ᠲᠦᠷᠦᠬᠦᠦ ᠤᠯᠠᠷᠢᠯ ᠳᠤ ᠪᠥᠬᠦ ᠣᠷᠣᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠶᠢᠨ ᠦᠯᠡᠳᠡᠪᠦᠷᠢ 4 ᠲᠦᠮᠡᠨ ᠳ᠋ᠦᠩᠰᠢᠭᠤᠷ ᠲᠥᠭᠦᠷᠢᠭ ᠢ ᠳᠠᠪᠠᠪᠠ
ᠨᠡᠶᠢᠲᠡᠯᠡᠭᠰᠡᠨ ᠴᠠᠭ᠄
2025/5/7
   4 ᠰᠠᠷ᠎ᠠ ᠶᠢᠨ 27 ᠤ ᠦᠳᠡ ᠶᠢᠨ ᠬᠤᠶᠢᠨ᠎ᠠ᠂ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠰᠤᠨᠢᠨ ᠮᠡᠳᠡᠭᠡᠨ ᠤ ᠠᠯᠪᠠᠨ ᠭᠡᠷ ︽2025 ᠣᠨ ᠤ ᠨᠢᠭᠡᠳᠦᠭᠡᠷ ᠤᠯᠠᠷᠢᠯ ᠤᠨ ᠪᠥᠬᠦ ᠣᠷᠣᠨ ᠤ ᠮᠥᠩᠭᠦᠨ ᠭᠦᠢᠯᠭᠡᠭᠡᠨ ᠤ ᠠᠵᠢᠯᠯᠠᠭᠠᠨ ᠤ ᠪᠠᠶᠢᠳᠠᠯ ᠤᠨ ᠲᠤᠬᠠᠢ︾ ᠰᠤᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ᠦᠪᠡᠷᠳᠡᠬᠡᠨ ᠵᠠᠰᠠᠬᠤ ᠤᠷᠤᠨ ᠤ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠪᠠᠩᠬᠢ᠂ ᠤᠯᠤᠰ ᠤᠨ ᠭᠠᠳᠠᠭᠠᠳᠤ ᠭᠤᠪᠢᠭᠤᠯᠭ᠎ᠠ ᠶᠢᠨ ᠬᠠᠮᠢᠶᠠᠷᠤᠯᠲᠠ ᠶᠢᠨ ᠲᠣᠪᠴᠢᠶᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠲᠤᠪᠴᠢᠶ᠎ᠠ ᠶᠢᠨ ᠬᠠᠷᠢᠭᠤᠴᠠᠯᠭᠠᠳᠠᠨ ᠢ ᠤᠷᠢᠵᠤ᠂ 2025 ᠣᠨ ᠤ ᠨᠢᠭᠡᠳᠦᠭᠡᠷ ᠤᠯᠠᠷᠢᠯ ᠤᠨ ᠪᠥᠬᠦ ᠣᠷᠣᠨ ᠤ ᠮᠥᠩᠭᠦᠨ ᠭᠦᠢᠯᠭᠡᠭᠡᠨ ᠤ ᠠᠵᠢᠯᠯᠠᠭᠠᠨ ᠤ ᠪᠠᠶᠢᠳᠠᠯ ᠵᠢᠴᠢ ᠮᠥᠩᠭᠦᠨ ᠭᠦᠢᠯᠭᠡᠭᠡᠨ ᠢᠶᠠᠷ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠶ ᠬᠥᠭᠵᠢᠯᠲᠡ ᠶᠢ ᠳᠡᠮᠵᠢᠭᠰᠡᠨ ᠪᠠᠶᠢᠳᠠᠯ ᠤᠨ ᠲᠤᠬᠠᠶ ᠲᠠᠨᠢᠯᠴᠠᠭᠤᠯᠪᠡ᠃   ︽ᠡᠨᠡ ᠵᠢᠯ ᠤᠨ ᠨᠢᠭᠡᠳᠦᠭᠡᠷ ᠤᠯᠠᠷᠢᠯ ᠳᠤ᠂ ᠪᠥᠬᠦ ᠣᠷᠣᠨ ᠤ ᠮᠥᠩᠭᠦᠨ ᠭᠦᠢᠯᠭᠡᠭᠡᠨ ᠤ ᠠᠵᠢᠯᠯᠠᠭ᠎ᠠ ᠰᠠᠶᠢᠨ ᠡᠬᠢᠯᠡᠯᠲᠡ ᠲᠠᠢ ᠪᠠᠶᠢᠵᠤ᠂ ᠬᠠᠳᠠᠭᠠᠯᠠᠮᠵᠢ ᠵᠢᠭᠡᠯᠡᠯᠭᠡ ᠶᠢᠨ ᠶᠡᠷᠦᠩᠬᠡᠶ ᠬᠡᠮᠵᠢᠶ᠎ᠡ ᠲᠣᠭᠲᠠᠭᠤᠨ ᠢᠶᠠᠷ ᠨᠡᠮᠡᠭᠳᠡᠨ᠂ ᠬᠠᠳᠠᠭᠠᠯᠠᠮᠵᠢ ᠶᠢᠨ ᠦᠯᠡᠳᠡᠪᠦᠷᠢ 4 ᠲᠦᠮᠡᠨ ᠳ᠋ᠦᠩᠰᠢᠭᠤᠷ ᠲᠥᠭᠦᠷᠢᠭ ᠢ ᠳᠡᠪᠡᠪᠠ︾ ᠭᠡᠵᠤ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠪᠠᠩᠬᠢ ᠶᠢᠨ ᠨᠠᠮ ᠤᠨ ᠬᠤᠷᠢᠶ᠎ᠠ ᠶᠢᠨ ᠭᠡᠰᠢᠭᠦᠨ᠂ ᠪᠠᠩᠬᠢ ᠶᠢᠨ ᠳᠡᠳ᠋ ᠳᠠᠷᠤᠭ᠎ᠠ ᠬᠠᠨ ᠰᠢᠶᠠᠩ ᠭᠦᠸᠧ ᠬᠡᠯᠡᠪᠡ᠃   ᠡᠨᠡ ᠵᠢᠯ ᠠᠴᠠ ᠨᠠᠭᠠᠰᠢ᠂ ᠪᠥᠬᠦ ᠣᠷᠣᠨ ᠤ ᠮᠥᠩᠭᠦᠨ ᠭᠦᠢᠯᠭᠡᠭᠡᠨ ᠤ ᠰᠢᠰᠲ᠋ᠧᠮ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠣᠰᠣᠭᠠᠷ᠂ ︽ᠨᠢᠭᠡ ᠭᠤᠤᠯ ᠱᠤᠭᠤᠮ︾ ᠢ ᠲᠤᠭᠤᠰᠢᠯᠠᠭᠤᠯᠬᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠲᠠᠢ ᠨᠢᠭᠲᠠ ᠤᠶᠠᠯᠳᠤᠭᠤᠯᠤᠨ ᠂ ᠮᠥᠩᠭᠦᠨ ᠭᠦᠢᠯᠭᠡᠭᠡᠨ ᠤ ︽ᠲᠠᠪᠤᠨ ᠶᠡᠭᠡ ᠶᠠᠪᠤᠳᠠᠯ︾ ᠢ ᠬᠦᠴᠦ ᠪᠠᠨ ᠲᠥᠪᠯᠡᠷᠡᠭᠦᠯᠦᠨ ᠰᠠᠶᠢᠲᠤᠷ ᠬᠢᠵᠦ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠦᠷᠭᠦᠯᠵᠢᠯᠡᠨ ᠪᠠᠲᠤ ᠴᠢᠩᠭ᠎ᠠ ᠲᠤᠯᠭᠠᠭᠤᠷᠢᠯᠠᠯ ᠬᠠᠩᠭᠠᠪᠠ᠃ ᠨᠢᠭᠡᠳᠦᠭᠡᠷ ᠤᠯᠠᠷᠢᠯ ᠳᠤ᠂ ᠬᠠᠳᠠᠭᠠᠯᠠᠮᠵᠢ ᠵᠢᠭᠡᠯᠡᠯᠭᠡ ᠶᠢᠨ ᠶᠡᠷᠦᠩᠬᠡᠢ ᠬᠡᠮᠵᠢᠶ᠎ᠡ ᠲᠣᠭᠲᠠᠭᠤᠨ ᠢᠶᠠᠷ ᠨᠡᠮᠡᠭᠳᠡᠵᠤ᠂ ᠪᠥᠬᠦ ᠣᠷᠣᠨ ᠤ ᠨᠡᠶᠢᠭᠡᠮ ᠤᠨ ᠪᠠᠯᠠ ᠲᠣᠬᠢᠷᠠᠭᠤᠯᠭ᠎ᠠ ᠶᠢᠨ ᠬᠡᠪᠴᠢᠶ᠎ᠡ ᠶᠢᠨ ᠨᠡᠮᠡᠭᠳᠡᠯ ᠤᠨ ᠬᠡᠮᠵᠢᠶ᠎ᠡ 1354.2 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 22.2 ᠳ᠋ᠦᠩᠰᠢᠭᠤᠷ ᠲᠥᠭᠦᠷᠢᠭ ᠨᠡᠮᠡᠭᠳᠡᠪᠡ᠃ 3 ᠰᠠᠷ᠎ᠠ ᠶᠢᠨ ᠰᠡᠭᠦᠯᠴᠢ ᠪᠠᠷ᠂ ᠪᠥᠬᠦ ᠣᠷᠣᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠷᠠᠳ ᠤᠨ ᠵᠣᠭᠤᠰ ᠤᠨ ᠡᠯ᠎ᠡ ᠵᠦᠢᠯ ᠤᠨ ᠵᠢᠭᠡᠯᠡᠯᠭᠡ ᠶᠢᠨ ᠦᠯᠡᠳᠡᠪᠦᠷᠢ 32292.4 ᠳ᠋ᠦᠩᠰᠢᠭᠤᠷ ᠲᠥᠭᠦᠷᠢᠭ ᠪᠠᠶᠢᠵᠤ᠂ ᠬᠠᠷᠢᠴᠠᠭᠤᠯᠵᠤ ᠪᠣᠯᠬᠤ ᠪᠡᠷᠢᠮᠵᠢᠶ᠎ᠠ ᠪᠠᠷ ᠪᠤᠳᠤᠪᠠᠯ᠂ ᠵᠢᠯ ᠤᠨ ᠡᠬᠢᠨ ᠤ ᠬᠢ ᠠᠴᠠ 965 ᠳ᠋ᠦᠩᠰᠢᠭᠤᠷ ᠲᠥᠭᠦᠷᠢᠭ ᠨᠡᠮᠡᠭᠳᠡᠨ᠂ ᠠᠳᠠᠯᠢ ᠬᠤᠭᠤᠴᠠᠭᠠᠨ ᠤ ᠬᠢ ᠠᠴᠠ 7.4% ᠪᠠᠷ ᠨᠡᠮᠡᠭᠳᠡᠪᠡ︔ ᠪᠥᠬᠦ ᠣᠷᠣᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠷᠠᠳ ᠤᠨ ᠵᠣᠭᠤᠰ ᠤᠨ ᠡᠯ᠎ᠡ ᠵᠦᠢᠯ ᠤᠨ ᠬᠠᠳᠠᠭᠠᠯᠠᠮᠵᠢ ᠶᠢᠨ ᠦᠯᠡᠳᠡᠪᠦᠷᠢ 4 ᠲᠦᠮᠡᠨ ᠳ᠋ᠦᠩᠰᠢᠭᠤᠷ ᠲᠥᠭᠦᠷᠢᠭ ᠢ ᠳᠠᠪᠠᠵᠤ᠂ 3 ᠰᠠᠷ᠎ᠠ ᠶᠢᠨ ᠰᠡᠭᠦᠯᠴᠢ ᠪᠠᠷ 40542.4 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠡᠬᠢᠨ ᠤ ᠬᠢ ᠠᠴᠠ 1501.5 ᠳ᠋ᠦᠩᠰᠢᠭᠤᠷ ᠲᠥᠭᠦᠷᠢᠭ ᠨᠡᠮᠡᠭᠳᠡᠨ᠂ ᠠᠳᠠᠯᠢ ᠬᠤᠭᠤᠴᠠᠭᠠᠨ ᠤ ᠬᠢ ᠠᠴᠠ 6.2% ᠢᠶᠠᠷ ᠨᠡᠮᠡᠭᠳᠡᠭᠰᠡᠨ ᠪᠠᠶᠢᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号