5 ᠰᠠᠷ᠎ᠠ ᠶᠢᠨ 8 ᠤ ᠡᠳᠦᠷ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠼᠦᠢ ᠶᠢᠨ ᠯᠦᠩ ᠨᠡᠷ | ᠭᠤᠣᠯ ᠤᠨ ᠪᠠᠶᠢᠰᠢᠩ ᠪᠠᠯᠭᠠᠰᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠴᠤ᠂ | ᠬᠤᠰᠢᠭᠤᠨ ᠤ ᠣᠢ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ᠂ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ | ᠂ ᠬᠤᠷᠴᠢᠨ ᠤ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠬᠠᠷᠢᠭᠤᠴᠠᠯᠭᠠᠲᠠᠨ᠂ | ᠪᠠᠯᠭᠠᠰᠤᠨ ᠤ ᠬᠤᠪᠢᠳᠠᠨ ᠬᠠᠮᠢᠶᠠᠷᠬᠤ ᠤᠳᠤᠷᠢᠳᠤᠯᠭ᠎ᠠ ᠪᠠᠷ᠎ᠠ ᠪᠣᠯᠪᠠ᠃ | ᠡᠩ ᠲᠡᠷᠢᠭᠦᠨ ᠳᠤ᠂ ᠼᠦᠢ ᠬᠤᠰᠢᠭᠤᠨ ᠳᠠᠷᠤᠭ᠎ᠠ ᠨᠠᠷ ᠭᠤᠤᠯ ᠤᠨ ᠪᠠᠶᠢᠰᠢᠩ ᠪᠠᠯᠭᠠᠰᠤᠨ ᠤ ᠰᠠᠮᠠᠭ᠎ᠠ | ᠭᠠᠴᠠᠭᠠᠨ ᠤ ᠡᠯᠡᠰᠦ ᠶᠢ ᠵᠠᠰᠠᠬᠤ ᠲᠥᠷᠥᠯ ᠵᠦᠢᠯ ᠤᠨ ᠲᠣᠭᠤᠷᠢᠭ ᠲᠤ ᠭᠦᠨᠵᠡᠭᠡᠶᠢᠷᠡᠵᠦ᠂ ᠲᠤᠬᠠᠢ ᠶᠢᠨ | ᠭᠠᠵᠠᠷ ᠲᠤᠨᠢ ᠪᠠᠶᠢᠴᠠᠭᠠᠨ ᠦᠵᠡᠬᠦ ᠪᠠ ᠶᠠᠷᠢᠯᠴᠠᠨ ᠰᠣᠯᠢᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠮᠠᠩᠬ᠎ᠠ | ᠭᠠᠴᠠᠭᠠᠨ ᠤ ᠡᠯᠡᠰᠦ ᠶᠢ ᠵᠠᠰᠠᠬᠤ ᠲᠥᠷᠥᠯ ᠵᠦᠢᠯ ᠤᠨ ᠣᠷᠣᠨ ᠤ ᠣᠳᠣᠬᠢ ᠪᠠᠶᠢᠳᠠᠯ᠂ ᠵᠠᠰᠠᠯᠲᠠ ᠶᠢᠨ ᠠᠷᠭ᠎ᠠ | ᠬᠡᠮᠵᠢᠶ᠎ᠡ᠂ ᠣᠳᠣᠬᠠᠨ ᠳᠤ ᠡᠯᠡᠰᠦᠷᠬᠡᠭ ᠭᠠᠵᠠᠷ ᠤᠨ ᠵᠠᠰᠠᠯᠲᠠ ᠶᠢ ᠠᠬᠢᠭᠤᠯᠤᠭᠰᠠᠨ ᠠᠵᠢᠯ ᠤᠨ ᠪᠠᠶᠢᠳᠠᠯ ᠢ ᠨᠠᠷᠢᠨ | ᠣᠶᠢᠯᠠᠭᠠᠬᠤ ᠶᠢᠨ ᠬᠠᠮᠲᠤ ᠳᠠᠷᠠᠭᠠᠴᠢ ᠶᠢᠨ ᠠᠯᠬᠤᠮ ᠤᠨ ᠠᠵᠢᠯ ᠳᠤ ᠪᠦᠲᠦᠭᠡᠯᠴᠢ ᠴᠢᠨᠠᠷᠲᠠᠢ ᠰᠠᠨᠠᠯ ᠳᠤᠷᠠᠳᠪᠠ᠃ | ᠳᠠᠷᠠᠭ᠎ᠠ ᠨᠢ᠂ ᠼᠦᠢ ᠬᠤᠰᠢᠭᠤᠨ ᠳᠠᠷᠤᠭ᠎ᠠ ᠬᠥᠬᠡ ᠳᠣᠪᠤ ᠭᠠᠴᠠᠭ᠎ᠠ ᠳᠤ ᠭᠦᠨᠵᠡᠭᠡᠶᠢᠷᠡᠨ ᠰᠠᠨᠠᠯ ᠢᠶᠠᠨ | ᠰᠣᠯᠢᠯᠴᠠᠬᠤ᠂ ᠲᠤᠬᠠᠢ ᠶᠢᠨ ᠭᠠᠵᠠᠷ ᠲᠤᠨᠢ ᠰᠤᠷᠪᠤᠯᠵᠢᠯᠠᠬᠤ ᠵᠡᠷᠭᠡ ᠬᠡᠯᠪᠡᠷᠢ ᠪᠠᠷ ᠣᠢ ᠰᠢᠭᠤᠢ ᠡᠪᠡᠰᠦ ᠪᠡᠯᠴᠢᠭᠡᠷ ᠢ | ᠡᠪᠳᠡᠬᠦ᠂ ᠳᠥᠷᠪᠡᠨ ᠴᠠᠭᠠᠵᠠᠯᠠᠬᠤ ᠵᠡᠷᠭᠡ ᠠᠵᠢᠯ ᠢ ᠨᠠᠷᠢᠨ ᠣᠶᠢᠯᠠᠭᠠᠬᠤ ᠶᠢᠨ ᠬᠠᠮᠲᠤ ᠳᠠᠷᠠᠭᠠᠴᠢ ᠶᠢᠨ ᠠᠯᠬᠤᠮ ᠤᠨ | ᠠᠵᠢᠯ ᠳᠤ ᠪᠣᠳᠠᠲᠠᠢ ᠱᠠᠭᠠᠷᠳᠠᠯᠭ᠎ᠠ ᠳᠤᠷᠠᠳᠪᠠ᠃ | ᠼᠦᠢ ᠲᠢᠶᠠᠨ ᠴᠧᠩ ᠴᠢᠬᠤᠯᠠᠴᠢᠯᠠᠭᠰᠠᠨ ᠨᠢ᠂ ᠨᠢᠭᠡ ᠳᠤ ᠬᠠᠷᠠᠯᠲᠠ ᠡᠭᠦᠷᠭᠡ ᠳᠤ ᠠᠩᠬᠠᠷᠤᠯ ᠢᠶᠠᠨ | ᠲᠥᠪᠯᠡᠷᠡᠭᠦᠯᠵᠦ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠵᠢᠯ ᠤᠨ ᠬᠠᠮᠲᠤᠷᠠᠯ ᠤᠨ ᠬᠦᠴᠦᠨ ᠢ | ᠪᠦᠷᠢᠯᠳᠦᠭᠦᠯᠵᠦ᠂ ᠰᠢᠨᠵᠢᠯᠡᠬᠦ ᠤᠬᠠᠭᠠᠨᠴᠢ ᠪᠠᠷ ᠵᠠᠰᠠᠬᠤ ᠶᠢ ᠴᠢᠩᠭᠠᠳᠬᠠᠵᠤ᠂ ᠡᠯᠡᠰᠦᠷᠬᠡᠭ ᠭᠠᠵᠠᠷ ᠢ ᠬᠠᠮᠠᠭᠠᠯᠠᠬᠤ | ᠠᠵᠢᠯ ᠢ ᠰᠠᠶᠢᠲᠤᠷ ᠬᠢᠬᠦ ᠶᠢᠨ ᠬᠠᠮᠲᠤ ᠡᠯᠡᠰᠦᠷᠬᠡᠭ ᠭᠠᠵᠠᠷ ᠢ ᠵᠠᠰᠠᠬᠤ ᠠᠵᠢᠯ ᠢ ᠦᠨᠡᠨᠬᠦ ᠰᠠᠶᠢᠲᠤᠷ ᠬᠢᠵᠦ᠂ ᠠᠮᠢ | ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ | ᠵᠠᠮᠨᠠᠬᠤ ᠬᠡᠷᠡᠭᠲᠡᠢ︔ ᠬᠤᠶᠠᠷ ᠲᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ | ᠳᠡᠭᠡᠭᠰᠢᠯᠡᠭᠦᠯᠵᠦ᠂ ᠣᠯᠤᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠵᠤ᠂ ᠣᠢ ᠰᠢᠭᠤᠢ ᠡᠪᠡᠰᠦ ᠪᠡᠯᠴᠢᠭᠡᠷ ᠢ ᠡᠪᠳᠡᠬᠦ | ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠣᠢ ᠰᠢᠭᠤᠢ | ᠡᠪᠡᠰᠦ ᠪᠡᠯᠴᠢᠭᠡᠷ ᠢ ᠡᠪᠳᠡᠬᠦ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠴᠢᠬᠤᠯᠠ ᠠᠴᠢ ᠬᠤᠯᠪᠣᠭᠳᠠᠯ ᠢ ᠭᠦᠨᠵᠡᠭᠡᠢ | ᠲᠠᠨᠢᠵᠤ᠂ ︽ᠳᠥᠷᠪᠡ ᠶᠢ ᠴᠠᠭᠠᠵᠠᠯᠠᠬᠤ︾ ᠠᠵᠢᠯ ᠤᠨ ᠡᠯ᠎ᠡ ᠵᠦᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ | ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠬᠤ ᠬᠡᠷᠡᠭᠲᠡᠢ︔ ᠭᠤᠷᠪᠠ ᠳᠤ᠂ ᠣᠢ ᠰᠢᠭᠤᠢ ᠨᠤᠲᠤᠭ | ᠪᠡᠯᠴᠢᠭᠡᠷ ᠤᠨ ᠬᠠᠤᠯᠢ ᠠᠴᠠ ᠵᠥᠷᠢᠴᠡᠭᠰᠡᠨ ᠵᠢᠷᠤᠭ ᠲᠣᠯᠪᠤ ᠶᠢ ᠴᠡᠭᠴᠡᠯᠡᠨ ᠰᠠᠶᠢᠵᠢᠷᠠᠭᠤᠯᠬᠤ ᠡᠭᠦᠷᠭᠡ ᠳᠤ | ᠠᠩᠬᠠᠷᠤᠯ ᠢᠶᠠᠨ ᠲᠥᠪᠯᠡᠷᠡᠭᠦᠯᠵᠦ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠤᠬᠠᠭᠤᠯᠭ᠎ᠠ ᠶᠢ ᠴᠢᠩᠭᠠᠳᠬᠠᠵᠤ᠂ | ᠬᠢᠨᠠᠨ ᠵᠢᠯᠣᠭᠤᠳᠴᠤ᠂ ᠴᠡᠭᠴᠡᠯᠡᠨ ᠰᠠᠶᠢᠵᠢᠷᠠᠭᠤᠯᠬᠤ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ | ᠪᠦᠲᠦᠮᠵᠢ ᠭᠠᠷᠭᠠᠬᠤ ᠶᠢ ᠪᠦᠬᠦ ᠲᠠᠯ᠎ᠠ ᠪᠠᠷ ᠠᠬᠢᠭᠤᠯᠵᠤ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ | ᠦᠨᠡᠨᠬᠦ ᠪᠠᠬᠢᠵᠢᠭᠦᠯᠬᠦ ᠬᠡᠷᠡᠭᠲᠡᠢ︔ ᠳᠥᠷᠪᠡ ᠳᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠪᠠᠶᠢᠩᠭᠤ ᠶᠢᠨ ᠬᠢᠨᠠᠯᠲᠠ | ᠲᠠᠯᠪᠢᠵᠤ ᠲᠣᠭᠤᠷᠢᠨ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠠᠷᠢᠶ᠎ᠠ ᠣᠷᠣᠨ ᠤ | ᠬᠠᠤᠯᠢ ᠠᠴᠠ ᠵᠥᠷᠢᠴᠡᠨ ᠬᠤᠯᠠᠭᠠᠶᠢᠯᠠᠨ ᠮᠠᠯᠵᠢᠬᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠠᠮᠢ ᠠᠬᠤᠢ ᠶᠢᠨ | ᠬᠠᠮᠠᠭᠠᠯᠠᠯᠲᠠ ᠶᠢᠨ ᠤᠯᠠᠭᠠᠨ ᠱᠤᠭᠤᠮ ᠢ ᠡᠷᠡᠰ ᠰᠠᠬᠢᠬᠤ ᠬᠡᠷᠡᠭᠲᠡᠢ᠃ |