5 ᠰᠠᠷ᠎ᠠ ᠶᠢᠨ 7 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠼᠠᠢ ᠪᠦᠦ ᠵᠢᠶᠦ᠋ᠨ ᠳᠤᠮᠳᠠᠳᠤ | ᠤᠯᠤᠰ ᠤᠨ ᠡᠪ ᠬᠠᠮᠲᠤ ᠨᠠᠮ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠪᠠᠨ ᠲᠠᠪᠤᠳᠤᠭᠠᠷ | ᠬᠤᠭᠤᠴᠠᠭᠠᠨ ᠤ ᠬᠤᠷᠢᠶᠠᠨ ᠤ 105 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ | ᠬᠤᠰᠢᠭᠤᠨ ᠤ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ | 2025 ᠣᠨ ᠤ ᠠᠩᠬᠠᠳᠤᠭᠠᠷ ᠤᠳᠠᠭᠠᠨ ᠤ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ | ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠳᠡᠭᠡᠳᠦ ᠱᠠᠲᠤᠨ ᠤ ᠬᠠᠮᠢᠶ᠎ᠠ ᠪᠦᠬᠦᠢ ᠬᠤᠷᠠᠯ ᠤᠨ | ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ | ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠠᠵᠤ ᠠᠬᠤᠢ ᠶᠢᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢᠨ | ᠠᠵᠠ ᠲᠣᠬᠢᠶᠠᠯ ᠢ ᠰᠠᠶᠢᠲᠤᠷ ᠠᠳᠬᠤᠵᠤ᠂ ︽ᠲᠠᠪᠤᠨ ᠶᠡᠭᠡ ᠡᠭᠦᠷᠭᠡ︾ ᠶᠢ ᠦᠷᠭᠦᠯᠵᠢᠯᠡᠨ ᠠᠬᠢᠭᠤᠯᠬᠤ᠂ ︽ | ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠬᠡᠷᠡᠭᠵᠢᠭᠦᠯᠬᠦ᠂ ︽ᠵᠢᠷᠭᠤᠭᠠᠨ ᠠᠵᠢᠯᠯᠠᠭ᠎ᠠ︾ ᠵᠡᠷᠭᠡ | ᠭᠤᠣᠯᠳᠠᠯᠭ᠎ᠠ ᠲᠠᠢ ᠠᠵᠢᠯ ᠢ ᠪᠦᠬᠦ ᠬᠦᠴᠦᠨ ᠢᠶᠠᠷ ᠢᠶᠠᠨ ᠥᠷᠨᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ | ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠪᠠᠶᠢᠭᠠᠳ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠬᠡᠷᠡᠭᠲᠡᠢ᠃ ᠬᠤᠶᠠᠷ ᠢ ᠬᠦᠷᠢᠶᠡᠯᠡᠬᠦ ᠠᠵᠢᠯ ᠤᠨ ᠲᠣᠭᠲᠠᠴᠠ ᠶᠢ ᠦᠷᠭᠦᠯᠵᠢᠯᠡᠨ | ᠪᠦᠷᠢᠨᠰᠢᠭᠦᠯᠦᠨ ᠲᠡᠭᠦᠯᠳᠡᠷᠵᠢᠭᠦᠯᠵᠦ᠂ ᠣᠯᠠᠨ ᠳᠡᠰ ᠳᠠᠪᠬᠤᠷᠭ᠎ᠠ᠂ ᠣᠯᠠᠨ ᠬᠡᠯᠪᠡᠷᠢ ᠶᠢᠨ ᠬᠤᠶᠠᠷ ᠢ ᠬᠦᠷᠢᠶᠡᠯᠡᠵᠦ | ᠬᠠᠮᠲᠤ ᠪᠠᠷ ᠪᠠᠶᠢᠭᠤᠯᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢ | ᠬᠠᠯᠠᠮᠵᠢᠯᠠᠬᠤ᠂ ᠴᠡᠷᠢᠭ ᠠᠩᠭᠢ ᠶᠢ ᠬᠠᠶᠢᠷᠠᠯᠠᠬᠤ᠂ ᠴᠡᠷᠢᠭ ᠤᠨ ᠬᠥᠮᠦᠨ ᠢ ᠬᠦᠨᠳᠦᠳᠬᠡᠬᠦ ᠰᠠᠶᠢᠨ ᠰᠠᠶᠢᠬᠠᠨ | ᠨᠡᠶᠢᠭᠡᠮ ᠤᠨ ᠠᠭᠤᠷ ᠠᠮᠢᠰᠬᠤᠯ ᠢ ᠤᠯᠠᠮ ᠨᠢᠭᠡ ᠠᠯᠬᠤᠮ ᠪᠣᠢ ᠪᠣᠯᠭᠠᠬᠤ ᠬᠡᠷᠡᠭᠲᠡᠢ᠃ ︽ᠭᠤᠷᠪᠠ ᠶᠢ ᠬᠠᠮᠢᠶᠠᠷᠴᠤ | ᠭᠤᠷᠪᠠ ᠶᠢ ᠡᠷᠬᠡᠪᠰᠢ ᠭᠦᠢᠴᠡᠳᠬᠡᠬᠦ︾ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠬᠦᠨᠳᠦ ᠶᠡᠭᠡ ᠠᠳᠠᠯ ᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠢ᠃ ᠣᠳᠣᠬᠠᠨ ᠤ | ᠪᠠᠶᠢᠳᠠᠯ ᠳᠠᠭᠠᠨ ᠰᠠᠭᠤᠷᠢᠯᠠᠵᠤ᠂ ᠠᠯᠤᠰ ᠬᠡᠳᠦ ᠶᠢ ᠪᠣᠳᠣᠯᠬᠢᠯᠠᠵᠤ᠂ ︽ᠠᠷᠪᠠᠨ ᠲᠠᠪᠤᠳᠤᠭᠠᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠭᠤᠣᠯᠳᠠᠯᠭ᠎ᠠ ᠲᠠᠢ ᠲᠥᠷᠥᠯ ᠵᠦᠢᠯ ᠭᠤᠣᠯᠳᠠᠯᠭ᠎ᠠ ᠲᠠᠢ ᠠᠵᠢᠯ ᠢ ᠰᠢᠨᠵᠢᠯᠡᠬᠦ ᠤᠬᠠᠭᠠᠨᠴᠢ ᠪᠠᠷ | ᠲᠥᠯᠥᠪᠵᠢᠭᠦᠯᠵᠦ᠂ ᠥᠨᠳᠥᠷ ᠲᠦᠪᠰᠢᠨ ᠪᠦᠬᠦᠢ ᠲᠥᠯᠥᠪᠵᠢᠭᠦᠯᠭᠡ ᠪᠠᠷ ᠴᠢᠨᠠᠷ ᠰᠠᠶᠢᠲᠠᠢ ᠬᠥᠭᠵᠢᠯᠲᠡ ᠶᠢ | ᠬᠥᠲᠥᠯᠥᠨ ᠳᠠᠭᠠᠭᠤᠯᠬᠤ ᠬᠡᠷᠡᠭᠲᠡᠢ᠃ ᠬᠤᠷᠠᠯ ᠠᠴᠠ ᠱᠠᠭᠠᠷᠳᠠᠬᠤ ᠳᠤ ᠪᠠᠨ᠂ ᠥᠭᠡᠷᠡᠴᠢᠯᠡᠯᠲᠡ ᠶᠢ ᠤᠯᠠᠮ ᠨᠢᠭᠡ | ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠬᠦᠴᠦᠯᠡᠬᠦ ᠴᠡᠭ ᠪᠣᠯᠤᠨ ᠠᠵᠢᠯ ᠤᠨ ᠭᠤᠣᠯᠳᠠᠯᠭ᠎ᠠ ᠶᠢ ᠪᠠᠲᠤ | ᠡᠵᠡᠮᠳᠡᠵᠦ᠂ ᠠᠵᠤ ᠠᠬᠤᠢ᠂ ᠠᠷᠠᠳᠴᠢᠯᠠᠯ᠂ ᠬᠠᠤᠯᠢ ᠪᠠᠷ ᠵᠠᠰᠠᠬᠤ᠂ ᠠᠮᠢ ᠠᠬᠤᠢ᠂ ᠰᠣᠶᠣᠯ᠂ ᠨᠡᠶᠢᠭᠡᠮ ᠵᠡᠷᠭᠡ | ᠡᠯ᠎ᠡ ᠬᠦᠷᠢᠶᠡᠨ ᠤ ᠥᠭᠡᠷᠡᠴᠢᠯᠡᠯᠲᠡ ᠶᠢᠨ ᠰᠢᠨ᠎ᠡ ᠠᠬᠢᠴᠠ᠂ ᠰᠢᠨ᠎ᠡ ᠰᠢᠪᠲᠤᠯᠤᠯᠲᠠ᠂ ᠰᠢᠨ᠎ᠡ ᠦᠷ᠎ᠡ ᠪᠦᠲᠦᠮᠵᠢ | ᠣᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠣᠯᠠᠨ ᠲᠦᠮᠡᠨ ᠤ ᠪᠦᠯᠬᠦᠮ ᠤᠨ ᠠᠵᠢᠯ ᠢ | ᠰᠠᠶᠢᠲᠤᠷ ᠬᠢᠬᠦ ︽ᠵᠢᠷᠭᠤᠭ᠎ᠠ ᠶᠢ ᠪᠠᠷᠢᠮᠲᠠᠯᠠᠬᠤ︾ ᠦᠨᠳᠦᠰᠦᠨ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠣᠯᠠᠨ | ᠲᠦᠮᠡᠨ ᠲᠠᠢ ᠬᠠᠷᠢᠯᠴᠠᠵᠤ ᠣᠯᠠᠨ ᠲᠦᠮᠡᠨ ᠳᠤ ᠦᠢᠯᠡᠴᠢᠯᠡᠬᠦ ᠭᠤᠣᠯ ᠬᠠᠷᠢᠭᠤᠴᠠᠯᠭ᠎ᠠ ᠭᠤᠣᠯ ᠠᠵᠢᠯ ᠳᠤ | ᠰᠠᠭᠤᠷᠢᠯᠠᠵᠤ᠂ ᠪᠦᠬᠦ ᠬᠤᠰᠢᠭᠤᠨ ᠤ ᠠᠵᠢᠯ ᠤᠨ ᠶᠡᠭᠡ ᠲᠠᠯ᠎ᠠ ᠳᠤ ᠭᠦᠨᠵᠡᠭᠡᠢ ᠠᠭᠤᠰᠤᠯᠴᠠᠭᠤᠯᠬᠤ ᠬᠡᠷᠡᠭᠲᠡᠢ᠃ ᠣᠢ | ᠰᠢᠭᠤᠢ ᠡᠪᠡᠰᠦ ᠪᠡᠯᠴᠢᠭᠡᠷ ᠢ ᠡᠪᠳᠡᠬᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ | ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ | ᠰᠡᠳᠬᠢᠯᠭᠡ᠂ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠠᠶᠤᠩᠭ᠎ᠠ ᠨᠢᠵᠢᠭᠡᠷ ᠪᠠᠶᠢᠳᠠᠯ ᠢᠶᠠᠷ ᠴᠢᠩᠭ᠎ᠠ | ᠴᠣᠬᠢᠯᠲᠠ ᠥᠭᠴᠦ᠂ ᠣᠢ ᠰᠢᠭᠤᠢ ᠡᠪᠡᠰᠦ ᠪᠡᠯᠴᠢᠭᠡᠷ ᠢ ᠡᠪᠳᠡᠬᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ | ᠠᠵᠢᠯᠯᠠᠭ᠎ᠠ ᠶᠢ ᠡᠷᠡᠰ ᠬᠤᠷᠢᠭᠯᠠᠬᠤ ᠬᠡᠷᠡᠭᠲᠡᠢ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |