ᠰᠢ ᠶᠢᠨ ᠫᠢᠩ ᠭᠦᠢᠵᠧᠦ ᠶᠢᠨ ᠪᠢ ᠵᠢᠶᠧ ᠬᠤᠳᠠ ᠶᠢᠨ ᠴᠢᠶᠠᠨ ᠰᠢ ᠬᠤᠳᠠ ᠶᠢᠨ ᠵᠢᠭᠤᠯᠴᠢᠯᠠᠯ ᠤᠨ ᠣᠩᠭᠤᠴᠠ ᠬᠥᠷᠪᠡᠭᠰᠡᠨ ᠠᠳᠡᠯ ᠤᠨ ᠲᠤᠬᠠᠢ ᠴᠢᠬᠤᠯᠠ ᠵᠢᠭᠠᠪᠤᠷᠢ ᠥᠭᠴᠦ ᠴᠢᠬᠤᠯᠠᠴᠢᠯᠠᠭᠰᠠᠨ ᠨᠢ — ᠠᠷᠭ᠎ᠠ ᠪᠦᠬᠦᠨ ᠢ ᠰᠦᠪᠡᠭᠴᠢᠯᠡᠵᠦ ᠤᠰᠤᠨ ᠳᠤ ᠤᠨᠠᠭᠰᠠᠨ ᠬᠥᠮᠦᠰ ᠢ ᠡᠷᠢᠨ ᠠᠪᠤᠷᠠᠵᠤ ᠪᠥᠬᠦ ᠬᠦᠴᠦᠨ ᠢᠶᠠᠷ ᠢᠶᠠᠨ ᠰᠢᠷᠬᠠᠲᠤᠭᠰᠠᠳ ᠢ ᠠᠪᠤᠷᠠᠨ ᠡᠮᠨᠡᠵᠤ ᠬᠦᠨᠳᠦ ᠣᠨᠴᠠ ᠶᠡᠭᠡ ᠠᠮᠤᠷ ᠲᠦᠪᠰᠢᠨ ᠤ ᠠᠳᠡᠯ ᠣᠯᠠᠨ ᠡᠭᠦᠰᠭᠦ ᠬᠠᠨᠳᠤᠰᠢ ᠶᠢ ᠡᠷᠡᠰ ᠬᠤᠷᠢᠭᠯᠠᠬᠤ ᠭᠡᠷᠡᠭᠳᠠᠢ
ᠨᠡᠶᠢᠲᠡᠯᠡᠭᠰᠡᠨ ᠴᠠᠭ᠄
2025/5/6
   ᠯᠢ ᠴᠢᠶᠠᠩ ᠴᠣᠬᠤᠯᠠᠪᠤᠷᠢ ᠦᠭᠴᠡᠢ   5 ᠰᠠᠷ᠎ᠠ ᠶᠢᠨ 4 ᠤ 16 ᠴᠠᠭ 40 ᠮᠢᠨᠦ᠋ᠲ ᠤᠨ ᠦᠶ᠎ᠡ ᠪᠠᠷ ᠭᠦᠢᠵᠧᠤ ᠶᠢᠨ ᠪᠢ ᠵᠢᠶᠧ ᠬᠤᠲᠠ ᠶᠢᠨ ᠴᠢᠶᠠᠨ ᠰᠢ ᠬᠤᠲᠠ ᠶᠢᠨ ᠰᠢᠨ ᠷᠧᠨ ᠰᠢᠶᠠᠩ ᠤᠨ ᠬᠤᠸᠠ ᠦ᠋ ᠲᠣᠰᠬᠤᠨ ᠤ ᠵᠠᠭᠤᠨ ᠭᠠᠵᠠᠷ ᠤᠨ ᠵᠢᠷᠤᠭᠳᠤ ᠬᠤᠩᠭᠢᠯ ᠤᠨ ᠦᠵᠡᠮᠵᠢ ᠶᠢᠨ ᠣᠷᠣᠨ ᠳᠤ ᠵᠢᠭᠤᠯᠴᠢᠯᠠᠯ ᠤᠨ ᠣᠩᠭᠤᠴᠠ ᠬᠥᠷᠪᠡᠭᠰᠡᠨ ᠠᠳᠡᠯ ᠭᠠᠷᠴᠠᠶ᠃ ᠣᠳᠣᠬᠠᠨ ᠪᠣᠯᠲᠠᠯ᠎ᠠ᠂ ᠠᠳᠡᠯ ᠳᠤ 3 ᠬᠥᠮᠦᠨ ᠠᠳᠡᠵᠦ᠂ 60 ᠬᠥᠮᠦᠨ ᠢ ᠡᠮᠨᠡᠯᠭᠡ ᠳᠤ ᠬᠦᠷᠭᠡᠨ ᠠᠪᠤᠷᠠᠨ ᠡᠮᠨᠡᠵᠤ᠂ 14 ᠬᠥᠮᠦᠨ ᠢ ᠶᠠᠭ ᠡᠷᠢᠨ ᠠᠪᠤᠷᠠᠵᠤ ᠪᠠᠶᠢᠨ᠎ᠠ᠃   ᠠᠳᠡᠯ ᠡᠭᠦᠰᠦᠭᠰᠡᠨ ᠤ ᠳᠠᠷᠠᠭ᠎ᠠ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠶᠢᠨ ᠬᠠᠮᠲᠤ ᠴᠢᠬᠤᠯᠠ ᠵᠢᠭᠠᠪᠤᠷᠢ ᠥᠭᠴᠦ᠂ ᠭᠦᠢᠵᠧᠦ ᠶᠢᠨ ᠪᠢ ᠵᠢᠶᠤ ᠬᠤᠳᠠ ᠶᠢᠨ ᠴᠢᠶᠠᠨ ᠰᠢ ᠬᠤᠳᠠ ᠶᠢᠨ ᠨᠢᠭᠡᠨ ᠦᠵᠡᠮᠵᠢ ᠶᠢᠨ ᠣᠷᠣᠨ ᠳᠤ ᠵᠢᠭᠤᠯᠴᠢᠯᠠᠯ ᠤᠨ ᠣᠩᠭᠤᠴᠠ ᠬᠥᠷᠪᠡᠭᠰᠡᠨ ᠠᠳᠡᠯ ᠭᠠᠷᠪᠠ᠂ ᠠᠷᠭ᠎ᠠ ᠪᠦᠬᠦᠨ ᠢ ᠰᠦᠪᠡᠭᠴᠢᠯᠡᠨ ᠤᠰᠤᠨ ᠳᠤ ᠤᠨᠠᠭᠰᠠᠨ ᠬᠥᠮᠦᠰ ᠢ ᠡᠷᠢᠨ ᠠᠪᠤᠷᠠᠵᠤ᠂ ᠪᠦᠬᠦ ᠬᠦᠴᠦᠨ ᠢᠶᠠᠷ ᠢᠶᠠᠨ ᠰᠢᠷᠬᠠᠲᠤᠭᠰᠠᠳ ᠢ ᠠᠪᠤᠷᠠᠨ ᠡᠮᠨᠡᠵᠦ᠂ ᠠᠳᠡᠭᠰᠡᠳ ᠤᠨ ᠬᠤᠶᠢᠲᠤᠬᠢ ᠶᠠᠪᠤᠳᠠᠯ ᠵᠢᠴᠢ ᠭᠡᠷ ᠪᠦᠯᠢ ᠶᠢᠨ ᠬᠢᠨ ᠢ ᠲᠣᠬᠤᠨᠢᠭᠤᠯᠬᠤ ᠵᠡᠷᠭᠡ ᠠᠵᠢᠯ ᠢ ᠲᠣᠬᠢᠲᠠᠢ ᠰᠠᠶᠢᠲᠤᠷ ᠬᠢᠬᠦ ᠬᠡᠷᠡᠭᠲᠡᠢ ᠭᠡᠵᠤ ᠵᠢᠭᠠᠵᠤ ᠭᠠᠷᠭᠠᠪᠠ᠃   ᠰᠢ ᠶᠢᠨ ᠫᠢᠩ᠂ ᠤᠢᠢᠷ᠎ᠠ ᠶᠢᠨ ᠬᠤᠭᠤᠴᠠᠭᠠᠨ ᠳᠤ ᠵᠠᠷᠢᠮ ᠭᠠᠵᠠᠷ ᠲᠤ ᠵᠠᠯᠭᠠᠭ᠎ᠠ ᠪᠠᠷ ᠠᠮᠤᠷ ᠲᠦᠪᠰᠢᠨ ᠤ ᠠᠳᠡᠯ ᠭᠠᠷᠴᠤ ᠤᠯᠠᠨ ᠬᠥᠮᠦᠨ ᠦᠬᠦᠵᠤ ᠰᠢᠷᠬᠠᠲᠤᠪᠠ᠂ ᠡᠯ᠎ᠡ ᠭᠠᠵᠠᠷ ᠣᠷᠣᠨ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠭᠦᠨᠵᠡᠭᠡᠢ ᠰᠤᠷᠭᠠᠮᠵᠢ ᠠᠪᠴᠤ᠂ ᠠᠯᠮᠠᠶᠢᠷᠠᠬᠤ ᠦᠵᠡᠯ ᠰᠠᠨᠠᠭ᠎ᠠ ᠶᠢ ᠡᠷᠡᠰ ᠲᠡᠪᠴᠢᠵᠦ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠵᠢᠭᠤᠯᠴᠢᠯᠠᠯ ᠤᠨ ᠦᠵᠡᠮᠵᠢ ᠶᠢᠨ ᠣᠷᠣᠨ᠂ ᠲᠤᠮᠤ ᠬᠡᠯᠪᠡᠷᠢ ᠶᠢᠨ ᠤᠯᠠᠨ ᠨᠡᠶᠢᠲᠡ ᠶᠢᠨ ᠲᠠᠯᠠᠪᠤᠷ᠂ ᠰᠠᠭᠤᠭᠠᠯᠢ ᠠᠷᠠᠳ ᠤᠨ ᠲᠣᠭᠤᠷᠢᠭ᠂ ᠡᠷᠬᠢᠵᠤ ᠬᠠᠷᠢᠬᠤ ᠵᠠᠮ ᠬᠠᠷᠢᠯᠴᠠᠭ᠎ᠠ ᠵᠡᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠤᠷ ᠲᠦᠪᠰᠢᠨ ᠤ ᠠᠷᠭ᠎ᠠ ᠬᠡᠮᠵᠢᠶ᠎ᠡ ᠶᠢ ᠴᠢᠩᠭᠠᠳᠬᠠᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠬᠦᠨᠳᠦ ᠣᠨᠴᠠ ᠶᠡᠭᠡ ᠠᠮᠤᠷ ᠲᠦᠪᠰᠢᠨ ᠤ ᠠᠳᠡᠯ ᠤᠯᠠᠨ ᠡᠭᠦᠰᠭᠦ ᠬᠠᠨᠳᠤᠰᠢ ᠶᠢ ᠡᠷᠡᠰ ᠬᠤᠷᠢᠭᠯᠠᠬᠤ ᠬᠡᠷᠡᠭᠲᠡᠢ ᠭᠡᠵᠦ ᠴᠢᠬᠤᠯᠠᠴᠢᠯᠠᠪᠠ᠃ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ ᠴᠣᠬᠤᠯᠠᠪᠤᠷᠢ ᠥᠭᠴᠦ᠂ ᠬᠠᠷᠢᠯᠴᠠᠭ᠎ᠠ ᠲᠠᠰᠤᠷᠠᠭᠰᠠᠨ ᠬᠥᠮᠦᠰ ᠢ ᠪᠦᠬᠦ ᠬᠦᠴᠦᠨ ᠢᠶᠠᠷ ᠢᠶᠠᠨ ᠡᠷᠢᠨ ᠠᠪᠤᠷᠠᠵᠤ᠂ ᠰᠢᠷᠬᠠᠲᠤᠭᠰᠠᠳ ᠢ ᠠᠪᠤᠷᠠᠨ ᠡᠮᠨᠡᠵᠤ ᠂ ᠭᠡᠷ ᠪᠦᠯᠢ ᠶᠢᠨ ᠬᠢᠨ ᠢ ᠲᠣᠬᠤᠨᠢᠭᠤᠯᠬᠤ᠂ ᠬᠤᠶᠢᠲᠤᠬᠢ ᠶᠠᠪᠤᠳᠠᠯ ᠢ ᠰᠢᠢᠳᠪᠦᠷᠢᠯᠡᠬᠦ ᠪᠠ ᠠᠳᠡᠯ ᠢ ᠪᠠᠶᠢᠴᠠᠭᠠᠨ ᠰᠢᠢᠳᠪᠦᠷᠢᠯᠡᠬᠦ ᠵᠡᠷᠭᠡ ᠠᠵᠢᠯ ᠢ ᠦᠨᠡᠨ ᠬᠦ ᠰᠠᠶᠢᠲᠤᠷ ᠬᠢᠬᠦ ᠬᠡᠷᠡᠭᠲᠡᠢ᠃ ︽5 · 1︾ ᠤ ᠠᠮᠠᠷᠠᠯᠲᠠ ᠰᠢᠪᠲᠤᠷᠠᠭᠠᠨ ᠳᠠᠭᠠᠨ ᠣᠷᠣᠵᠠᠢ᠂ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠲᠠᠯ᠎ᠠ ᠶᠢᠨ ᠬᠢᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠪᠠ ᠠᠮᠤᠷ ᠲᠦᠪᠰᠢᠨ ᠤ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠢᠢ ᠤᠯᠠᠮ ᠨᠢᠭᠡ ᠠᠯᠬᠤᠮ ᠱᠠᠯᠠᠪᠳᠠᠭᠤᠯᠤᠨ ᠵᠢᠯᠣᠭᠤᠳᠴᠤ᠂ ᠭᠤᠣᠯᠳᠠᠯᠭ᠎ᠠ ᠲᠠᠢ ᠲᠠᠯᠠᠪᠤᠷ ᠭᠠᠵᠠᠷ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢ ᠲᠤᠪᠤᠶᠢᠯᠭᠠᠨ᠂ ᠠᠶᠤᠯ ᠲᠦᠭᠰᠢᠭᠦᠷᠢ ᠶᠢᠨ ᠬᠡᠮ ᠰᠣᠭᠤᠭ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠠᠷᠢᠯᠭᠠᠨ᠂ ᠡᠯ᠎ᠡ ᠲᠦᠷᠦᠯ ᠤᠨ ᠬᠦᠨᠳᠦ ᠣᠨᠴᠠ ᠶᠡᠭᠡ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃   ᠰᠢ ᠶᠢᠨ ᠫᠢᠩ ᠤᠨ ᠴᠢᠬᠤᠯᠠ ᠵᠢᠭᠠᠪᠤᠷᠢ ᠪᠣᠯᠤᠨ ᠯᠢ ᠴᠢᠶᠠᠩ ᠤᠨ ᠱᠠᠭᠠᠷᠳᠠᠯᠭ᠎ᠠ ᠶᠢ ᠦᠨᠳᠦᠰᠦᠯᠡᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠳᠡᠳ᠋ ᠶᠡᠷᠦᠩᠬᠡᠢ ᠰᠠᠶᠢᠳ ᠵᠠᠩ ᠭᠦᠸᠧ ᠴᠢᠩ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠢ ᠳᠠᠭᠠᠭᠤᠯᠤᠨ ᠲᠤᠬᠠᠢ ᠶᠢᠨ ᠲᠠᠯᠠᠪᠠᠢ ᠳᠤ ᠬᠦᠷᠴᠦ ᠠᠪᠤᠷᠠᠨ ᠲᠤᠰᠠᠯᠠᠵᠤ ᠰᠢᠢᠳᠪᠦᠷᠢᠯᠡᠬᠦ ᠠᠵᠢᠯ ᠢ ᠵᠢᠭᠠᠨ ᠵᠢᠯᠣᠭᠤᠳᠪᠠ᠃ ᠭᠦᠢᠵᠧᠦ ᠮᠤᠵᠢ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠣᠯ ᠬᠠᠷᠢᠭᠤᠴᠠᠯᠭᠠᠲᠠᠨ ᠨᠦᠬᠦᠳ ᠨᠢᠭᠡᠨᠲᠡ ᠲᠤᠬᠠᠢ ᠶᠢᠨ ᠲᠠᠯᠠᠪᠠᠢ ᠳᠤ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠢ ᠵᠢᠯᠣᠭᠤᠳᠴᠤ᠂ ᠭᠦᠢᠵᠧᠦ ᠮᠤᠵᠢ᠂ ᠪᠢ ᠵᠢᠶᠤ ᠬᠤᠳᠠ ᠶᠢᠨ ᠬᠢᠨ ᠲᠤᠬᠠᠢ ᠶᠢᠨ ᠲᠠᠯᠠᠪᠠᠢ ᠳᠤ ᠡᠷᠢᠵᠦ ᠠᠪᠤᠷᠠᠬᠤ᠂ ᠰᠢᠷᠬᠠᠲᠤᠭᠰᠠᠳ ᠢ ᠠᠪᠤᠷᠠᠨ ᠡᠮᠨᠡᠬᠦ ᠵᠡᠷᠭᠡ ᠠᠵᠢᠯ ᠢ ᠪᠦᠬᠦ ᠬᠦᠴᠦ ᠪᠠᠷ ᠢᠶᠠᠨ ᠰᠠᠶᠢᠲᠤᠷ ᠬᠢᠵᠦ ᠪᠠᠶᠢᠨ᠎ᠠ᠃ ᠣᠳᠣᠬᠠᠨ ᠳᠤ ᠬᠤᠯᠪᠣᠭᠳᠠᠯ ᠪᠦᠬᠦᠢ ᠠᠵᠢᠯ ᠶᠠᠭ ᠶᠠᠪᠤᠭᠳᠠᠵᠤ ᠪᠤᠢ᠃   ︵ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 4 ᠤ ᠴᠠᠬᠢᠯᠭᠠᠨ ᠮᠡᠳᠡᠭᠡ︶
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号