︽5.1︾ ᠤ ᠠᠮᠠᠷᠠᠯᠲᠠ ᠶᠢᠨ ᠬᠤᠭᠤᠴᠠᠭᠠᠨ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ | ᠣᠷᠴᠢᠨ ᠲᠣᠭᠤᠷᠢᠨ ᠤ ᠠᠷᠢᠭᠤᠨ ᠴᠡᠪᠡᠷ ᠤᠨ ᠪᠦᠬᠦ ᠠᠵᠢᠯᠴᠢᠨ ᠠᠵᠢᠯ ᠤᠨ ᠪᠠᠶᠢᠷᠢ ᠶᠢᠨ ᠨᠢᠭᠡᠳᠦᠭᠡᠷ ᠹᠷᠣᠨᠲ ᠢ | ᠪᠠᠲᠤ ᠰᠠᠬᠢᠵᠤ᠂ ᠰᠢᠷᠭᠠᠭᠤ ᠬᠥᠳᠡᠯᠮᠦᠷᠢ ᠪᠠᠷ ᠢᠶᠠᠨ ᠥᠷᠭᠡᠨ ᠣᠯᠠᠨ ᠵᠤᠭᠠᠴᠠᠭᠰᠠᠳ᠂ ᠰᠠᠭᠤᠭᠠᠯᠢ ᠠᠷᠠᠳ ᠲᠤ | ᠴᠡᠪᠡᠷ ᠴᠡᠮᠴᠡᠭᠡᠷ ᠬᠤᠲᠠ ᠶᠢᠨ ᠣᠷᠴᠢᠨ ᠲᠣᠭᠤᠷᠢᠨ ᠢ ᠪᠣᠢ ᠪᠣᠯᠭᠠᠵᠤ ᠥᠭᠪᠡ᠃ | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠠᠶᠠᠨᠬᠤᠰᠢᠭᠤ ᠪᠠᠯᠭᠠᠰᠤᠨ ᠤ ᠲᠣᠭᠤᠷᠢᠭ ᠤᠨ ᠵᠡᠭᠡᠯᠢ | ᠭᠤᠳᠤᠮᠵᠢ ᠶᠢᠨ ᠰᠡᠭᠦᠯ ᠢᠶᠠᠷ ᠶᠠᠪᠤᠵᠤ᠂ ᠰᠢᠷ᠎ᠠ ᠬᠠᠨᠵᠢᠶᠠᠷ ᠥᠩᠭᠡᠷᠡᠬᠦ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠠᠵᠢᠯᠴᠢᠨ ᠭᠠᠵᠠᠷ ᠪᠣᠯᠭᠠᠨ ᠳᠤ ᠬᠠᠷᠠᠭᠳᠠᠨ᠎ᠠ᠃ ᠠᠮᠠᠷᠠᠯᠲᠠ ᠶᠢᠨ ᠬᠤᠭᠤᠴᠠᠭᠠᠨ ᠳᠤ ᠬᠥᠮᠦᠨ ᠠᠮᠠ ᠶᠢᠨ ᠲᠤᠭ᠎ᠠ | ᠬᠡᠮᠵᠢᠶ᠎ᠡ ᠶᠡᠭᠡ ᠪᠠᠷ ᠨᠡᠮᠡᠭᠳᠡᠵᠦ᠂ ᠬᠤᠭ ᠨᠣᠪᠰᠢ ᠶᠢᠨ ᠬᠡᠮᠵᠢᠶ᠎ᠡ ᠴᠦ ᠳᠠᠭᠠᠯᠳᠤᠨ ᠨᠡᠮᠡᠭᠳᠡᠵᠦ᠂ ᠲᠤᠰ ᠣᠷᠣᠨ | ᠪᠦᠰᠡ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠠᠵᠢᠯ ᠤᠨ ᠪᠠᠶᠢᠷᠢ ᠪᠠᠨ ᠢᠮᠠᠭᠲᠠ ᠪᠠᠲᠤ | ᠰᠠᠬᠢᠵᠤ᠂ ᠱᠦᠭᠦᠷ᠂ ᠬᠤᠭ ᠨᠣᠪᠰᠢ ᠶᠢᠨ ᠬᠠᠪᠴᠢᠭᠤᠷ ᠪᠠᠷᠢᠵᠤ᠂ ᠭᠠᠵᠠᠷ ᠳᠡᠭᠡᠷᠡᠬᠢ ᠡᠯᠳᠡᠪ ᠪᠣᠳᠠᠰ ᠢ ᠴᠠᠭ | ᠲᠤᠬᠠᠢ ᠳᠤᠨᠢ ᠴᠡᠪᠡᠷᠯᠡᠵᠦ᠂ ᠣᠷᠴᠢᠨ ᠲᠣᠭᠤᠷᠢᠨ ᠤ ᠠᠷᠢᠭᠤᠨ ᠴᠡᠪᠡᠷ ᠡᠮᠬᠢ ᠵᠢᠷᠤᠮ ᠲᠠᠢ ᠪᠠᠶᠢᠬᠤ ᠶᠢ ᠦᠨᠡᠨᠬᠦ | ᠪᠠᠲᠤᠯᠠᠪᠠ᠃ ︽ᠲᠠᠪᠤᠨ ᠰᠠᠷ᠎ᠠ ᠶᠢᠨ ᠨᠢᠭᠡᠨ ᠤ ᠠᠮᠠᠷᠠᠯᠲᠠ ᠶᠢᠨ ᠬᠤᠭᠤᠴᠠᠭᠠᠨ ᠳᠤ ᠬᠤᠭ ᠨᠣᠪᠰᠢ ᠶᠢᠨ ᠬᠡᠮᠵᠢᠶ᠎ᠡ | ᠡᠩ ᠤᠨ ᠦᠶ᠎ᠡ ᠶᠢᠨ ᠬᠢ ᠠᠴᠠ ᠴᠥᠭᠡᠨ ᠪᠤᠰᠤ ᠪᠠᠶᠢᠵᠤ᠂ ᠪᠢᠳᠡ ᠡᠳᠦᠷ ᠪᠦᠷᠢ ᠠᠵᠢᠯ ᠤᠨ ᠪᠠᠶᠢᠷᠢ ᠳᠤ | ᠤᠷᠢᠳᠴᠢᠯᠠᠨ ᠬᠦᠷᠴᠦ᠂ ᠬᠡᠰᠡᠭ ᠬᠤᠪᠢᠶᠠᠨ ᠲᠣᠭᠤᠷᠢᠨ ᠴᠡᠪᠡᠷᠯᠡᠵᠦ᠂ ᠬᠤᠭ ᠨᠣᠪᠰᠢ ᠶᠢ ᠴᠠᠭ ᠲᠤᠬᠠᠢ ᠳᠤᠨᠢ | ᠰᠢᠢᠳᠪᠦᠷᠢᠯᠡᠵᠦ᠂ ᠣᠯᠠᠨ ᠳᠤ ᠴᠡᠪᠡᠷ ᠲᠡᠭᠰᠢ ᠣᠷᠴᠢᠨ ᠲᠣᠭᠤᠷᠢᠨ ᠥᠭᠴᠦ ᠪᠠᠶᠢᠨ᠎ᠠ︾ ᠬᠡᠵᠤ ᠣᠷᠴᠢᠨ | ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠲᠦᠩ ᠬᠦᠢ ᠶᠢᠩ ᠬᠡᠯᠡᠨ᠎ᠡ᠃ | ᠣᠶᠢᠯᠠᠭᠠᠭᠰᠠᠨ ᠢᠶᠠᠷ᠂ ︽5.1︾ ᠤ ᠠᠮᠠᠷᠠᠯᠲᠠ ᠶᠢᠨ ᠬᠤᠭᠤᠴᠠᠭᠠᠨ ᠳᠤ᠂ ᠬᠤᠷᠴᠢᠨ ᠪᠠᠷᠠᠭᠤᠨ ᠭᠠᠷᠤᠨ | ᠳᠤᠮᠳᠠᠳᠤ ᠬᠤᠰᠢᠭᠤᠨ ᠤ ᠣᠷᠴᠢᠨ ᠲᠣᠭᠤᠷᠢᠨ ᠤ ᠠᠷᠢᠭᠤᠨ ᠴᠡᠪᠡᠷ ᠤᠨ ᠰᠠᠯᠠᠭ᠎ᠠ ᠮᠥᠴᠢᠷ ᠡᠷᠲᠡ ᠪᠠᠶᠢᠷᠢᠯᠠᠭᠤᠯᠵᠤ᠂ | ᠡᠷᠲᠡ ᠬᠥᠳᠡᠯᠦᠯᠴᠡᠵᠦ᠂ ᠬᠥᠮᠦᠨ ᠤ ᠬᠦᠴᠦᠨ᠂ ᠲᠡᠷᠭᠡ ᠬᠥᠰᠬᠡ ᠶᠢᠨ ᠡᠬᠢ ᠪᠠᠶᠠᠯᠢᠭ ᠢ ᠵᠦᠢ ᠵᠣᠬᠢᠰᠲᠠᠢ | ᠲᠣᠬᠢᠷᠠᠭᠤᠯᠤᠨ᠂ ︽ᠮᠧᠬᠠᠨᠢᠭ ᠬᠥᠮᠦᠨ ᠤ ᠬᠦᠴᠦᠨ︾ ᠢ ᠬᠠᠮᠵᠢᠯᠴᠠᠨ ᠠᠵᠢᠯᠯᠠᠬᠤ ᠵᠠᠭᠪᠤᠷ ᠢᠶᠠᠷ ᠳᠠᠮᠵᠢᠭᠤᠯᠤᠨ᠂ | ᠠᠷᠢᠭᠤᠨ ᠴᠡᠪᠡᠷ ᠤᠨ ᠲᠡᠷᠭᠡ᠂ ᠭᠠᠵᠠᠷ ᠱᠦᠭᠦᠷᠳᠡᠬᠦ ᠲᠡᠷᠭᠡᠨ ᠤ ᠲᠥᠬᠦᠭᠡᠷᠦᠮᠵᠢ ᠶᠢ ᠰᠢᠨᠵᠢᠯᠡᠬᠦ ᠤᠬᠠᠭᠠᠨᠴᠢ ᠪᠠᠷ | ᠲᠣᠬᠢᠷᠠᠭᠤᠯᠵᠤ᠂ ᠬᠤᠳᠠᠯᠳᠤᠭᠠᠨ ᠤ ᠲᠣᠭᠤᠷᠢᠭ᠂ ᠲᠠᠯᠠᠪᠠᠢ᠂ ᠦᠵᠡᠮᠵᠢ ᠶᠢᠨ ᠣᠷᠣᠨ ᠤ ᠡᠷᠭᠢᠨ ᠲᠣᠭᠤᠷᠢᠨ ᠤ | ᠬᠥᠳᠡᠯᠦᠩᠭᠦᠢ ᠠᠷᠢᠭᠤᠨ ᠴᠡᠪᠡᠷ ᠢ ᠭᠤᠣᠯᠳᠠᠯᠭ᠎ᠠ ᠲᠠᠢ ᠴᠢᠩᠭᠠᠳᠬᠠᠬᠤ ᠶᠢᠨ ᠬᠠᠮᠲᠤ ᠭᠤᠣᠯᠳᠠᠯᠭ᠎ᠠ ᠲᠠᠢ ᠣᠷᠣᠨ | ᠪᠦᠰᠡ ᠶᠢᠨ ᠴᠡᠪᠡᠷᠯᠡᠨ ᠱᠦᠭᠦᠷᠳᠡᠬᠦ ᠤᠳᠠᠭ᠎ᠠ ᠶᠢ ᠨᠡᠮᠡᠭᠳᠡᠭᠦᠯᠵᠦ᠂ ᠠᠵᠢᠯ ᠤᠨ ᠦᠷ᠎ᠡ ᠪᠦᠲᠦᠮᠵᠢ ᠶᠢ ᠶᠡᠭᠡ ᠪᠠᠷ | ᠳᠡᠭᠡᠭᠰᠢᠯᠡᠭᠦᠯᠪᠡ᠃ ᠡᠳᠦᠷ ᠪᠦᠷᠢ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠢ 220 ᠭᠠᠷᠤᠢ | ᠬᠥᠮᠦᠨ ᠤᠳᠠᠭ᠎ᠠ᠂ ᠠᠷᠢᠭᠤᠨ ᠴᠡᠪᠡᠷ ᠤᠨ ᠲᠡᠷᠭᠡ ᠶᠢ 27 ᠤᠳᠠᠭ᠎ᠠ ᠬᠥᠳᠡᠯᠭᠡᠵᠦ᠂ ᠠᠮᠢᠳᠤᠷᠠᠯ ᠤᠨ ᠬᠤᠭ | ᠨᠣᠪᠰᠢ ᠶᠢ ᠨᠡᠶᠢᠲᠡ 120 ᠲᠣᠨ ᠢ ᠳᠠᠪᠠᠵᠤ᠂ ᠪᠠᠯᠭᠠᠰᠤᠨ ᠤ ᠣᠷᠴᠢᠨ ᠲᠣᠭᠤᠷᠢᠨ ᠤ ᠠᠷᠢᠭᠤᠨ ᠴᠡᠪᠡᠷ ᠤᠨ ᠶᠠᠰᠤ | ᠴᠢᠨᠠᠷ ᠢ ᠪᠦᠬᠦ ᠬᠦᠴᠦᠨ ᠢᠶᠠᠷ ᠢᠶᠠᠨ ᠪᠠᠲᠤᠯᠠᠪᠠ᠃ ︽5.1︾ ᠤ ᠬᠤᠭᠤᠴᠠᠭᠠᠨ ᠳᠤ᠂ ᠮᠠᠨ ᠤ ᠬᠤᠰᠢᠭᠤᠨ ᠤ | ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠪᠦᠬᠦᠨ ᠠᠵᠢᠯ ᠤᠨ ᠪᠠᠶᠢᠷᠢ ᠳᠠᠭᠠᠨ ᠪᠠᠶᠢᠵᠤ᠂ ᠡᠳᠦᠷ | ᠪᠦᠷᠢ ᠴᠠᠭ ᠲᠤᠬᠠᠢ ᠳᠤᠨᠢ ᠴᠡᠪᠡᠷᠯᠡᠬᠦ ᠶᠢ ᠪᠠᠷᠢᠮᠲᠠᠯᠠᠬᠤ ᠶᠢᠨ ᠬᠠᠮᠲᠤ ᠬᠥᠮᠦᠨ ᠤ ᠤᠷᠤᠰᠬᠠᠯ ᠤᠨ ᠬᠤᠪᠢᠷᠠᠯᠲᠠ ᠶᠢ | ᠦᠨᠳᠦᠰᠦᠯᠡᠨ᠂ ᠴᠡᠪᠡᠷᠯᠡᠨ ᠲᠡᠭᠡᠭᠡᠪᠦᠷᠢᠯᠡᠬᠦ ᠤᠳᠠᠭ᠎ᠠ ᠶᠢ ᠠᠮᠢᠳᠤᠯᠢᠭ ᠢᠶᠠᠷ ᠨᠡᠮᠡᠵᠦ᠂ ᠴᠡᠪᠡᠷᠯᠡᠨ ᠲᠡᠭᠡᠭᠡᠪᠦᠷᠢᠯᠡᠬᠦ | ᠱᠤᠭᠤᠮ ᠢ ᠵᠦᠢ ᠵᠣᠬᠢᠰᠲᠠᠢ ᠲᠣᠬᠢᠷᠠᠭᠤᠯᠤᠨ᠂ ᠠᠮᠢᠳᠤᠷᠠᠯ ᠤᠨ ᠬᠤᠭ ᠨᠣᠪᠰᠢ ᠶᠢ ᠡᠳᠦᠷ ᠪᠦᠷᠢ ᠴᠡᠪᠡᠷᠯᠡᠵᠦ᠂ | ᠣᠯᠠᠨ ᠳᠤ ᠡᠷᠡᠭᠦᠯ ᠴᠢᠭᠢᠷᠠᠭ ᠡᠷᠡᠭᠦᠯ ᠬᠠᠮᠠᠭᠠᠯᠠᠯ᠂ ᠪᠣᠯᠪᠠᠰᠤᠨ ᠡᠮᠬᠢ ᠵᠢᠷᠤᠮ ᠲᠠᠢ ︿ᠲᠠᠪᠤᠨ ᠰᠠᠷ᠎ᠠ ᠶᠢᠨ ᠨᠢᠭᠡᠨ﹀ | ᠤ ᠠᠮᠠᠷᠠᠯᠲᠠ ᠶᠢᠨ ᠬᠤᠭᠤᠴᠠᠭ᠎ᠠ ᠶᠢ ᠪᠣᠢ ᠪᠣᠯᠭᠠᠵᠤ ᠥᠭᠭᠦᠨ᠎ᠡ︾ ᠬᠡᠵᠤ ᠬᠤᠷᠴᠢᠨ ᠪᠠᠷᠠᠭᠤᠨ ᠭᠠᠷᠤᠨ ᠳᠤᠮᠳᠠᠳᠤ | ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠲᠣᠪᠴᠢᠶ᠎ᠠ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠲᠥᠪ ᠤᠨ ᠳᠡᠳ᠋ ᠡᠷᠬᠢᠯᠡᠭᠴᠢ | ᠪᠦᠦ ᠯᠢᠨ ᠬᠡᠯᠡᠪᠡ᠃ |