ᠬᠢᠷᠭᠢᠰ ᠤᠨ ᠥᠪᠡᠷᠲᠡᠭᠡᠨ ᠵᠠᠰᠠᠬᠤ ᠵᠧᠦ ᠶᠢᠨ ᠠᠲ᠋ᠦ᠋ᠱ ᠬᠤᠳᠠ ᠶᠢᠨ ᠺᠠᠷᠠ ᠵᠢᠶᠦ᠋ᠨ ᠰᠢᠶᠠᠩ ᠤᠨ ᠰᠢᠶᠧᠶ᠋ᠢᠲ᠋ᠧ ᠪᠠᠭ᠎ᠠ ᠰᠤᠷᠭᠠᠭᠤᠯᠢ ᠶᠢᠨ ᠬᠢᠯᠢ ᠶᠢ ᠰᠠᠬᠢᠨ ᠬᠠᠮᠠᠭᠠᠯᠠᠵᠤ ᠰᠤᠷᠭᠠᠨ ᠬᠥᠮᠦᠵᠢᠯ ᠢ ᠳᠡᠮᠵᠢᠬᠦ ᠪᠠᠷᠠᠭᠤᠨ ᠣᠷᠣᠨ ᠤ ᠲᠥᠯᠥᠪᠯᠡᠭᠡ ᠶᠢᠨ ᠰᠠᠶᠢᠨ ᠲᠤᠷᠠᠴᠤᠳ ᠤᠨ ᠦᠢᠯᠡᠴᠢᠯᠡᠭᠡᠨ ᠤ ᠠᠩᠬᠢ ᠶᠢᠨ ᠪᠦᠬᠦ ᠭᠡᠰᠢᠭᠦᠳ ᠲᠤ ᠬᠠᠷᠢᠭᠤ ᠵᠠᠬᠢᠳᠠᠯ ᠢᠯᠡᠭᠡᠵᠦ᠂ ᠪᠦᠬᠦ ᠤᠯᠤᠰ ᠤᠨ ᠥᠷᠭᠡᠨ ᠣᠯᠠᠨ ᠵᠠᠯᠠᠭᠤᠴᠤᠳ ᠲᠤ ᠪᠠᠶᠠᠷ ᠤᠨ ᠡᠳᠦᠷ ᠤᠨ ᠮᠡᠨᠳᠦᠴᠢᠯᠡᠯ ᠬᠦᠷᠭᠡᠬᠦ ᠶᠢᠨ ᠬᠠᠮᠲᠤ ᠨᠠᠨᠳᠢᠨ ᠬᠦᠰᠡᠯ ᠳᠤᠷᠠᠳᠴᠠᠶ᠃   ᠰᠢ ᠶᠢᠨ ᠫᠢᠩ ᠬᠠᠷᠢᠭᠤ ᠵᠠᠬᠢᠳᠠᠯ ᠳᠠᠭᠠᠨ᠂ ᠲᠠ ᠨᠠᠷ ᠨᠠᠮ ᠤᠨ ᠤᠷᠢᠶᠠᠯᠠᠭ᠎ᠠ ᠶᠢ ᠳᠠᠭᠠᠵᠤ ᠪᠠᠷᠠᠭᠤᠨᠳᠠᠬᠢ ᠬᠢᠯᠢ ᠬᠢᠵᠠᠭᠠᠷ ᠣᠷᠣᠨ ᠳᠤ ᠬᠦᠷᠴᠤ ᠪᠢᠴᠢᠭ ᠵᠢᠭᠠᠵᠤ ᠬᠥᠮᠦᠨ ᠬᠥᠮᠦᠵᠢᠭᠦᠯᠵᠦ᠂ ᠲᠤᠬᠠᠶ ᠶᠢᠨ ᠭᠠᠵᠠᠷ ᠤᠨ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢ ᠠᠬᠢᠭᠤᠯᠬᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ᠂ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠪᠠ ᠬᠢᠯᠢ ᠬᠢᠵᠠᠭᠠᠷ ᠢ ᠲᠣᠭᠲᠠᠪᠤᠷᠢᠵᠢᠭᠤᠯᠬᠤ ᠳᠤ ᠢᠳᠡᠪᠬᠢᠲᠡᠶ ᠦᠢᠯᠡᠳᠦᠯ ᠪᠠᠳᠠᠷᠠᠭᠤᠯᠵᠤ᠂ ᠥᠪᠡᠷ ᠢᠶᠠᠨ ᠴᠦ ᠳᠠᠪᠲᠠᠭᠳᠠᠨ ᠪᠣᠯᠪᠠᠰᠤᠷᠠᠵᠤ ᠦᠰᠦᠨ ᠪᠤᠶᠢᠵᠢᠬᠰᠠᠨ ᠪᠠᠶᠢᠨ᠎ᠠ ᠭᠡᠵᠦ ᠬᠡᠯᠡᠪᠡ᠃   ᠰᠢ ᠶᠢᠨ ᠫᠢᠩ᠂ ᠡᠳᠡᠭᠡᠷ ᠵᠢᠯ ᠤᠳ ᠲᠤ ᠨᠡᠩ ᠤᠯᠠᠨ ᠵᠠᠯᠠᠭᠤᠴᠤᠳ ᠪᠠᠷᠠᠭᠤᠨ ᠣᠷᠣᠨ ᠳᠤ ᠣᠴᠢᠵᠤ᠂ ᠬᠥᠳᠡᠭᠡ ᠲᠣᠰᠬᠤᠨ ᠳᠤ ᠣᠴᠢᠵᠤ᠂ ᠦᠨᠳᠦᠰᠦᠨ ᠱᠠᠲᠤᠨ ᠳᠤ ᠣᠴᠢᠵᠤ ᠰᠠᠶᠢᠨ ᠳᠤᠷ᠎ᠠ ᠠᠴᠠ ᠪᠠᠨ ᠦᠢᠯᠡᠴᠢᠯᠡᠬᠦ ᠵᠠᠮ ᠢ ᠰᠤᠩᠭᠤᠵᠤ ᠂ ᠬᠠᠷᠠᠮ ᠦᠭᠡᠢ ᠵᠣᠷᠢᠭᠤᠯᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠵᠠᠯᠠᠭᠤᠴᠤᠳ ᠤᠨ ᠴᠤᠭ ᠪᠠᠳᠠᠷᠠᠩᠭᠤᠢ ᠥᠭᠡᠳᠡᠯᠡᠨ ᠲᠠᠪᠰᠢᠬᠤ ᠤᠶᠤᠨ ᠰᠠᠨᠠᠭᠠᠨ ᠤ ᠳᠦᠷᠰᠦ ᠪᠠᠶᠢᠳᠠᠯ ᠪᠣᠯᠤᠨ ᠤᠯᠤᠰ ᠢᠶᠠᠨ ᠬᠦᠴᠦᠷᠬᠡᠭᠵᠢᠭᠦᠯᠬᠦ ᠳᠤ ᠮᠢᠨᠦ ᠬᠠᠷᠢᠭᠤᠴᠠᠯᠭ᠎ᠠ ᠡᠬᠦᠷᠬᠡᠯᠡᠯ ᠪᠠᠶᠢᠬᠤ ᠶᠢ ᠢᠯᠡᠷᠡᠭᠦᠯᠪᠡ᠃ ᠥᠷᠭᠡᠨ ᠣᠯᠠᠨ ᠵᠠᠯᠠᠭᠤᠴᠤᠳ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠡᠬᠡ ᠤᠯᠤᠰ ᠤᠨ ᠬᠠᠶᠢᠷ᠎ᠠ ᠰᠡᠳᠭᠢᠯᠭᠡ ᠪᠠᠨ ᠵᠤᠵᠠᠭᠠᠳᠬᠠᠵᠤ᠂ ᠴᠠᠭᠠᠷᠠᠭᠰᠠᠨ ᠡᠷᠳᠡᠮ ᠴᠢᠳᠠᠪᠤᠷᠢ ᠶᠢ ᠳᠠᠪᠲᠠᠨ ᠪᠣᠯᠪᠠᠰᠤᠷᠠᠭᠤᠯᠵᠤ᠂ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠡᠬᠡ ᠤᠯᠤᠰ ᠪᠣᠯᠤᠨ ᠠᠷᠠᠳ ᠲᠦᠮᠡᠨ ᠤ ᠬᠠᠮᠤᠭ ᠤᠨ ᠬᠡᠷᠡᠭᠴᠡᠭᠡ ᠲᠠᠢ ᠭᠠᠵᠠᠷ ᠲᠤ ᠬᠦᠷᠴᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃   ᠰᠢᠶᠧᠶ᠋ᠢᠲ᠋ᠧ ᠪᠠᠭ᠎ᠠ ᠰᠤᠷᠭᠠᠭᠤᠯᠢ ᠪᠣᠯ ᠬᠢᠯᠢ ᠶᠢᠨ ᠱᠤᠭᠤᠮ ᠠᠴᠠ 47 ᠺᠢᠯᠣᠮᠧᠲᠷ ᠵᠠᠶᠢᠲᠠᠶ᠂ ᠭᠤᠤᠯᠳᠠᠭᠤ ᠬᠢᠷᠭᠢᠰ ᠦᠨᠳᠦᠰᠦᠲᠡᠨ ᠤ ᠰᠤᠷᠤᠭᠴᠢᠳ ᠢᠶᠠᠷ ᠪᠦᠷᠢᠯᠳᠦᠭᠰᠡᠨ ᠲᠣᠰᠬᠤᠨ ᠤ ᠲᠠᠰ ᠤᠨ ᠪᠠᠭ᠎ᠠ ᠰᠤᠷᠭᠠᠭᠤᠯᠢ ᠪᠠᠶᠢᠵᠦ᠂ 2022 ᠣᠨ ᠤ 8 ᠰᠠᠷ᠎ᠠ ᠳᠤ ᠺᠢᠽᠢᠯᠰᠦ ᠵᠸᠦ ᠶᠢᠨ ᠠᠩᠬᠠᠳᠠᠭᠴᠢ ᠪᠠᠷᠠᠭᠤᠨ ᠣᠷᠣᠨ ᠤ ᠲᠥᠯᠥᠪᠯᠡᠭᠡ ᠶᠢᠨ ᠰᠠᠶᠢᠨ ᠳᠤᠷᠠᠴᠤᠳ ᠠᠴᠠ ᠰᠤᠷᠭᠠᠭᠤᠯᠢ ᠶᠢ ᠳᠠᠭᠠᠭᠠᠴᠢᠯᠠᠨ ᠰᠤᠷᠭᠠᠨ ᠬᠥᠮᠦᠵᠢᠯ ᠢ ᠳᠡᠮᠵᠢᠬᠦ ᠲᠤᠷᠰᠢᠯᠲᠠ ᠶᠢᠨ ᠰᠤᠷᠭᠠᠭᠤᠯᠢ ᠪᠣᠯᠵᠠᠶ᠃ ᠣᠶᠢᠷ᠎ᠠ ᠳᠤ᠂ ᠰᠢᠶᠤᠶ᠋ᠢᠲ᠋ᠧ ᠪᠠᠭ᠎ᠠ ᠰᠤᠷᠭᠠᠭᠤᠯᠢ ᠶᠢᠨ ᠬᠢᠯᠢ ᠶᠢ ᠰᠠᠬᠢᠨ ᠬᠠᠮᠠᠭᠠᠯᠠᠵᠤ ᠰᠤᠷᠭᠠᠨ ᠬᠥᠮᠦᠵᠢᠯ ᠢ ᠳᠡᠮᠵᠢᠬᠦ ᠪᠠᠷᠠᠭᠤᠨ ᠣᠷᠣᠨ ᠤ ᠲᠥᠯᠥᠪᠯᠡᠭᠡ ᠶᠢᠨ ᠰᠠᠶᠢᠨ ᠳᠤᠷᠠᠴᠤᠤᠨ ᠤᠨ ᠦᠢᠯᠡᠴᠢᠯᠡᠭᠡᠨ ᠤ ᠠᠩᠭᠢ ᠶᠢᠨ ᠭᠡᠰᠢᠭᠦᠳ ᠶᠡᠷᠦᠩᠬᠡᠶ ᠱᠦᠵᠢ ᠰᠢ ᠶᠢᠨ ᠫᠢᠩ ᠳᠤ ᠵᠠᠬᠢᠳᠠᠯ ᠪᠢᠴᠢᠵᠦ᠂ ᠬᠢᠯᠢ ᠶᠢ ᠰᠠᠬᠢᠨ ᠬᠠᠮᠠᠭᠠᠯᠠᠵᠤ ᠰᠤᠷᠭᠠᠨ ᠬᠥᠮᠦᠵᠢᠯ ᠢ ᠳᠡᠮᠵᠢᠭᠰᠡᠨ ᠪᠠᠶᠢᠳᠠᠯ ᠪᠠ ᠲᠥᠷᠥᠭᠳᠡᠯ ᠢᠶᠠᠨ ᠬᠠᠷᠢᠭᠤ ᠮᠡᠳᠡᠭᠦᠯᠵᠦ᠂ ᠪᠠᠷᠠᠭᠤᠨ ᠣᠷᠣᠨ ᠳᠤ ᠦᠨᠳᠦᠰᠦᠯᠡᠵᠦ᠂ ᠬᠢᠯᠢ ᠬᠢᠵᠠᠭᠠᠷ ᠣᠷᠣᠨ ᠳᠤ ᠦᠢᠯᠡᠴᠢᠯᠡᠬᠦ ᠵᠣᠷᠢᠭ ᠢᠶᠠᠨ ᠢᠯᠡᠳᠭᠡᠵᠡᠶ᠃︵ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 3 ᠤ ᠴᠠᠬᠢᠯᠭᠠᠨ ᠮᠡᠳᠡᠭᠡ︶
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号