︽5 · 1︾ ᠤ ᠳᠡᠯᠡᠬᠡᠢ ᠶᠢᠨ ᠬᠥᠳᠡᠯᠮᠦᠷᠢᠴᠢᠳ ᠤᠨ ᠪᠠᠶᠠᠷ ᠢ ᠪᠡᠯᠭᠡᠯᠡᠬᠦ ᠶᠢᠨ ᠲᠥᠯᠥᠭᠡ᠂ 5 ᠰᠠᠷ᠎ᠠ ᠶᠢᠨ 1 ᠤ | ᠡᠳᠦᠷ᠂ ᠬᠤᠶᠠᠷᠰᠤᠮᠤ ᠪᠠᠯᠭᠠᠰᠤᠨ ᠤ ᠡᠮᠦᠨ᠎ᠡ ᠪᠠᠶᠠᠨᠲᠣᠬᠤᠢ ᠭᠠᠴᠠᠭ᠎ᠠ ᠨᠢ ᠭᠤᠣᠯ ᠰᠡᠳᠦᠪᠲᠦ ᠤᠷᠠᠨ ᠰᠠᠶᠢᠬᠠᠨ ᠤ | ᠲᠣᠭᠯᠠᠯᠲᠠ ᠶᠢᠨ ᠠᠵᠢᠯᠯᠠᠭ᠎ᠠ ᠶᠢ ᠠᠮᠵᠢᠯᠲᠠ ᠲᠠᠢ ᠡᠷᠬᠢᠯᠡᠵᠦ᠂ ᠭᠠᠴᠠᠭᠠᠨ ᠤ ᠣᠯᠠᠨ ᠲᠦᠮᠡᠨ ᠳᠤ ᠭᠤᠶᠢᠳᠠ | ᠰᠠᠶᠢᠬᠠᠨ ᠰᠣᠶᠣᠯ ᠤᠨ ᠦᠪᠡᠳᠡᠭᠰᠢ ᠨᠠᠶᠢᠷ ᠢ ᠠᠪᠴᠢᠷᠠᠭᠰᠠᠨ ᠪᠠᠶᠢᠨ᠎ᠠ᠃ | ᠠᠵᠢᠯᠯᠠᠭ᠎ᠠ ᠶᠢᠨ ᠳᠤᠮᠳᠠ᠂ ᠭᠠᠴᠠᠭᠠᠨ ᠤ ᠤᠳᠬ᠎ᠠ ᠤᠷᠠᠯᠢᠭ ᠤᠨ ᠳᠤᠷ᠎ᠠ ᠪᠠᠭ᠋ᠠᠲᠠᠳ ᠬᠤᠶᠢᠨ᠎ᠠ | ᠬᠤᠶᠢᠨ᠎ᠠ ᠠᠴᠠ ᠪᠠᠨ ᠲᠠᠶᠢᠰᠠᠨ ᠳᠤ ᠭᠠᠷᠴᠤ᠂ ᠤᠷᠠᠯᠢᠭ ᠢᠶᠠᠷ ᠬᠥᠳᠡᠯᠮᠦᠷᠢ ᠶᠢᠨ ᠭᠤᠸ᠎ᠠ ᠰᠠᠶᠢᠬᠠᠨ ᠢ ᠮᠠᠭᠲᠠᠨ | ᠰᠠᠶᠢᠰᠢᠶᠠᠵᠤ᠂ ᠳᠠᠭᠤᠤ ᠪᠠᠷ ᠲᠡᠮᠡᠴᠡᠯ ᠤᠨ ᠵᠣᠷᠢᠭ ᠢᠶᠠᠨ ᠬᠥᠪᠴᠢᠯᠡᠵᠦ᠂ ᠳᠠᠭᠤᠤ ᠪᠥᠵᠢᠭ᠂ ᠬᠥᠭᠵᠢᠮ ᠤᠨ | ᠬᠡᠷᠡᠭᠰᠡᠯ ᠢ ᠨᠠᠶᠢᠷᠠᠯ ᠬᠥᠭᠵᠢᠮ ᠵᠡᠷᠭᠡ ᠣᠯᠠᠨ ᠡᠰᠢᠲᠦ ᠲᠣᠭᠯᠠᠯᠲᠠ ᠶᠢᠨ ᠬᠡᠯᠪᠡᠷᠢ ᠪᠠᠷ ᠳᠠᠮᠵᠢᠭᠤᠯᠤᠨ᠂ ︽ | ᠬᠥᠳᠡᠯᠮᠦᠷᠢ ᠪᠠᠷ ᠵᠣᠯ ᠵᠢᠷᠭᠠᠯ ᠢ ᠴᠣᠭᠴᠠᠯᠠᠬᠤ︾ ᠭᠤᠣᠯ ᠬᠥᠭ ᠠᠶᠠᠰ ᠢ ᠬᠠᠮᠲᠤ ᠪᠠᠷ ᠴᠢᠪᠬᠠᠳᠠᠵᠤ᠂ | ᠦᠨᠳᠦᠰᠦᠲᠡᠨ ᠨᠦᠭᠦᠳ ᠤᠨ ᠣᠯᠠᠨ ᠲᠦᠮᠡᠨ ᠤ ᠪᠦᠯᠬᠦᠮᠳᠡᠨ ᠲᠡᠮᠡᠴᠡᠬᠦ ᠣᠶᠤᠨ ᠰᠠᠨᠠᠭᠠᠨ ᠤ ᠳᠦᠷᠰᠦ ᠪᠠᠶᠢᠳᠠᠯ ᠢ | ᠢᠯᠡᠷᠡᠭᠦᠯᠵᠦ᠂ ᠰᠢᠨ᠎ᠡ ᠴᠠᠭ ᠦᠶ᠎ᠡ ᠶᠢᠨ ᠬᠥᠳᠡᠯᠮᠦᠷᠢᠴᠢᠳ ᠤᠨ ᠣᠶᠤᠨ ᠰᠠᠨᠠᠭᠠᠨ ᠤ ᠳᠦᠷᠰᠦ ᠪᠠᠶᠢᠳᠠᠯ ᠢ | ᠠᠮᠢᠳᠤᠯᠢᠭ ᠢᠶᠠᠷ ᠲᠠᠶᠢᠯᠪᠤᠷᠢᠯᠠᠵᠠᠢ᠃ | ᠳᠠᠷᠠᠭᠠᠴᠢ ᠶᠢᠨ ᠠᠯᠬᠤᠮ ᠳᠤ᠂ ᠬᠤᠶᠠᠷᠰᠤᠮᠤ ᠪᠠᠯᠭᠠᠰᠤ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ | ᠦᠷᠭᠦᠯᠵᠢᠯᠡᠨ ᠴᠢᠩᠭᠠᠳᠬᠠᠵᠤ᠂ ᠣᠯᠠᠨ ᠲᠦᠮᠡᠨ ᠤ ᠣᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ | ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠵᠤ᠂ ᠰᠤᠮᠤ ᠪᠠᠯᠭᠠᠰᠤᠨ ᠤ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠡᠶᠡᠯᠡᠭᠦᠯᠬᠦ ᠳᠤ | ᠬᠦᠴᠦᠷᠬᠡᠭ ᠶᠡᠭᠡ ᠣᠶᠤᠨ ᠰᠠᠨᠠᠭᠠᠨ ᠤ ᠬᠥᠳᠡᠯᠭᠡᠬᠦ ᠬᠦᠴᠦᠨ ᠨᠡᠮᠡᠷᠢᠯᠡᠨ᠎ᠡ᠃ |