ᠰᠢ ᠶᠢᠨ ᠫᠢᠩ ᠤᠷᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠶᠢᠨ ᠬᠠᠮᠲᠤ ᠵᠦᠪᠯᠡᠯᠳᠤ ᠶᠢᠨ ᠠᠭᠤᠤ ᠶᠡᠭᠡ ᠤᠯᠤᠰ ᠢᠶᠠᠨ ᠬᠠᠮᠠᠭᠠᠯᠠᠬᠤ ᠲᠠᠶᠢᠨ ᠢᠯᠠᠯᠲᠠ ᠣᠯᠤᠭᠰᠠᠨ 80 ᠵᠢᠯ ᠤᠨ ᠤᠢ ᠶᠢ ᠳᠤᠷᠠᠰᠬᠠᠬᠤ ᠪᠠᠶᠠᠷ ᠤᠨ ᠶᠣᠰᠣᠯᠠᠯ ᠳᠤ ᠣᠷᠣᠯᠴᠠᠨ᠎ᠠ
ᠨᠡᠶᠢᠲᠡᠯᠡᠭᠰᠡᠨ ᠴᠠᠭ᠄
2025/5/6
   ᠭᠠᠳᠠᠭᠠᠳᠤ ᠶᠠᠪᠤᠳᠠᠯ ᠤᠨ ᠶᠠᠮᠤᠨ ᠤ ᠥᠭᠦᠯᠡᠭᠴᠢ ᠰᠤᠷᠪᠤᠯᠵᠢᠯᠠᠭᠴᠢ ᠶᠢᠨ ᠠᠰᠠᠭᠤᠯᠳᠠ ᠶᠢ ᠬᠠᠷᠢᠭᠤᠯᠪᠠ   ᠭᠠᠳᠠᠭᠠᠳᠤ ᠶᠠᠪᠤᠳᠠᠯ ᠤᠨ ᠶᠠᠮᠤᠨ ᠤ ᠥᠭᠦᠯᠡᠭᠴᠢ 4 ᠤ ᠡᠳᠦᠷ᠄ ᠣᠷᠣᠰ ᠤᠨ ᠬᠤᠯᠪᠣᠭᠠᠨ ᠤ ᠶᠡᠷᠦᠩᠬᠡᠶᠢᠯᠡᠭᠴᠢ ᠫᠦᠲ᠋ᠢᠨ ᠤ ᠤᠷᠢᠯᠭ᠎ᠠ ᠪᠠᠷ᠂ ᠤᠯᠤᠰ ᠤᠨ ᠲᠡᠷᠢᠭᠦᠯᠡᠭᠴᠢ ᠰᠢ ᠶᠢᠨ ᠫᠢᠩ 5 ᠰᠠᠷ᠎ᠠ ᠶᠢᠨ 7 ᠠᠴᠠ 10 ᠤ ᠡᠳᠦᠷ ᠪᠣᠯᠲᠠᠯ᠎ᠠ ᠣᠷᠣᠰ ᠲᠤ ᠲᠥᠷᠥ ᠶᠢᠨ ᠶᠠᠪᠤᠳᠠᠯ ᠤᠨ ᠠᠶᠢᠯᠴᠢᠯᠠᠯᠲᠠ ᠬᠢᠬᠦ ᠶᠢᠨ ᠬᠠᠮᠲᠤ ᠮᠣᠰᠺᠸᠠ ᠳᠤ ᠶᠠᠪᠤᠭᠳᠠᠬᠤ ᠵᠥᠪᠯᠡᠯᠲᠦ ᠶᠢᠨ ᠠᠭᠤᠤ ᠶᠡᠭᠡ ᠤᠯᠤᠰ ᠢᠶᠠᠨ ᠬᠠᠮᠠᠭᠠᠯᠠᠬᠤ ᠲᠡᠶᠢᠨ ᠢᠯᠠᠯᠲᠠ ᠣᠯᠤᠭᠰᠠᠨ 80 ᠵᠢᠯ ᠤᠨ ᠣᠶ ᠶᠢ ᠳᠤᠷᠠᠰᠬᠠᠬᠤ ᠪᠠᠶᠠᠷ ᠤᠨ ᠶᠣᠰᠣᠯᠠᠯ ᠳᠤ ᠣᠷᠣᠯᠴᠠᠨ᠎ᠠ ᠭᠡᠵᠦ ᠨᠡᠶᠢᠲᠡᠯᠡᠪᠡ᠃   ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 4 ᠤ ᠴᠠᠬᠢᠯᠭᠠᠨ ᠮᠡᠳᠡᠭᠡ ᠣᠷᠣᠰ ᠤᠨ ᠬᠤᠯᠪᠣᠭᠠᠨ ᠤ ᠶᠡᠷᠦᠩᠬᠡᠶᠢᠯᠡᠭᠴᠢ ᠫᠦᠲ᠋ᠢᠨ ᠤ ᠤᠷᠢᠯᠭ᠎ᠠ ᠪᠠᠷ᠂ ᠤᠯᠤᠰ ᠤᠨ ᠲᠡᠷᠢᠭᠦᠯᠡᠭᠴᠢ ᠰᠢ ᠶᠢᠨ ᠫᠢᠩ 5 ᠰᠠᠷ᠎ᠠ ᠶᠢᠨ 7 ᠠᠴᠠ 10 ᠤ ᠡᠳᠦᠷ ᠪᠣᠯᠲᠠᠯ᠎ᠠ ᠣᠷᠣᠰ ᠲᠤ ᠲᠥᠷᠥ ᠶᠢᠨ ᠶᠠᠪᠤᠳᠠᠯ ᠤᠨ ᠠᠶᠢᠯᠴᠢᠯᠠᠯᠲᠠ ᠬᠢᠬᠦ ᠶᠢᠨ ᠬᠠᠮᠲᠤ ᠮᠣᠰᠺᠸᠠ ᠳᠤ ᠶᠠᠪᠤᠭᠳᠠᠬᠤ ᠵᠥᠪᠯᠡᠯᠲᠦ ᠶᠢᠨ ᠠᠭᠤᠤ ᠶᠡᠭᠡ ᠤᠯᠤᠰ ᠢᠶᠠᠨ ᠬᠠᠮᠠᠭᠠᠯᠠᠬᠤ ᠲᠡᠶᠢᠨ ᠢᠯᠠᠯᠲᠠ ᠣᠯᠤᠭᠰᠠᠨ 80 ᠵᠢᠯ ᠤᠨ ᠣᠶ ᠶᠢ ᠳᠤᠷᠠᠰᠬᠠᠬᠤ ᠪᠠᠶᠠᠷ ᠤᠨ ᠶᠣᠰᠣᠯᠠᠯ ᠳᠤ ᠣᠷᠣᠯᠴᠠᠨ᠎ᠠ᠃ ᠭᠠᠳᠠᠭᠠᠳᠤ ᠶᠠᠪᠤᠳᠠᠯ ᠤᠨ ᠶᠠᠮᠤᠨ ᠤ ᠥᠭᠦᠯᠡᠭᠴᠢ 4 ᠤ ᠡᠳᠦᠷ ᠰᠤᠷᠪᠤᠯᠵᠢᠯᠠᠭᠴᠢ ᠳᠤ ᠡᠨᠡ ᠤᠳᠠᠭ᠎ᠠ ᠶᠢᠨ ᠠᠶᠢᠯᠴᠢᠯᠠᠯᠲᠠ ᠶᠢᠨ ᠭᠤᠣᠯ ᠪᠤᠯᠬᠤ ᠲᠣᠬᠢᠷᠠᠭᠤᠯᠤᠯᠲᠠ ᠵᠢᠴᠢ ᠳᠤᠮᠳᠠᠳᠤ ᠣᠷᠣᠰ ᠤᠨ ᠬᠠᠷᠢᠯᠴᠠᠭ᠎ᠠ ᠶᠢ ᠬᠥᠭᠵᠢᠭᠦᠯᠬᠦ ᠲᠤᠬᠠᠶ ᠲᠤᠮᠳᠠᠳᠤ ᠤᠯᠤᠰ ᠤᠨ ᠬᠦᠰᠡᠯ ᠬᠦᠯᠢᠶᠡᠯᠳᠡ ᠶᠢ ᠲᠠᠨᠢᠯᠴᠠᠭᠤᠯᠵᠠᠶ᠃   ᠥᠭᠦᠯᠡᠭᠴᠢ᠂ ᠣᠳᠣᠬᠠᠨ ᠳᠤ ᠵᠠᠭᠤᠨ ᠵᠢᠯ ᠳᠤ ᠲᠤᠬᠢᠶᠠᠯᠳᠤᠭ᠎ᠠ ᠦᠭᠡᠢ ᠶᠡᠭᠡ ᠬᠤᠪᠢᠰᠤᠯᠲᠠ ᠲᠦᠷᠭᠡᠳᠦᠨ ᠤᠯᠠᠷᠢᠵᠤ᠂ ᠤᠯᠠᠨ ᠤᠯᠤᠰ ᠤᠨ ᠡᠮᠬᠢ ᠳᠢᠭᠯᠢᠮ ᠳᠤ ᠭᠦᠨᠵᠡᠭᠡᠢ ᠲᠤᠬᠢᠷᠠᠭᠤᠯᠤᠯᠳᠠ ᠭᠠᠷᠴᠤ ᠪᠠᠶᠢᠨ᠎ᠠ᠃ ᠲᠡᠷᠢᠭᠦᠯᠡᠭᠴᠢ ᠰᠢ ᠶᠢᠨ ᠫᠢᠩ ᠪᠣᠯᠤᠨ ᠶᠡᠷᠦᠩᠬᠡᠶᠢᠯᠡᠭᠴᠢ ᠫᠦᠲ᠋ᠢᠨ ᠲᠡᠦᠬᠡ ᠪᠣᠯᠤᠨ ᠪᠠᠶᠢᠯᠳᠤᠬᠤ ᠪᠤᠳᠤᠯᠭ᠎ᠠ ᠶᠢᠨ ᠦᠨᠳᠦᠷᠴᠡ ᠠᠴᠠ᠂ ᠰᠢᠨ᠎ᠡ ᠴᠠᠭ ᠦᠶ᠎ᠡ ᠶᠢᠨ ᠳᠤᠮᠳᠠᠳᠤ ᠤᠷᠤᠰ ᠤᠨ ᠬᠠᠷᠢᠯᠴᠠᠭ᠎ᠠ ᠶᠢ ᠬᠦᠳᠦᠯᠥᠨ ᠳᠠᠭᠠᠭᠤᠯᠵᠤ ᠨᠠᠷᠢᠨ ᠪᠤᠳᠤᠯᠢᠶᠠᠨᠲᠠᠢ ᠭᠠᠳᠠᠭᠠᠳᠤ ᠣᠷᠴᠢᠨ ᠳᠤ ᠢᠮᠠᠭᠲᠠ ᠡᠷᠡᠰ ᠪᠠᠲᠤ ᠤᠷᠤᠭᠰᠢᠯᠠᠵᠤ᠂ ᠡᠭᠦᠷᠢᠳᠡ ᠶᠢᠨ ᠡᠶᠡᠯᠳᠡᠭ ᠬᠥᠷᠰᠢ ᠶᠢᠨ ᠨᠥᠬᠦᠷᠰᠡᠭ ᠬᠠᠷᠢᠯᠴᠠᠭ᠎ᠠ᠂ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠮᠵᠢᠯᠴᠠᠭ᠎ᠠ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠬᠢᠵᠦ ᠬᠠᠮᠲᠤ ᠪᠠᠷ ᠠᠰᠢᠭ ᠬᠦᠷᠳᠡᠬᠦ ᠢᠯᠡ ᠲᠣᠳᠣ ᠣᠨᠴᠠᠯᠢᠭ ᠢ ᠢᠯᠡᠷᠡᠭᠦᠯᠵᠠᠢ ᠭᠡᠵᠤ ᠢᠯᠡᠳᠭᠡᠪᠡ᠃   ᠥᠭᠦᠯᠡᠭᠴᠢ᠂ ᠲᠡᠷᠢᠭᠦᠯᠡᠭᠴᠢ ᠰᠢ ᠶᠢᠨ ᠫᠢᠩ ᠡᠨᠡ ᠤᠳᠠᠭ᠎ᠠ ᠤᠷᠢᠯᠭ᠎ᠠ ᠪᠠᠷ ᠤᠷᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠬᠤᠭᠤᠴᠠᠭᠠᠨ ᠳᠤ᠂ ᠶᠡᠷᠦᠩᠬᠡᠶᠢᠯᠡᠭᠴᠢ ᠫᠦᠲ᠋ᠢᠨ ᠯᠦᠭᠡ ᠰᠢᠨ᠎ᠡ ᠪᠠᠶᠢᠳᠠᠯ ᠳᠣᠣᠷᠠᠬᠢ ᠳᠤᠮᠳᠠᠳᠤ ᠤᠷᠤᠰ ᠤᠨ ᠬᠠᠷᠢᠯᠴᠠᠭ᠎ᠠ ᠶᠢᠨ ᠬᠥᠭᠵᠢᠯᠲᠡ ᠵᠢᠴᠢ ᠠᠯᠢ ᠤᠯᠠᠨ ᠳᠡᠯᠡᠬᠡᠢ ᠶᠢᠨ ᠪᠠ ᠭᠠᠵᠠᠷ ᠣᠷᠣᠨ ᠤ ᠴᠢᠬᠤᠯᠠ ᠶᠡᠭᠡ ᠠᠰᠠᠭᠤᠳᠠᠯ ᠤᠨ ᠲᠤᠬᠠᠢ ᠪᠠᠶᠢᠯᠳᠤᠬᠤ ᠪᠤᠳᠤᠯᠭ᠎ᠠ ᠶᠢᠨ ᠤᠯᠤᠯᠴᠠᠭ᠎ᠠ ᠬᠢᠨ᠎ᠠ᠃ ᠬᠤᠶᠠᠷ ᠤᠯᠤᠰ ᠤᠨ ᠲᠡᠷᠢᠭᠦᠨ ᠤ ᠲᠤᠬᠢᠷᠠᠯᠴᠠᠭᠰᠠᠠ ᠴᠢᠬᠤᠯᠠ ᠬᠠᠮᠲᠤ ᠶᠢᠨ ᠲᠠᠨᠢᠯᠲᠠ ᠯᠠᠪᠲᠠᠢ ᠳᠤᠮᠳᠠᠳᠤ ᠤᠷᠤᠰ ᠤᠨ ᠤᠯᠤᠰ ᠲᠦᠷᠦ ᠶᠢᠨ ᠢᠲᠡᠭᠡᠯᠴᠡᠭᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠪᠠᠶᠢᠯᠳᠤᠬᠤ ᠪᠤᠳᠤᠯᠭ᠎ᠠ ᠶᠢᠨ ᠬᠠᠮᠵᠢᠯᠴᠠᠭᠠᠨ ᠤ ᠠᠭᠤᠯᠬᠤᠨ ᠢ ᠪᠠᠶᠠᠯᠢᠭᠵᠢᠭᠤᠯᠵᠤ᠂ ᠡᠯ᠎ᠡ ᠬᠦᠷᠢᠶᠡᠨ ᠳᠠᠬᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠠᠬᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠤᠯᠠᠨ ᠪᠤᠶᠠᠨ ᠦᠢᠯᠡᠳᠴᠦ᠂ ᠳᠡᠯᠡᠬᠡᠢ ᠨᠡᠶᠢᠭᠡᠮ ᠳᠤ ᠨᠡᠩ ᠤᠯᠠᠨ ᠲᠣᠭᠲᠠᠭᠤᠨ ᠴᠢᠨᠠᠷ ᠪᠠ ᠢᠳᠡᠪᠬᠢ ᠬᠦᠴᠦᠨ ᠨᠡᠮᠡᠷᠢᠯᠡᠬᠦ ᠶᠢ ᠢᠲᠡᠭᠡᠵᠦ ᠪᠠᠶᠢᠨ᠎ᠠ ᠭᠡᠵᠦ ᠬᠡᠯᠡᠪᠡ᠃   ᠥᠭᠦᠯᠡᠭᠴᠢ᠂ ᠡᠨᠡ ᠵᠢᠯ ᠪᠣᠯ ᠳᠤᠮᠳᠠᠳᠤ ᠤᠯᠤᠰ ᠤᠨ ᠠᠷᠠᠳ ᠲᠦᠮᠡᠨ ᠤ ᠶᠠᠫᠣᠨ ᠢ ᠡᠰᠡᠷᠭᠦᠴᠡᠬᠦ ᠲᠠᠶᠢᠨ᠂ ᠵᠦᠪᠯᠡᠯᠳᠤ ᠶᠢᠨ ᠠᠭᠤᠤ ᠶᠡᠭᠡ ᠤᠯᠤᠰ ᠢᠶᠠᠨ ᠬᠠᠮᠠᠭᠠᠯᠠᠬᠤ ᠲᠠᠶᠢᠨ ᠵᠢᠴᠢ ᠳᠡᠯᠡᠬᠡᠢ ᠶᠢᠨ ᠹᠠᠱᠢᠰ ᠢ ᠡᠰᠡᠷᠭᠦᠴᠡᠭᠰᠡᠨ ᠲᠠᠶᠢᠨ ᠢᠯᠠᠯᠲᠠ ᠣᠯᠤᠭᠰᠠᠨ 80 ᠵᠢᠯ ᠤᠨ ᠤᠢ ᠪᠣᠯᠤᠨ᠎ᠠ᠃ ᠳᠤᠮᠳᠠᠳᠤ ᠤᠷᠤᠰ ᠬᠤᠶᠠᠷ ᠤᠯᠤᠰ ᠳᠡᠯᠡᠬᠡᠢ ᠶᠢᠨ ᠬᠤᠶᠠᠳᠤᠭᠠᠷ ᠲᠠᠶᠢᠨ ᠤ ᠠᠽᠢᠶ᠎ᠠ ᠲᠢᠪ ᠪᠣᠯᠤᠨ ᠧᠦ᠋ᠷᠣᠫᠠ ᠲᠢᠪ ᠤᠨ ᠬᠤᠶᠠᠷ ᠭᠤᠣᠯ ᠲᠠᠶᠢᠨ ᠤ ᠲᠠᠯᠠᠪᠤᠷ ᠪᠣᠯᠤᠭᠰᠠᠨ ᠤ ᠬᠤᠪᠢ ᠳᠤ᠂ ᠳᠡᠯᠡᠬᠡᠢ ᠶᠢᠨ ᠹᠠᠱᠢᠰ ᠢ ᠡᠰᠡᠷᠭᠦᠴᠡᠭᠰᠡᠨ ᠲᠠᠶᠢᠨ ᠤ ᠢᠯᠠᠯᠲᠠ ᠶᠢ ᠤᠯᠬᠤ᠂ ᠥᠪᠡᠷ ᠥᠪᠡᠷ ᠤᠨ ᠦᠨᠳᠦᠰᠦᠲᠡᠨ ᠢᠶᠠᠨ ᠮᠥᠬᠦᠯ ᠤᠨ ᠠᠶᠤᠯ ᠠᠴᠠ ᠠᠪᠤᠷᠠᠬᠤ ᠪᠣᠯᠤᠨ ᠬᠥᠮᠦᠨ ᠲᠥᠷᠥᠯᠬᠢᠲᠡᠨ ᠤ ᠢᠷᠡᠭᠡᠳᠦᠢ ᠬᠤᠪᠢ ᠵᠠᠶᠠᠭ᠎ᠠ ᠶᠢ ᠠᠪᠤᠷᠠᠬᠤ ᠳᠤ ᠯᠤᠲᠤ ᠶᠡᠭᠡ ᠦᠷᠡᠭᠳᠡᠯ ᠭᠠᠷᠭᠠᠵᠤ᠂ ᠴᠢᠬᠤᠯᠠ ᠶᠡᠭᠡ ᠲᠡᠦᠬᠡᠲᠦ ᠬᠤᠪᠢ ᠨᠡᠮᠡᠷᠢ ᠦᠵᠡᠭᠦᠯᠪᠡ᠃ ᠲᠡᠷᠢᠭᠦᠯᠡᠭᠴᠢ ᠰᠢ ᠶᠢᠨ ᠫᠢᠩ ᠪᠣᠯᠤᠨ ᠶᠡᠷᠦᠩᠬᠡᠶᠢᠯᠡᠭᠴᠢ ᠫᠦᠲ᠋ᠢᠨ ᠨᠢᠭᠡᠨᠲᠡ ᠬᠠᠮᠲᠤ ᠶᠢᠨ ᠲᠠᠨᠢᠯᠲᠠ ᠲᠠᠢ ᠪᠤᠯᠵᠤ᠂ ᠬᠠᠮᠲᠤ ᠪᠠᠷ ᠲᠡᠦᠬᠡ ᠪᠠᠨ ᠪᠠᠲᠤ ᠴᠡᠭᠡᠵᠢᠯᠡᠵᠦ᠂ ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠤᠨ ᠰᠠᠨᠠᠭᠠᠯᠵᠠᠵᠤ᠂ ᠳᠡᠯᠡᠬᠡᠢ ᠶᠢᠨ ᠬᠤᠶᠠᠳᠤᠭᠠᠷ ᠳᠠᠶᠢᠨ ᠤ ᠲᠤᠬᠠᠢ ᠵᠥᠪ ᠲᠡᠦᠬᠡ ᠶᠢᠨ ᠦᠵᠡᠯᠲᠡ ᠶᠢ ᠪᠠᠳᠠᠷᠠᠭᠤᠯᠵᠤ᠂ ᠳᠡᠯᠡᠬᠡᠢ ᠶᠢᠨ ᠬᠤᠶᠠᠳᠤᠭᠠᠷ ᠳᠠᠶᠢᠨ ᠤ ᠢᠯᠠᠯᠲᠠ ᠶᠢᠨ ᠦᠷ᠎ᠡ ᠪᠦᠲᠦᠭᠡᠯ ᠪᠣᠯᠤᠨ ᠳᠠᠶᠢᠨ ᠤ ᠳᠠᠷᠠᠭᠠᠬᠢ ᠤᠯᠠᠨ ᠤᠯᠤᠰ ᠤᠨ ᠡᠮᠬᠢ ᠳᠢᠭᠯᠢᠮ ᠢ ᠬᠠᠮᠠᠭᠠᠯᠠᠵᠤ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠨ᠎ᠠ᠃ ᠡᠨᠡ ᠬᠦ ᠣᠨᠴᠠᠭᠠᠢ ᠲᠡᠦᠬᠡ ᠶᠢᠨ ᠵᠠᠩᠭᠢᠯᠠᠭ᠎ᠠ ᠶᠢᠨ ᠴᠡᠭ ᠲᠤ᠂ ᠤᠷᠢᠯᠭ᠎ᠠ ᠪᠠᠷ ᠮᠣᠰᠺᠸᠠ ᠳᠤ ᠶᠠᠪᠤᠭᠳᠠᠬᠤ ᠵᠦᠪᠯᠡᠯᠳᠤ ᠶᠢᠨ ᠠᠭᠤᠤ ᠶᠡᠭᠡ ᠤᠯᠤᠰ ᠢᠶᠠᠨ ᠬᠠᠮᠠᠭᠠᠯᠠᠬᠤ ᠲᠠᠶᠢᠨ ᠤ ᠢᠯᠠᠯᠲᠠ ᠣᠯᠤᠭᠰᠠᠨ 80 ᠵᠢᠯ ᠤᠨ ᠤᠢ ᠶᠢ ᠳᠤᠷᠠᠰᠬᠠᠬᠤ ᠪᠠᠶᠠᠷ ᠤᠨ ᠶᠣᠰᠣᠯᠠᠯ ᠳᠤ ᠣᠷᠣᠯᠴᠠᠬᠤ ᠪᠣᠯ ᠲᠡᠷᠢᠭᠦᠯᠡᠭᠴᠢ ᠰᠢ ᠶᠢᠨ ᠫᠢᠩ ᠤᠨ ᠲᠤᠰ ᠤᠳᠠᠭᠠᠨ ᠤ ᠠᠶᠢᠯᠴᠢᠯᠠᠯᠲᠠ ᠶᠢᠨ ᠨᠢᠭᠡᠨ ᠴᠢᠬᠤᠯᠠ ᠠᠭᠤᠯᠭ᠎ᠠ ᠪᠣᠯᠤᠨ᠎ᠠ᠂ ᠮᠥᠨ ᠴᠦ ᠳᠤᠮᠳᠠᠳᠤ ᠤᠷᠤᠰ ᠤᠨ ᠬᠠᠷᠢᠯᠴᠠᠨ ᠳᠡᠮᠵᠢᠯᠴᠡᠵᠦ ᠳᠡᠯᠡᠬᠡᠢ ᠶᠢᠨ ᠹᠠᠱᠢᠰ ᠢ ᠡᠰᠡᠷᠭᠦᠴᠡᠭᠰᠡᠨ ᠲᠠᠶᠢᠨ ᠤ ᠢᠯᠠᠯᠲᠠ ᠣᠯᠤᠭᠰᠠᠨ 80 ᠵᠢᠯ ᠤᠨ ᠤᠢ ᠶᠢ ᠳᠤᠷᠠᠰᠬᠠᠬᠤ ᠠᠵᠢᠯᠯᠠᠭ᠎ᠠ ᠶᠢᠨ ᠪᠠᠶᠢᠪᠠᠰᠤ ᠵᠣᠬᠢᠬᠤ ᠠᠭᠤᠯᠭ᠎ᠠ ᠪᠣᠯᠤᠨ᠎ᠠ ᠭᠡᠵᠦ ᠵᠢᠭᠠᠵᠤ ᠭᠠᠷᠭᠠᠪᠠ᠃   ᠥᠭᠦᠯᠡᠭᠴᠢ᠂ ᠡᠨᠡ ᠵᠢᠯ ᠪᠣᠯ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠶᠢᠭᠤᠯᠤᠭᠳᠠᠭᠰᠠᠨ 80 ᠵᠢᠯ ᠤᠨ ᠤᠢ ᠪᠣᠯᠤᠨ᠎ᠠ᠃ ᠳᠤᠮᠳᠠᠳᠤ ᠤᠷᠤᠰ ᠪᠣᠯ ᠴᠥᠮ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠡᠭᠦᠰᠭᠡᠨ ᠪᠠᠶᠢᠭᠤᠯᠤᠭᠴᠢ ᠤᠯᠤᠰ ᠪᠠ ᠠᠶᠤᠯ ᠦᠭᠡᠢ ᠶᠢᠨ ᠵᠥᠪᠯᠡᠯ ᠤᠨ ᠪᠠᠶᠢᠩᠭᠤ ᠶᠢᠨ ᠬᠡᠷᠡᠭ ᠡᠷᠬᠢᠯᠡᠭᠴᠢ ᠤᠯᠤᠰ ᠮᠥᠨ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠣᠯ ᠪᠣᠯᠭᠠᠭᠰᠠᠨ ᠤᠯᠠᠨ ᠤᠯᠤᠰ ᠤᠨ ᠰᠢᠰᠲ᠋ᠧᠮ ᠢ ᠬᠠᠮᠠᠭᠠᠯᠠᠬᠤ ᠲᠠᠯ᠎ᠠ ᠪᠠᠷ ᠣᠨᠴᠠᠭᠠᠢ ᠴᠢᠬᠤᠯᠠ ᠬᠠᠷᠢᠭᠤᠴᠠᠯᠭ᠎ᠠ ᠡᠭᠦᠷᠭᠡᠯᠡᠵᠦ ᠪᠠᠶᠢᠨ᠎ᠠ᠃ ᠳᠤᠮᠳᠠᠳᠤ ᠤᠷᠤᠰ ᠬᠤᠶᠠᠷ ᠲᠠᠯ᠎ᠠ ᠪᠠᠷ ᠢᠶᠠᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ᠂ ᠱᠠᠩᠬᠠᠢ ᠢᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ᠂ ᠠᠯᠳᠠᠨ ᠲᠣᠭᠤᠰᠭ᠎ᠠ ᠤᠯᠤᠰ ᠤᠳ ᠵᠡᠷᠭᠡ ᠤᠯᠠᠨ ᠲᠠᠯᠠᠲᠤ ᠲᠠᠪᠴᠠᠩ ᠳᠠᠬᠢ ᠨᠢᠭᠲᠠ ᠬᠠᠮᠵᠢᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠥᠷᠭᠡᠨ ᠤᠯᠠᠨ ᠳᠡᠯᠡᠬᠡᠢ ᠶᠢᠨ ᠬᠦᠭᠵᠢᠵᠦ ᠪᠠᠶᠢᠭ᠎ᠠ ᠤᠯᠤᠰ ᠤᠳ ᠲᠠᠢ ᠪᠦᠯᠬᠦᠮᠳᠡᠵᠦ᠂ ᠪᠦᠬᠦ ᠪᠥᠮᠪᠥᠷᠴᠡᠭ ᠤᠨ ᠵᠠᠰᠠᠯᠲᠠ ᠶᠢᠨ ᠵᠥᠪ ᠴᠢᠭᠯᠡᠯ ᠢ ᠬᠦᠳᠦᠯᠥᠨ ᠳᠠᠭᠠᠭᠤᠯᠵᠤ᠂ ᠲᠤᠭ ᠲᠡᠮᠳᠡᠭ ᠲᠣᠳᠣᠷᠬᠠᠢ ᠪᠠᠷ ᠭᠠᠭᠴᠠ ᠲᠠᠯᠠᠲᠤ ᠦᠵᠡᠯ ᠪᠣᠯᠤᠨ ᠡᠵᠡᠷᠬᠡᠭᠯᠡᠯ ᠤᠨ ᠠᠵᠢᠯᠯᠠᠭ᠎ᠠ ᠡᠰᠡᠷᠭᠦᠴᠡᠵᠦ᠂ ᠡᠷᠬᠡ ᠲᠡᠭᠰᠢ ᠡᠮᠬᠢ ᠵᠢᠷᠤᠮ ᠲᠠᠢ ᠳᠡᠯᠡᠬᠡᠢ ᠶᠢᠨ ᠤᠯᠠᠨ ᠲᠦᠢᠯᠵᠢᠯᠳᠠ ᠂ ᠲᠦᠭᠡᠮᠡᠯ ᠬᠠᠷᠠᠭᠠᠯᠵᠠᠯᠳᠤ ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠶᠢ ᠭᠠᠷ ᠬᠤᠯᠪᠣᠨ ᠠᠬᠢᠭᠤᠯᠤᠨ᠎ᠠ ᠭᠡᠵᠦ ᠢᠯᠡᠳᠭᠡᠪᠡ᠃   ︵ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 4 ᠤ ᠴᠠᠬᠢᠯᠭᠠᠨ ᠮᠡᠳᠡᠭᠡ︶
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号