ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ | ᠥᠷᠭᠡᠳᠬᠡᠵᠦ᠂ ᠣᠨᠴᠠᠯᠢᠭᠲᠤ ᠲᠡᠵᠢᠭᠡᠨ ᠦᠷᠡᠵᠢᠭᠦᠯᠬᠦ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ | ᠠᠰᠢᠭ ᠢ ᠨᠡᠮᠡᠭᠳᠡᠭᠦᠯᠬᠦ ᠶᠢ ᠠᠬᠢᠭᠤᠯᠬᠤ ᠶᠢᠨ ᠲᠥᠯᠥᠭᠡ᠂ ᠣᠶᠢᠷ᠎ᠠ ᠳᠤ᠂ ᠪᠠᠶᠢᠴᠠᠭᠠᠨ ᠰᠤᠳᠤᠯᠬᠤ ᠳᠣᠪᠤ ᠭᠠᠴᠠᠭᠠᠨ ᠤ | ᠠᠷᠠᠳ ᠨᠢᠭᠡ ᠪᠦᠯᠦᠭ ᠣᠨᠴᠠᠭᠠᠢ ︽ᠪᠠᠶᠠᠵᠢᠯ ᠤᠨ ᠬᠠᠨᠢᠲᠠᠨ︾ ᠢ ᠤᠭᠲᠤᠨ ᠠᠪᠴᠢᠷᠠᠵᠤ᠂ 300 ᠭᠠᠷᠤᠢ ᠬᠠᠷ᠎ᠠ | ᠭᠠᠭ᠋ᠠᠢ ᠶᠢ ᠲᠣᠰᠬᠤᠨ ᠤ ᠠᠷᠠᠳ ᠤᠨ ᠭᠡᠷ ᠲᠤ ᠤᠷᠤᠭᠰᠢᠲᠠᠢ ᠲᠠᠷᠬᠠᠭᠠᠵᠤ᠂ ᠠᠷᠠᠳ ᠣᠯᠠᠨ ᠤ ᠣᠷᠣᠯᠭ᠎ᠠ ᠶᠢ | ᠨᠡᠮᠡᠭᠳᠡᠭᠦᠯᠬᠦ ᠠᠷᠭ᠎ᠠ ᠵᠠᠮ ᠢ ᠤᠯᠠᠮ ᠨᠢᠭᠡ ᠠᠯᠬᠤᠮ ᠥᠷᠭᠡᠳᠬᠡᠪᠡ᠃ | ᠬᠡᠯᠡᠯᠴᠡᠭᠡᠷ ᠲᠣᠭᠲᠠᠭᠰᠠᠨ ᠲᠤᠬᠠᠢ ᠶᠢᠨ ᠡᠳᠦᠷ᠂ ᠲᠤᠬᠠᠢ ᠶᠢᠨ ᠲᠠᠯᠠᠪᠠᠢ ᠳᠤ ᠬᠥᠷ ᠬᠥᠭᠵᠢᠶᠡᠨ ᠲᠠᠢ ᠪᠠᠶᠢᠵᠤ᠂ | ᠠᠵᠢᠯᠲᠠᠳ ᠭᠡᠷ᠎ᠡ ᠲᠣᠭᠲᠠᠬᠤ ᠰᠠᠨᠠᠭ᠎ᠠ ᠲᠠᠢ ᠲᠣᠰᠬᠤᠨ ᠤ ᠠᠷᠠᠳ ᠲᠤ ᠬᠦᠷᠢᠶᠡᠨ ᠤ ᠠᠵᠤ ᠠᠬᠤᠢ ᠶᠢᠨ | ᠬᠡᠯᠡᠯᠴᠡᠭᠡᠷ ᠢ ᠨᠠᠷᠢᠨ ᠲᠠᠨᠢᠯᠴᠠᠭᠤᠯᠵᠠᠢ᠃ ᠡᠭᠦᠨ ᠤ ᠬᠠᠮᠲᠤ᠂ ᠭᠠᠴᠠᠭᠠᠨ ᠤ ︽ᠬᠤᠶᠠᠷ ᠵᠥᠪᠯᠡᠯ︾ ᠶᠠᠭ | ᠲᠣᠰᠬᠤᠨ ᠤ ᠠᠷᠠᠳ ᠢ ᠬᠠᠪᠰᠤᠷᠤᠨ ᠬᠤᠪᠢ ᠬᠥᠮᠦᠨ ᠤ ᠮᠡᠳᠡᠭᠡ ᠵᠠᠩᠭᠢ ᠶᠢ ᠬᠠᠷᠭᠤᠭᠤᠯᠵᠤ᠂ ᠬᠡᠯᠡᠯᠴᠡᠭᠡᠷ ᠤᠨ | ᠠᠭᠤᠯᠭ᠎ᠠ ᠶᠢ ᠨᠤᠲᠠᠯᠠᠵᠤ᠂ ᠮᠠᠳᠠᠭ ᠲᠠᠢ ᠠᠰᠠᠭᠤᠳᠠᠯ ᠢ ᠬᠦᠯᠢᠴᠡᠩᠭᠦᠢ ᠪᠠᠷ ᠬᠠᠷᠢᠭᠤᠯᠵᠤ᠂ ᠬᠥᠮᠦᠨ ᠪᠦᠷᠢ ᠴᠥᠮ | ᠬᠡᠯᠡᠯᠴᠡᠭᠡᠷ ᠤᠨ ᠵᠦᠢᠯ ᠵᠤᠷᠪᠤᠰ ᠢ ᠲᠣᠳᠣᠷᠬᠠᠢ ᠣᠶᠢᠯᠠᠭᠠᠬᠤ ᠶᠢ ᠦᠨᠡᠨ ᠬᠦ ᠪᠠᠲᠤᠯᠠᠵᠤ ᠪᠠᠶᠢᠨ᠎ᠠ᠃ | ᠲᠠᠷᠬᠠᠭᠠᠬᠤ ᠲᠤᠬᠠᠢ ᠶᠢᠨ ᠲᠠᠯᠠᠪᠠᠢ ᠳᠤ᠂ ᠨᠢᠭᠡ ᠲᠠᠯ᠎ᠠ ᠪᠠᠷ ︽ᠪᠠᠶᠠᠵᠢᠬᠤ ᠬᠦᠰᠡᠯ︾ ᠶᠠᠭ ᠡᠮᠬᠢ | ᠵᠢᠷᠤᠮ ᠲᠠᠢ ᠪᠠᠷ ᠲᠣᠰᠬᠤᠨ ᠤ ᠠᠷᠠᠳ ᠲᠤ ᠲᠠᠷᠬᠠᠭᠠᠵᠤ ᠪᠠᠶᠢᠨ᠎ᠠ᠂ ᠠᠵᠢᠯᠲᠠᠳ ᠨᠢᠭᠡ ᠲᠠᠯ᠎ᠠ ᠪᠠᠷ ᠡᠮᠬᠢ ᠳᠢᠭᠯᠢᠮ ᠢ | ᠬᠠᠮᠠᠭᠠᠯᠠᠵᠤ᠂ ᠨᠥᠭᠦᠭᠡ ᠲᠠᠯ᠎ᠠ ᠪᠠᠷ ᠲᠣᠰᠬᠤᠨ ᠤ ᠠᠷᠠᠳ ᠲᠤ ᠬᠠᠷ᠎ᠠ ᠭᠠᠭ᠋ᠠᠢ ᠲᠡᠵᠢᠭᠡᠨ ᠦᠷᠡᠵᠢᠭᠦᠯᠬᠦ ᠤᠷ᠎ᠠ | ᠮᠡᠷᠭᠡᠵᠢᠯ᠂ ᠡᠳᠦᠷ ᠲᠤᠲᠤᠮ ᠤᠨ ᠬᠠᠮᠢᠶᠠᠷᠤᠯᠲᠠ ᠶᠢᠨ ᠭᠤᠣᠯᠳᠠᠯᠭ᠎ᠠ ᠵᠢᠴᠢ ᠦᠷᠭᠦᠯᠵᠢ ᠲᠣᠬᠢᠶᠠᠯᠳᠤᠳᠠᠭ | ᠡᠪᠡᠳᠴᠢᠨ ᠢ ᠰᠡᠷᠭᠡᠶᠢᠯᠡᠨ ᠵᠠᠰᠠᠬᠤ ᠠᠷᠭ᠎ᠠ ᠶᠢ ᠲᠠᠶᠢᠯᠪᠤᠷᠢᠯᠠᠬᠤ ᠶᠢᠨ ᠬᠠᠮᠲᠤ ᠣᠯᠠᠨ ᠤ ᠳᠤᠷᠠᠳᠤᠭᠰᠠᠨ ᠠᠰᠠᠭᠤᠳᠠᠯ ᠢ | ᠬᠦᠯᠢᠴᠡᠩᠭᠦᠢ ᠪᠠᠷ ᠬᠠᠷᠢᠭᠤᠯᠵᠤ᠂ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠬᠥᠷ ᠬᠥᠭᠵᠢᠶᠡᠨ ᠲᠠᠢ ᠪᠥᠭᠡᠳ | ᠡᠶ᠎ᠡ ᠨᠠᠶᠢᠷᠲᠠᠢ ᠪᠠᠶᠢᠪᠠ᠃ | ︽ᠬᠠᠷ᠎ᠠ ᠭᠠᠭ᠋ᠠᠢ ᠲᠡᠵᠢᠭᠡᠨ ᠦᠷᠡᠵᠢᠭᠦᠯᠬᠦ ᠬᠦᠷᠢᠶᠡᠨ ᠤ ᠠᠵᠤ ᠠᠬᠤᠢ ᠶᠢᠨ ᠲᠤᠷᠰᠢᠯᠲᠠ ᠶᠢᠨ ᠭᠠᠴᠠᠭ᠎ᠠ | ᠪᠣᠯᠤᠭᠰᠠᠨ ᠤ ᠬᠤᠪᠢ ᠳᠤ᠂ ᠪᠠᠶᠢᠴᠠᠭᠠᠨ ᠭᠤᠶᠤᠴᠢᠯᠠᠬᠤ ᠳᠤ ᠨᠡᠶᠢᠲᠡ 300 ᠭᠠᠷᠤᠢ ᠶᠠᠳᠠᠭᠤ ᠠᠴᠠ | ᠠᠩᠭᠢᠵᠢᠷᠠᠭᠰᠠᠨ ᠡᠷᠦᠬᠡ᠂ ᠬᠢᠨᠠᠨ ᠬᠡᠮᠵᠢᠭᠰᠡᠨ ᠡᠷᠦᠬᠡ᠂ ᠡᠩ ᠤᠨ ᠡᠷᠦᠬᠡ ᠣᠷᠣᠯᠴᠠᠵᠤ᠂ ᠡᠷᠦᠬᠡ ᠪᠦᠷᠢ ᠶᠢᠨ | ᠲᠠᠷᠬᠠᠭᠠᠭᠰᠠᠨ 1 ᠬᠠᠷ᠎ᠠ ᠭᠠᠭ᠋ᠠᠢ ᠳᠤ ᠴᠥᠮ ᠴᠢᠩᠭ᠎ᠠ ᠬᠢᠵᠢᠭ ᠤᠨ ᠪᠠᠶᠢᠴᠠᠭᠠᠯᠲᠠ ᠬᠢᠵᠦ᠂ ᠡᠷᠡᠭᠦᠯ ᠮᠡᠨᠳᠦ ᠶᠢᠨ | ᠪᠠᠶᠢᠳᠠᠯ ᠮᠠᠰᠢ ᠰᠠᠶᠢᠨ ᠪᠠᠶᠢᠨ᠎ᠠ︾ ᠭᠡᠵᠡᠢ᠃ ᠬᠤᠶᠠᠷᠰᠤᠮᠤ ᠪᠠᠯᠭᠠᠰᠤᠨ ᠤ ᠳᠡᠳ᠋ ᠳᠠᠷᠤᠭ᠎ᠠ ᠬᠠᠨ ᠯᠢ ᠭᠦᠸᠧ | ᠲᠠᠨᠢᠯᠴᠠᠭᠤᠯᠤᠭᠰᠠᠨ ᠢᠶᠠᠷ᠂ ︽ᠪᠢᠳᠡ ᠡᠷᠦᠬᠡ ᠳᠤ ᠬᠦᠷᠴᠦ ᠠᠵᠤ ᠦᠢᠯᠡᠰ ᠤᠨ ᠱᠠᠩᠨᠠᠯ ᠨᠥᠬᠦᠪᠥᠷᠢ ᠶᠢᠨ ᠠᠷᠭ᠎ᠠ ᠶᠢ | ᠬᠡᠷᠡᠭᠯᠡᠵᠦ᠂ ᠲᠣᠰᠬᠤᠨ ᠤ ᠠᠷᠠᠳ ᠤᠷᠢᠳᠠᠪᠠᠷ ᠥᠪᠡᠷ ᠢᠶᠠᠨ ᠵᠠᠷᠤᠳᠠᠯ ᠢᠶᠠᠨ ᠬᠤᠳᠠᠯᠳᠤᠨ ᠠᠪᠴᠤ᠂ ᠳᠠᠷᠠᠭ᠎ᠠ ᠨᠢ | ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠠᠴᠠ ᠬᠢᠨᠠᠨ ᠬᠡᠮᠵᠢᠯᠲᠡ ᠶᠢᠨ ᠡᠷᠦᠬᠡ ᠪᠦᠷᠢ ᠳᠤ 5000 | ᠲᠥᠭᠦᠷᠢᠭ᠂ ᠶᠠᠳᠠᠭᠤ ᠠᠴᠠ ᠠᠩᠭᠢᠵᠢᠷᠠᠭᠰᠠᠨ ᠡᠷᠦᠬᠡ 4500 ᠲᠥᠭᠦᠷᠢᠭ᠂ ᠡᠩ ᠤᠨ ᠡᠷᠦᠬᠡ ᠪᠦᠷᠢ ᠳᠤ 3600 | ᠲᠥᠭᠦᠷᠢᠭ ᠤᠨ ᠨᠥᠬᠦᠪᠥᠷᠢ ᠣᠯᠭᠤᠨ᠎ᠠ᠃ ᠬᠠᠷ᠎ᠠ ᠭᠠᠭ᠋ᠠᠢ ᠶᠢᠨ ᠵᠠᠬ᠎ᠠ ᠳᠡᠯᠭᠡᠭᠦᠷ ᠤᠨ ᠦᠨ᠎ᠡ ᠥᠷᠲᠡᠭ ᠥᠨᠳᠥᠷ | ᠪᠣᠯᠬᠤᠷ ᠣᠯᠠᠨ ᠢᠶᠠᠷ ᠢᠶᠠᠨ ᠨᠠᠷᠢᠨ ᠨᠢᠮᠪᠠᠢ ᠠᠷᠠᠴᠢᠯᠠᠵᠤ᠂ ᠴᠥᠮ ᠰᠡᠶᠢᠠ ᠬᠤᠷᠢᠶᠠᠯᠲᠠ ᠣᠯᠬᠤ ᠶᠢ ᠬᠦᠰᠡᠵᠦ | ᠪᠠᠶᠢᠨ᠎ᠠ︾ ᠭᠡᠵᠦ ᠬᠡᠯᠡᠪᠡ᠃ | ᠣᠶᠢᠷ᠎ᠠ ᠶᠢᠨ ᠵᠢᠯ ᠳᠤ᠂ ᠬᠦᠷᠢᠶ᠎ᠡ ᠬᠠᠰᠢᠶᠠᠨ ᠤ ᠠᠵᠤ ᠠᠬᠤᠢ ᠶᠢ ᠦᠨᠡᠨ ᠬᠦ ᠬᠥᠭᠵᠢᠭᠡᠵᠦ᠂ ᠣᠯᠠᠨ ᠲᠦᠮᠡᠨ ᠢ | ᠦᠨᠡᠨ ᠬᠦ ᠪᠠᠶᠠᠵᠢᠭᠤᠯᠬᠤ ᠶᠢᠨ ᠲᠥᠯᠥᠭᠡ᠂ ᠰᠤᠮᠤ ᠪᠠᠯᠭᠠᠰᠤ ᠨᠠᠮ ᠤᠨ ᠪᠠᠶᠢᠭᠤᠯᠤᠯᠲᠠ ᠪᠠᠷ ᠬᠥᠲᠥᠯᠥᠨ | ᠳᠠᠭᠠᠭᠤᠯᠵᠤ᠂ ᠠᠵᠤ ᠦᠢᠯᠡᠰ ᠲᠤ ᠰᠠᠭᠤᠷᠢᠯᠠᠨ᠂ ︽ᠭᠡᠷ ᠪᠦᠯᠢ︾ ᠪᠠᠷ ᠵᠢᠭᠰᠠᠭᠠᠯ ᠤᠨ ᠭᠠᠵᠠᠷ ᠪᠣᠯᠭᠠᠵᠤ᠂ | ᠬᠦᠷᠢᠶ᠎ᠡ ᠬᠠᠰᠢᠶ᠎ᠠ ᠪᠠᠷ ᠠᠴᠢᠶᠠᠯᠠᠪᠤᠷᠢ ᠪᠣᠯᠭᠠᠵᠤ᠂ ᠲᠠᠷᠢᠬᠤ ᠳᠤ ᠲᠣᠬᠢᠷᠠᠮᠵᠢᠲᠠᠢ ᠪᠣᠯ ᠲᠠᠷᠢᠬᠤ᠂ ᠲᠡᠵᠢᠭᠡᠬᠦ ᠳᠤ | ᠲᠣᠬᠢᠷᠠᠮᠵᠢᠲᠠᠢ ᠪᠣᠯ ᠲᠡᠵᠢᠭᠡᠬᠦ ᠵᠠᠷᠴᠢᠮ ᠶᠣᠰᠣᠭᠠᠷ᠂ ᠲᠤᠬᠠᠢ ᠶᠢᠨ ᠭᠠᠵᠠᠷ ᠤᠨ ᠲᠣᠰᠬᠤᠨ ᠤ ᠠᠷᠠᠳ ᠢ ᠳᠠᠶᠢᠴᠢᠯᠠᠨ | ᠬᠦᠷᠢᠶ᠎ᠡ ᠬᠠᠰᠢᠶᠠᠨ ᠤ ᠠᠵᠤ ᠠᠬᠤᠢ ᠶᠢ ᠬᠥᠭᠵᠢᠭᠦᠯᠬᠦ ᠪᠠᠷ ᠳᠠᠮᠵᠢᠭᠤᠯᠪᠠ᠃ ᠣᠶᠢᠯᠠᠭᠠᠭᠰᠠᠨ ᠢᠶᠠᠷ᠂ ᠲᠡᠵᠢᠭᠡᠨ | ᠦᠷᠡᠵᠢᠭᠦᠯᠬᠦ ᠠᠭᠤᠯᠭ᠎ᠠ ᠶᠢ ᠪᠠᠶᠠᠯᠢᠭᠵᠢᠭᠤᠯᠵᠤ᠂ ᠪᠠᠶᠠᠵᠢᠬᠤ ᠠᠷᠭ᠎ᠠ ᠵᠠᠮ ᠢ ᠥᠷᠭᠡᠳᠬᠡᠬᠦ ᠶᠢᠨ ᠲᠥᠯᠥᠭᠡ᠂ 2025 | ᠣᠨ ᠳᠤ ᠬᠤᠶᠠᠷ ᠰᠤᠮᠤ ᠪᠠᠯᠭᠠᠰᠤᠨ ᠤ ᠨᠠᠮ ᠤᠨ ᠬᠤᠷᠢᠶ᠎ᠠ᠂ ᠪᠠᠯᠭᠠᠰᠤᠨ ᠤ ᠵᠠᠰᠠᠭ ᠤᠨ ᠣᠷᠳᠣᠨ ᠲᠤᠬᠠᠢ ᠶᠢᠨ | ᠭᠠᠵᠠᠷ ᠤᠨ ᠲᠠᠷᠢᠮᠠᠯ ᠤᠨ ᠡᠬᠢ ᠪᠠᠶᠠᠯᠢᠭ ᠪᠠ ᠲᠣᠰᠬᠤᠨ ᠤ ᠠᠷᠠᠳ ᠤᠨ ᠰᠤᠯᠠ ᠪᠠᠶᠢᠬᠤ ᠬᠦᠷᠢᠶ᠎ᠡ ᠬᠠᠰᠢᠶ᠎ᠠ ᠶᠢᠨ | ᠡᠬᠢ ᠪᠠᠶᠠᠯᠢᠭ ᠲᠤ ᠲᠦᠰᠢᠭᠯᠡᠨ᠂ ᠬᠠᠷ᠎ᠠ ᠭᠠᠭ᠋ᠠᠢ ᠲᠡᠵᠢᠭᠡᠨ ᠦᠷᠡᠵᠢᠭᠦᠯᠬᠦ ᠵᠠᠭᠪᠤᠷ ᠢ ᠶᠡᠭᠡ ᠬᠡᠪᠴᠢᠶ᠎ᠡ ᠪᠠᠷ | ᠠᠬᠢᠭᠤᠯᠵᠤ᠂ 5 ᠰᠠᠷ᠎ᠠ ᠳᠤ ᠦᠯᠡᠳᠡᠭᠰᠡᠨ 8 ᠭᠠᠴᠠᠭ᠎ᠠ ᠳᠤ ᠠᠯᠬᠤᠮ ᠠᠯᠬᠤᠮ ᠢᠶᠠᠷ ᠲᠡᠵᠢᠭᠡᠨ ᠦᠷᠡᠵᠢᠭᠦᠯᠬᠦ | ᠬᠡᠯᠡᠯᠴᠡᠭᠡᠷ ᠲᠣᠭᠲᠠᠵᠤ᠂ ᠬᠦᠷᠢᠶ᠎ᠡ ᠬᠠᠰᠢᠶ᠎ᠠ ᠶᠢᠨ ᠠᠵᠤ ᠠᠬᠤᠢ ᠶᠢ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠵᠠᠮ ᠳᠡᠭᠡᠷ᠎ᠡ ᠨᠠᠩ ᠤᠢᠩᠭᠡ ᠭᠡᠷᠡᠯ ᠰᠠᠴᠤᠷᠠᠭᠤᠯᠬᠤ ᠪᠣᠯᠤᠨ᠎ᠠ᠃ | ᠳᠠᠷᠠᠭᠠᠴᠢ ᠶᠢᠨ ᠠᠯᠬᠤᠮ ᠳᠤ᠂ ᠬᠤᠶᠠᠷ ᠰᠤᠮᠤ ᠪᠠᠯᠭᠠᠰᠤ ᠨᠢ ᠬᠦᠷᠢᠶᠡᠨ ᠤ ᠠᠵᠤ ᠠᠬᠤᠢ ᠶᠢ ᠢᠳᠡᠪᠬᠢᠲᠡᠢ | ᠬᠥᠭᠵᠢᠭᠦᠯᠵᠦ᠂ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠳᠤ ᠬᠦᠴᠦᠨ ᠨᠡᠮᠡᠷᠢᠯᠡᠵᠦ᠂ | ᠥᠪᠡᠷᠮᠢᠴᠡ ᠣᠨᠴᠠᠯᠢᠭ ᠲᠠᠢ᠂ ᠬᠡᠪᠴᠢᠶ᠎ᠡ ᠲᠠᠢ᠂ ᠰᠢᠰᠲ᠋ᠧᠮ ᠪᠦᠷᠢᠯᠳᠦᠭᠰᠡᠨ ᠬᠥᠳᠡᠭᠡ ᠲᠣᠰᠬᠤᠨ ᠤ ᠠᠷᠠᠳ ᠢ | ᠪᠠᠶᠠᠵᠢᠭᠤᠯᠬᠤ ᠠᠵᠤ ᠦᠢᠯᠡᠰ ᠢ ᠠᠯᠬᠤᠮ ᠠᠯᠬᠤᠮ ᠢᠶᠠᠷ ᠪᠠᠶᠢᠭᠤᠯᠵᠤ᠂ ᠠᠷᠠᠳ ᠢ ᠪᠠᠶᠠᠵᠢᠭᠤᠯᠤᠨ ᠲᠣᠰᠬᠤᠨ ᠢ | ᠬᠦᠴᠦᠷᠬᠡᠭᠵᠢᠭᠦᠯᠬᠦ ᠬᠠᠮᠲᠤ ᠶᠢᠨ ᠠᠰᠢᠭ ᠬᠦᠷᠲᠡᠬᠦ ᠵᠠᠮ ᠢ ᠨᠡᠭᠡᠭᠡᠵᠦ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ︽ᠬᠠᠪᠤᠷ ᠤᠨ ᠤᠰᠤ︾ ᠶᠢ ᠬᠥᠭᠵᠢᠭᠡᠬᠦ ᠪᠣᠯᠤᠨ᠎ᠠ᠃ | |