ᠰᠢᠨᠬᠤᠸᠠ ᠬᠤᠷᠢᠶ᠎ᠠ ᠶᠢᠨ ᠮᠣᠰᠺᠸᠠ ᠶᠢᠨ 5 ᠰᠠᠷ᠎ᠠ ᠶᠢᠨ 7 ᠤ ᠴᠠᠭᠢᠯᠭᠠᠨ ᠮᠡᠳᠡᠭᠡ ᠲᠤᠬᠠᠢ ᠶᠢᠨ ᠭᠠᠵᠠᠷ ᠤᠨ ᠴᠠᠭ ᠢᠶᠠᠷ | 5 ᠰᠠᠷ᠎ᠠ ᠶᠢᠨ 7 ᠤ ᠡᠳᠦᠷ᠂ ᠳᠤᠮᠳᠠᠳᠤ ᠤᠯᠤᠰ ᠤᠨ ᠲᠥᠪ ᠤᠨ ᠷᠠᠳᠢᠣ᠋ ᠲᠧᠯᠸᠢᠰ ᠤᠨ ᠶᠡᠷᠦᠩᠬᠡᠢ ᠬᠤᠷᠢᠶ᠎ᠠ ᠠᠴᠠ | ᠦᠢᠯᠡᠳᠦᠭᠰᠡᠨ ︽ᠡᠭᠡᠯ ᠪᠣᠷᠣᠭᠵᠢᠭᠤᠨ ᠦᠭᠡ — ᠰᠢ ᠶᠢᠨ ᠫᠢᠩ ᠤᠨ ᠪᠠᠭ᠋ᠠᠷᠬᠠᠳᠠᠭ ᠡᠷᠲᠡᠨ ᠤ ᠰᠣᠩᠭᠤᠳᠠᠭ ᠬᠡᠯᠡᠯᠭᠡ︾ | ︵ᠣᠯᠠᠨ ᠤᠯᠤᠰ ᠤᠨ ᠬᠡᠪᠯᠡᠯ︶ ᠶᠢ ᠡᠬᠢᠯᠡᠨ ᠨᠡᠪᠲᠡᠷᠡᠭᠦᠯᠬᠦ ᠶᠣᠰᠣᠯᠠᠯ ᠮᠣᠰᠺᠸᠠ ᠳᠤ ᠶᠠᠪᠤᠭᠳᠠᠪᠠ᠃ ᠤᠷᠤᠰ ᠳᠤᠮᠳᠠᠳᠤ | ᠬᠤᠶᠠᠷ ᠤᠯᠤᠰ ᠤᠨ ᠤᠯᠤᠰ ᠲᠦᠷᠦ᠂ ᠠᠵᠤ ᠠᠬᠤᠢ᠂ ᠰᠣᠶᠣᠯ᠂ ᠵᠠᠭᠤᠴᠢᠯᠠᠭᠤᠷ᠂ ᠰᠤᠷᠭᠠᠨ ᠬᠥᠮᠦᠵᠢᠯ ᠵᠡᠷᠭᠡ ᠡᠯ᠎ᠡ | ᠡᠲᠡᠭᠡᠳ ᠤᠨ ᠨᠡᠷᠡᠳᠤ ᠬᠥᠮᠥᠰ ᠢ ᠪᠠᠭᠲᠠᠭᠠᠭᠰᠠᠨ 200 ᠭᠠᠷᠤᠢ ᠬᠦᠨᠳᠦᠲᠦ ᠵᠣᠴᠢᠨ ᠠᠵᠢᠯᠯᠠᠭ᠎ᠠ ᠳᠤ ᠣᠷᠣᠯᠴᠠᠪᠠ᠃ | ᠲᠣᠰ ᠫᠷᠣᠭ᠍ᠷᠠᠮ ᠢ ᠲᠣᠰ ᠡᠳᠦᠷ ᠠᠴᠠ ᠡᠬᠢᠯᠡᠨ ᠣᠷᠣᠰ ᠤᠨ ᠪᠦᠭᠦ ᠣᠷᠣᠰ ᠤᠯᠤᠰ ᠤᠨ ᠲᠧᠯᠸᠢᠰ ᠷᠠᠳᠢᠣ᠋ ᠨᠡᠪᠲᠡᠷᠡᠭᠦᠯᠭᠡ ᠶᠢᠨ | ᠺᠤᠮᠫᠠᠨᠢ᠂ ᠣᠷᠣᠰ ᠤᠨ ᠵᠠᠰᠠᠭ ᠤᠨ ᠣᠷᠳᠣᠨ ᠤ ᠪᠠᠶᠢᠭᠤᠯᠭ᠎ᠠ ᠶᠢᠨ ᠰᠣᠨᠢᠨ ︽ᠣᠷᠣᠰ ᠰᠣᠨᠢᠨ︾ ᠤ ᠠᠯᠪᠠᠨ ᠰᠦᠯᠵᠢᠶ᠎ᠡ᠂ | ᠣᠷᠣᠰ ᠤᠨ ᠪᠠᠶᠢᠭᠠᠯᠢ ᠶᠢᠨ ᠰᠢᠲᠠᠮᠠᠬᠠᠢ ᠬᠡᠢ ᠶᠢᠨ ᠵᠠᠭᠤᠴᠢᠯᠠᠭᠤᠷ ᠤᠨ ᠬᠤᠪᠢ ᠡᠵᠡᠮᠳᠡᠭᠰᠡᠨ ᠬᠤᠪᠢᠴᠠᠭᠠᠳᠤ ᠺᠤᠮᠫᠠᠨᠢ᠂ | ᠣᠷᠣᠰ ᠤᠨ ᠶᠡᠭᠡ ᠠᠽᠢᠶ᠎ᠠ ᠲᠧᠯᠸᠢᠰ ᠬᠤᠷᠢᠶ᠎ᠠ ᠵᠡᠷᠭᠡ ᠣᠯᠠᠨ ᠲᠠᠪᠴᠠᠩ ᠳᠤ ᠨᠡᠪᠲᠡᠷᠡᠭᠦᠯᠬᠦ ᠪᠣᠯᠣᠨ᠎ᠠ᠃ | ︽ᠡᠭᠡᠯ ᠪᠣᠷᠣᠭᠵᠢᠭᠤᠨ ᠦᠭᠡ — ᠰᠢ ᠶᠢᠨ ᠫᠢᠩ ᠤᠨ ᠪᠠᠭ᠋ᠠᠷᠬᠠᠳᠠᠭ ᠡᠷᠲᠡᠨ ᠤ ᠰᠣᠩᠭᠤᠳᠠᠭ ᠬᠡᠯᠡᠯᠭᠡ︾ ︵ᠤᠯᠠᠨ | ᠤᠯᠤᠰ ᠤᠨ ᠬᠡᠪᠯᠡᠯ︶ ᠨᠢ ᠲᠡᠷᠢᠭᠦᠯᠡᠭᠴᠢ ᠰᠢ ᠶᠢᠨ ᠫᠢᠩ ᠤᠨ ᠴᠢᠬᠤᠯᠠ ᠶᠠᠷᠢᠶ᠎ᠠ᠂ ᠵᠣᠬᠢᠶᠠᠯ ᠪᠣᠯᠣᠨ ᠶᠠᠷᠢᠯᠴᠠᠭ᠎ᠠ ᠳᠤ | ᠡᠰᠢᠯᠡᠨ ᠬᠡᠷᠡᠭᠯᠡᠭᠰᠡᠨ ᠳᠤᠮᠳᠠᠳᠤ ᠤᠯᠤᠰ ᠤᠨ ᠡᠷᠲᠡᠨ ᠤ ᠨᠣᠮ ᠪᠢᠴᠢᠭ ᠪᠣᠯᠣᠨ ᠰᠣᠩᠭᠤᠳᠠᠭ ᠨᠡᠷᠡᠲᠦ ᠥᠭᠦᠯᠡᠪᠦᠷᠢ ᠠᠴᠠ | ᠨᠠᠷᠢᠨ ᠨᠢᠮᠪᠠᠢ ᠰᠣᠩᠭᠤᠵᠤ᠂ ᠰᠢᠨ᠎ᠡ ᠶᠢ ᠡᠭᠦᠳᠦᠨ ᠬᠥᠭᠵᠢᠬᠦ᠂ ᠰᠣᠶᠣᠯ ᠤᠨ ᠴᠡᠴᠡᠭᠯᠡᠯ᠂ ᠪᠣᠯᠪᠠᠰᠤᠨ ᠤ ᠤᠯᠠᠨ ᠶᠠᠩᠵᠤᠲᠤ | ᠴᠢᠨᠠᠷ ᠪᠣᠯᠣᠨ ᠰᠣᠯᠢᠯᠴᠠᠭ᠎ᠠ ᠲᠣᠯᠢᠳᠠᠯ᠂ ᠭᠡᠷ ᠪᠦᠯᠢ ᠶᠢᠨ ᠬᠥᠮᠦᠵᠢᠯ ᠵᠡᠷᠭᠡ ᠭᠤᠣᠯ ᠰᠡᠳᠦᠪ ᠲᠤ ᠠᠩᠬᠠᠷᠤᠯ ᠢᠶᠠᠨ | ᠲᠥᠪᠯᠡᠷᠡᠭᠦᠯᠵᠦ᠂ ᠲᠡᠷᠢᠭᠦᠯᠡᠭᠴᠢ ᠰᠢ ᠶᠢᠨ ᠫᠢᠩ ᠤᠨ ᠭᠠᠷᠮᠠᠭᠠᠢ ᠤᠯᠤᠰ ᠲᠦᠷᠦ ᠶᠢᠨ ᠤᠶᠤᠨ ᠤᠬᠠᠭᠠᠨ᠂ ᠭᠦᠨ | ᠤᠬᠠᠭᠠᠨ ᠤ ᠲᠤᠬᠠᠢ ᠭᠦᠨᠵᠡᠭᠡᠢ ᠪᠣᠯᠪᠠᠰᠤᠷᠠᠯ ᠪᠣᠯᠣᠨ ᠡᠷᠬᠢᠮ ᠳᠡᠭᠡᠳᠦ ᠰᠣᠶᠣᠯ ᠢᠷᠭᠡᠨᠰᠢᠯ ᠤᠨ ᠬᠠᠶᠢᠷ᠎ᠠ ᠰᠡᠳᠬᠢᠯᠭᠡ ᠶᠢ | ᠭᠤᠶᠢᠳᠠ ᠰᠠᠶᠢᠬᠠᠨ ᠢᠯᠡᠷᠡᠭᠦᠯᠪᠡ᠃ |