ᠠᠮᠠᠷᠠᠯᠲᠠ ᠶᠢᠨ ᠬᠤᠭᠤᠴᠠᠭᠠᠨ ᠳᠤ ᠠᠵᠢᠯ ᠶᠢᠨ ᠪᠠᠶᠢᠷᠢ ᠪᠠᠨ ᠪᠠᠳᠤ ᠰᠠᠬᠢᠨ᠎ᠠ
ᠨᠡᠶᠢᠲᠡᠯᠡᠭᠰᠡᠨ ᠴᠠᠭ᠄
2025/5/7
   ︽5 · 1︾ ᠤ ᠬᠥᠳᠡᠯᠮᠦᠷᠢᠴᠢᠳ ᠤᠨ ᠪᠠᠶᠠᠷ ᠤᠨ ᠡᠳᠦᠷ ᠭᠡᠳᠡᠭ ᠪᠣᠯ ᠬᠥᠳᠡᠯᠮᠦᠷᠢᠴᠢᠳ ᠤᠨ ᠪᠠᠶᠠᠷ ᠤᠨ ᠡᠳᠦᠷ ᠪᠣᠯᠤᠨ᠎ᠠ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠡᠶᠢᠲᠡ ᠶᠢᠨ ᠮᠠᠰᠢᠨ ᠲᠡᠷᠭᠡᠨ ᠤ ᠬᠥᠮᠦᠰ ᠦᠢᠯᠡ ᠠᠵᠢᠯᠯᠠᠭ᠎ᠠ ᠪᠠᠷ ᠢᠶᠠᠨ ᠲᠤᠰ ᠲᠤᠰ ᠤᠨ ᠠᠵᠢᠯ ᠤᠨ ᠪᠠᠶᠢᠷᠢ ᠪᠠᠨ ᠪᠠᠲᠤ ᠰᠠᠬᠢᠵᠤ᠂ ᠬᠥᠳᠡᠯᠮᠦᠷᠢᠴᠢᠳ ᠤᠨ ᠵᠣᠷᠢᠭ ᠰᠠᠨᠠᠭ᠎ᠠ ᠶᠢ ᠲᠠᠶᠢᠯᠪᠤᠷᠢᠯᠠᠵᠤ᠂ ᠨᠡᠶᠢᠲᠡ ᠶᠢᠨ ᠮᠠᠰᠢᠨ ᠲᠡᠷᠭᠡᠨ ᠤ ᠳᠤᠯᠠᠭᠠᠨ ᠤ ᠬᠡᠮᠵᠢᠶ᠎ᠡ ᠶᠢ ᠳᠠᠮᠵᠢᠭᠤᠯᠵᠤ᠂ ᠰᠠᠭᠤᠭᠠᠯᠢ ᠠᠷᠠᠳ ᠤᠨ ᠳᠥᠭᠦᠮ ᠪᠥᠭᠡᠳ ᠰᠠᠭᠠᠳ ᠦᠭᠡᠢ᠂ ᠠᠮᠤᠷ ᠲᠦᠪᠰᠢᠨ ᠢᠶᠠᠷ ᠶᠠᠪᠤᠵᠤ ᠰᠠᠭᠤᠬᠤ ᠳᠤ ᠪᠠᠲᠤᠯᠠᠭ᠎ᠠ ᠬᠠᠩᠭᠠᠵᠤ ᠪᠠᠶᠢᠨ᠎ᠠ᠃ ᠵᠠᠩ ᠢᠦᠢ ᠢᠦᠢ ᠨᠡᠶᠢᠲᠡ ᠶᠢᠨ ᠮᠠᠱᠢᠨ ᠲᠡᠷᠭᠡ ᠵᠢᠯᠣᠭᠤᠳᠬᠤ ᠪᠠᠷ ᠪᠠᠶᠢᠨ᠎ᠠ᠃ 32 ᠨᠠᠰᠤᠲᠠᠢ ᠵᠠᠯᠠᠭᠤ ᠵᠢᠯᠣᠭᠤᠴᠢ ᠵᠠᠩ ᠢᠦᠢ ᠢᠦᠢ ᠪᠣᠯ ᠨᠡᠶᠢᠲᠡ ᠶᠢᠨ ᠮᠠᠰᠢᠨ ᠲᠡᠷᠭᠡᠨ ᠤ ᠡᠩᠨᠡᠭᠡ ᠳᠤ ᠴᠥᠭᠡᠨ ᠪᠤᠰᠤ ᠡᠮᠡᠭᠲᠡᠢ ᠰᠤᠷᠤᠭᠴᠢ ᠪᠣᠯᠤᠨ᠎ᠠ᠂ ᠡᠨᠡ ᠪᠣᠯ ᠲᠡᠭᠦᠨ ᠤ ︽5 · 1︾ ᠤ ᠠᠮᠠᠷᠠᠯᠲᠠ ᠶᠢᠨ ᠬᠤᠭᠤᠴᠠᠭᠠᠨ ᠳᠤ ᠠᠵᠢᠯ ᠤᠨ ᠪᠠᠶᠢᠷᠢ ᠪᠠᠨ ᠪᠠᠲᠤ ᠰᠠᠬᠢᠵᠤ ᠪᠠᠶᠢᠭ᠎ᠠ 2 ᠵᠢᠯ ᠪᠣᠯᠤᠨ᠎ᠠ᠃    ᠵᠠᠩ ᠢᠦᠢ ᠢᠦᠢ ᠴᠠᠭ ᠢᠮᠠᠭᠲᠠ ᠥᠪᠡᠷ ᠢ ᠪᠠᠨ ᠠᠶᠠᠨᠴᠢᠳ ᠲᠤ ᠳᠡᠯᠭᠡᠨ ᠦᠵᠡᠭᠦᠯᠵᠦ᠂ ᠠᠶᠠᠨᠴᠢᠳ ᠤᠨ ᠲᠠᠭᠠᠯᠠᠮᠵᠢᠲᠠᠢ ᠶᠠᠪᠤᠵᠤ ᠰᠠᠭᠤᠬᠤ ᠶᠢ ᠥᠪᠡᠷ ᠤᠨ ᠦᠢᠯᠡᠴᠢᠯᠡᠭᠡᠨ ᠤ ᠪᠠᠷᠢᠮᠵᠢᠶ᠎ᠠ ᠪᠣᠯᠭᠠᠬᠤ ᠬᠡᠷᠡᠭᠲᠡᠢ ᠭᠡᠵᠦ ᠱᠠᠭᠠᠷᠳᠠᠪᠠ᠃ ︽5 · 1︾ ᠤ ᠬᠤᠭᠤᠴᠠᠭᠠᠨ ᠳᠤ ᠠᠵᠢᠯ ᠤᠨ ᠪᠠᠶᠢᠷᠢ ᠪᠠᠨ ᠪᠠᠲᠤ ᠰᠠᠬᠢᠬᠤ ᠲᠤᠬᠠᠢ ᠵᠠᠩ ᠢᠦᠢ ᠢᠦᠢ ᠢᠨᠢᠶᠡᠮᠰᠦᠭᠯᠡᠭᠰᠡᠭᠡᠷ᠄ ︽︿5 · 1︾ ᠤ ᠬᠤᠭᠤᠴᠠᠭᠠᠨ ᠳᠤ ᠠᠶᠠᠨᠴᠢᠳ ᠤᠨ ᠲᠤᠭ᠎ᠠ ᠬᠡᠮᠵᠢᠶ᠎ᠡ ᠶᠡᠭᠡ᠂ ᠲᠡᠳᠦᠢ ᠡᠨᠡ ᠦᠶ᠎ᠡ ᠳᠤ ᠪᠢᠳᠡ ᠤᠯᠠᠮ ᠲᠣᠭᠲᠠᠭᠤᠨ ᠴᠢᠭᠯᠡᠯ ᠢ ᠪᠠᠷᠢᠮᠲᠠᠯᠠᠬᠤ ᠬᠡᠷᠡᠭᠲᠡᠢ᠃ ᠬᠡᠳᠦ᠋ᠢᠪᠡᠷ ᠪᠤᠰᠤᠳ ᠬᠥᠮᠦᠨ ᠲᠠᠢ ᠠᠳᠠᠯᠢ ᠪᠠᠷ ᠠᠮᠠᠷᠠᠯᠲᠠ ᠶᠢᠨ ᠬᠤᠭᠤᠴᠠᠭ᠎ᠠ ᠶᠢ ᠡᠳ᠋ᠯᠡᠵᠦ ᠴᠢᠳᠠᠬᠤ ᠦᠭᠡᠢ ᠪᠣᠯᠪᠠᠴᠤ᠂ ᠠᠶᠠᠨᠴᠢᠳ ᠢ ᠤᠷᠤᠭᠰᠢᠲᠠᠢ᠂ ᠠᠮᠤᠷ ᠲᠦᠪᠰᠢᠨ ᠢᠶᠠᠷ ᠵᠣᠷᠢᠭᠰᠠᠨ ᠭᠠᠵᠠᠷ ᠳᠠᠭᠠᠨ ᠬᠦᠷᠬᠦ ᠶᠢ ᠣᠯᠵᠤ ᠬᠠᠷᠠᠪᠠᠯ᠂ ᠮᠢᠨᠦ ᠦᠵᠡᠬᠦ ᠪᠠᠷ ᠡᠨᠡ ᠬᠤᠪᠢ ᠪᠠᠲᠤ ᠪᠠᠷᠢᠮᠲᠠᠯᠠᠬᠤ ᠨᠢ ᠮᠠᠰᠢ ᠦᠨ᠎ᠡ ᠥᠷᠲᠡᠭ ᠲᠠᠢ ᠰᠠᠨᠠᠭᠳᠠᠨ᠎ᠠ︾ ᠭᠡᠵᠦ ᠬᠡᠯᠡᠪᠡ᠃    ᠸᠠᠩ ᠯᠢᠶᠠᠩ ᠪᠣᠯ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠡᠶᠢᠲᠡ ᠶᠢᠨ ᠮᠠᠰᠢᠨ ᠲᠡᠷᠭᠡᠨ ᠤ 2 ᠵᠠᠮ ᠤᠨ ᠵᠢᠯᠣᠭᠤᠴᠢ ᠮᠥᠨ᠂ 11 ᠵᠢᠯ ᠤᠨ ᠨᠡᠶᠢᠲᠡ ᠶᠢᠨ ᠮᠠᠰᠢᠨ ᠲᠡᠷᠭᠡᠨ ᠤ ᠵᠢᠯ ᠭᠠᠷᠤᠭᠰᠠᠨ ᠲᠡᠷᠡ ᠨᠢᠭᠡ ᠤᠳᠠᠭ᠎ᠠ ᠣᠴᠢᠵᠤ ᠢᠷᠡᠬᠦ ᠪᠦᠷᠢ ᠴᠥᠮ ᠲᠡᠷᠭᠡᠨ ᠳᠣᠲᠣᠷᠠᠬᠢ ᠠᠷᠢᠭᠤᠨ ᠴᠡᠪᠡᠷ ᠤᠨ ᠪᠠᠶᠢᠳᠠᠯ ᠢ ᠪᠠᠶᠢᠴᠠᠭᠠᠨ ᠦᠵᠡᠵᠦ᠂ ᠬᠡᠷᠪᠡ ᠪᠤᠵᠠᠷ ᠰᠠᠮᠠᠭᠤᠨ ᠪᠠᠶᠢᠳᠠᠯ ᠲᠠᠢ ᠪᠣᠯ ᠲᠡᠷᠡ ᠨᠠᠷᠢᠨ ᠨᠢᠮᠪᠠᠢ ᠴᠡᠪᠡᠷᠯᠡᠬᠦ ᠪᠣᠯᠤᠨ᠎ᠠ᠃ ᠸᠠᠩ ᠯᠢᠶᠠᠩ ᠰᠤᠷᠪᠤᠯᠵᠢᠯᠠᠭᠴᠢ ᠳᠤ ᠬᠡᠯᠡᠬᠦ ᠳᠡᠭᠡᠨ᠂ ᠨᠡᠶᠢᠲᠡ ᠶᠢᠨ ᠮᠠᠰᠢᠨ ᠲᠡᠷᠭᠡᠨ ᠤ ᠵᠢᠯᠣᠭᠤᠴᠢ ᠪᠣᠯ ᠣᠨᠴᠠᠭᠠᠢ ᠠᠵᠢᠯ ᠤᠨ ᠪᠠᠶᠢᠷᠢ ᠮᠥᠨ᠂ ᠲᠡᠷᠭᠡᠨ ᠵᠠᠮ ᠨᠢ ᠡᠬᠢᠯᠡᠯᠲᠡ ᠶᠢᠨ ᠴᠡᠭ ᠲᠠᠢ ᠪᠥᠭᠡᠳ ᠡᠴᠦᠰ ᠤᠨ ᠴᠡᠭ ᠲᠠᠢ ᠪᠠᠶᠢᠳᠠᠭ᠂ ᠭᠡᠪᠡᠴᠦ ᠦᠢᠯᠡᠴᠢᠯᠡᠭᠡ ᠨᠢ ᠬᠡᠵᠢᠶᠡᠳᠡ ᠬᠢᠵᠠᠭᠠᠷ ᠦᠭᠡᠢ ᠶᠤᠮ᠃ ᠡᠨᠡ ᠵᠢᠯ ᠤᠨ ︽5.1︾ ᠤ ᠠᠮᠠᠷᠠᠯᠲᠠ ᠳᠤ ᠲᠡᠷᠡ ᠠᠵᠢᠯ ᠤᠨ ᠪᠠᠶᠢᠷᠢ ᠪᠠᠨ ᠪᠠᠲᠤ ᠰᠠᠬᠢᠵᠤ᠂ ᠠᠶᠠᠨᠴᠢᠨ ᠨᠢᠭᠡᠪᠦᠷᠢ ᠳᠤ ᠳᠥᠭᠦᠮ ᠳᠥᠲᠡ ᠶᠠᠪᠤᠵᠤ ᠰᠠᠭᠤᠪᠠ᠃ ︽ᠡᠨᠡ ᠵᠢᠯ ᠪᠣᠯ ᠮᠢᠨᠦ ︿ᠲᠠᠪᠤᠨ ᠰᠠᠷ᠎ᠠ ᠶᠢᠨ ᠨᠢᠭᠡᠨ﹀ ᠤ ᠠᠵᠢᠯ ᠤᠨ ᠪᠠᠶᠢᠷᠢ ᠪᠠᠨ ᠪᠠᠲᠤ ᠰᠠᠬᠢᠵᠤ ᠪᠠᠶᠢᠭ᠎ᠠ 11 ᠳ᠋ᠦ᠋ᠭᠡᠷ ᠵᠢᠯ ᠪᠣᠯᠤᠨ᠎ᠠ᠂ ᠪᠢ ᠡᠳᠦᠷ ᠪᠦᠷᠢ ᠶᠢᠨ ᠥᠷᠯᠥᠭᠡ ᠮᠣᠷᠳᠠᠬᠤ ᠠᠴᠠ ᠪᠠᠨ ᠡᠮᠦᠨ᠎ᠡ ᠨᠡᠶᠢᠲᠡ ᠶᠢᠨ ᠮᠠᠰᠢᠨ ᠲᠡᠷᠭᠡᠨ ᠳᠤ ᠠᠮᠤᠷ ᠲᠦᠪᠰᠢᠨ ᠤ ᠪᠠᠶᠢᠴᠠᠭᠠᠯᠲᠠ ᠬᠢᠵᠦ᠂ ᠨᠡᠶᠢᠲᠡ ᠶᠢᠨ ᠮᠠᠰᠢᠨ ᠲᠡᠷᠭᠡ ᠵᠢᠯᠣᠭᠤᠳᠬᠤ ᠳᠠᠭᠠᠨ ᠡᠷᠬᠡᠪᠰᠢ ᠪᠣᠯᠭᠤᠮᠵᠢᠲᠠᠢ ᠵᠢᠯᠣᠭᠤᠳᠬᠤ ᠶᠢ ᠪᠠᠷᠢᠮᠲᠠᠯᠠᠵᠤ᠂ ᠤᠳᠠᠭ᠎ᠠ ᠪᠦᠷᠢ ᠠᠮᠤᠷ ᠲᠦᠪᠰᠢᠨ ᠢᠶᠠᠷ ᠠᠶᠠᠨᠴᠢᠳ ᠢ ᠬᠦᠷᠭᠡᠵᠦ᠂ ᠲᠡᠳᠡᠨ ᠤ ︿ᠲᠠᠯᠠᠷᠬᠠᠯ﹀ ᠢ ᠰᠣᠨᠣᠰᠪᠠ᠂ ᠪᠢ ᠮᠠᠰᠢ ᠰᠠᠶᠢᠨ ᠠᠮᠵᠢᠯᠲᠠ ᠣᠯᠤᠭᠰᠠᠨ ᠲᠥᠷᠥᠭᠳᠡᠯ ᠲᠠᠢ ᠪᠥᠭᠡᠳ ᠡᠨᠡ ᠬᠦ ᠠᠵᠢᠯ ᠤᠨ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠬᠤ ᠬᠡᠷᠡᠭᠲᠡᠢ︾ ᠭᠡᠵᠦ ᠨᠡᠶᠢᠲᠡ ᠶᠢᠨ ᠮᠠᠰᠢᠨ ᠤ ᠵᠢᠯᠣᠭᠤᠴᠢ ᠸᠠᠩ ᠯᠢᠶᠠᠩ ᠬᠡᠯᠡᠪᠡ᠃    ᠪᠠᠶᠠᠷ ᠤᠨ ᠡᠳᠦᠷ ᠤᠨ ᠬᠤᠭᠤᠴᠠᠭᠠᠨ ᠳᠤ ᠨᠡᠶᠢᠲᠡ ᠶᠢᠨ ᠮᠠᠰᠢᠨ ᠲᠡᠷᠭᠡᠨ ᠤ ᠡᠵᠡᠩᠨᠡᠯᠲᠡ ᠶᠢᠨ ᠠᠮᠤᠷ ᠲᠦᠪᠰᠢᠨ ᠤᠷᠤᠭᠰᠢᠲᠠᠢ ᠪᠠᠶᠢᠬᠤ ᠶᠢ ᠪᠠᠲᠤᠯᠠᠬᠤ ᠶᠢᠨ ᠲᠥᠯᠥᠭᠡ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠱᠦᠨ ᠲᠦᠩ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠮᠠᠰᠢᠨ ᠲᠡᠷᠭᠡᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠤᠷᠢᠳᠴᠢᠯᠠᠨ ᠪᠠᠶᠢᠷᠢᠯᠠᠭᠤᠯᠵᠤ᠂ ᠲᠡᠭᠡᠭᠡᠪᠦᠷᠢ ᠶᠢᠨ ᠬᠦᠴᠦᠨ ᠤ ᠣᠷᠣᠭᠤᠯᠤᠯᠲᠠ ᠶᠢ ᠨᠡᠮᠡᠭᠳᠡᠭᠦᠯᠦᠨ᠂ ᠣᠶᠤᠨᠴᠢ ᠲᠣᠬᠢᠷᠠᠭᠤᠯᠤᠯᠲᠠ ᠶᠢᠨ ᠰᠢᠰᠲ᠋ᠧᠮ ᠢᠶᠠᠷ ᠳᠠᠮᠵᠢᠭᠤᠯᠤᠨ ᠠᠶᠠᠨᠴᠢᠳ ᠤᠨ ᠤᠷᠤᠰᠬᠠᠯ ᠤᠨ ᠪᠠᠶᠢᠳᠠᠯ ᠢ ᠴᠠᠭ ᠲᠤᠬᠠᠢ ᠳᠤᠨᠢ ᠬᠢᠨᠠᠨ ᠡᠵᠡᠮᠳᠡᠵᠦ᠂ ᠭᠤᠣᠯᠳᠠᠯᠭ᠎ᠠ ᠲᠠᠢ ᠵᠠᠮ ᠱᠤᠭᠤᠮ ᠳᠤ ᠡᠭᠡᠯᠵᠢ ᠤᠳᠠᠭ᠎ᠠ ᠶᠢ ᠨᠡᠮᠡᠭᠳᠡᠭᠦᠯᠵᠦ᠂ ᠲᠡᠷᠭᠡ ᠬᠥᠳᠡᠯᠬᠦ ᠴᠠᠭ ᠤᠨ ᠵᠠᠢ ᠶᠢ ᠪᠣᠭᠤᠨᠢᠰᠬᠠᠪᠠ᠃ ︽5.1︾ ᠤ ᠬᠤᠭᠤᠴᠠᠭᠠᠨ ᠳᠤ᠂ ᠪᠢᠳᠡᠨ ᠳᠤ ᠨᠡᠶᠢᠲᠡ 16 ᠡᠭᠡᠯᠵᠢ ᠶᠢᠨ ᠨᠡᠶᠢᠲᠡ ᠶᠢᠨ ᠮᠠᠰᠢᠨ ᠲᠡᠷᠭᠡ᠂ 20 ᠵᠢᠯᠣᠭᠤᠴᠢ ᠪᠦᠬᠦᠨ ᠢᠶᠠᠷ ᠢᠶᠠᠨ ᠠᠵᠢᠯ ᠤᠨ ᠪᠠᠶᠢᠷᠢ ᠳᠤ ᠭᠠᠷᠴᠤ᠂ ᠠᠶᠠᠨᠴᠢᠳ ᠢ ᠳᠥᠭᠦᠮ ᠳᠥᠲᠡ ᠪᠣᠯᠭᠠᠪᠠ᠃ ᠪᠢᠳᠡ ᠤᠷᠢᠳᠴᠢᠯᠠᠨ ᠲᠡᠷᠭᠡ ᠬᠥᠰᠬᠡ ᠶᠢ ᠪᠠᠶᠢᠴᠠᠭᠠᠨ ᠵᠠᠰᠠᠭᠰᠠᠨ ᠪᠥᠭᠡᠳ ᠰᠢᠨᠵᠢᠯᠡᠬᠦ ᠤᠬᠠᠭᠠᠨᠴᠢ ᠪᠠᠷ ᠡᠭᠡᠯᠵᠢ ᠵᠢᠭᠰᠠᠭᠠᠵᠤ᠂ ᠵᠢᠯᠣᠭᠤᠴᠢ ᠨᠠᠷ ᠤᠨ ᠭᠦᠢᠴᠡᠳ ᠠᠮᠠᠷᠠᠬᠤ ᠶᠢ ᠦᠨᠡᠨ ᠬᠦ ᠪᠠᠲᠤᠯᠠᠪᠠ᠃ ᠨᠡᠶᠢᠲᠡ ᠶᠢᠨ ᠵᠠᠮ ᠬᠠᠷᠢᠯᠴᠠᠭᠠᠨ ᠤ ᠬᠥᠮᠦᠨ ᠨᠢᠭᠡᠪᠦᠷᠢ ᠶᠢᠨ ᠴᠢᠷᠮᠠᠶᠢᠯᠭ᠎ᠠ ᠳᠤ ᠲᠠᠯᠠᠷᠬᠠᠵᠤ ᠪᠠᠶᠢᠨ᠎ᠠ᠂ ᠲᠡᠳᠡ ᠪᠣᠯ ᠬᠠᠮᠤᠭ ᠤᠨ ᠰᠠᠶᠢᠬᠠᠨ ᠬᠥᠳᠡᠯᠮᠦᠷᠢᠴᠢᠨ ᠮᠥᠨ︕  ᠬᠡᠵᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠱᠦᠨ ᠲᠦᠩ ᠨᠡᠶᠢᠲᠡ ᠶᠢᠨ ᠵᠠᠮ ᠬᠠᠷᠢᠯᠴᠠᠭᠠᠨ ᠤ ᠮᠠᠰᠢᠨ ᠲᠡᠷᠭᠡᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠨᠠᠮ ᠤᠨ ᠡᠭᠦᠷ ᠤᠨ ᠱᠦᠵᠢ ᠯᠢ ᠬᠠᠢ ᠰᠢᠶᠠ ᠬᠡᠯᠡᠪᠡ᠃
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号