5 ᠰᠠᠷ᠎ᠠ ᠶᠢᠨ 8 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠮᠠᠨ ᠤ | ᠣᠷᠣᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠲᠠᠪᠴᠠᠩ ᠤᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ | ᠠᠰᠠᠭᠤᠳᠠᠯ ᠤᠨ ᠲᠣᠭᠤᠷᠢᠨ ᠳᠤ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠵᠠᠰᠠᠭ ᠤᠨ | ᠶᠠᠪᠤᠳᠠᠯ ᠤᠨ ᠦᠢᠯᠡᠴᠢᠯᠡᠭᠡ ᠪᠠ ᠳ᠋ᠡᠶᠢᠲ᠋ᠠ ᠶᠢᠨ ᠬᠠᠮᠢᠶᠠᠷᠤᠯᠳᠠ ᠶᠢᠨ ᠲᠣᠪᠴᠢᠶ᠎ᠠ ᠳᠤ ᠬᠦᠷᠴᠦ ᠪᠠᠶᠢᠴᠠᠭᠠᠨ | ᠰᠤᠳᠤᠯᠤᠬᠰᠠᠨ ᠪᠥᠭᠡᠳ ᠲᠤᠰᠬᠠᠢ ᠰᠡᠳᠦᠪᠲᠦ ᠬᠤᠷᠠᠯ ᠬᠤᠷᠠᠯᠳᠤᠭᠤᠯᠪᠠ᠃ | ᠡᠳ᠋ ᠤᠨ ᠵᠠᠰᠠᠭ ᠤᠨ ᠲᠢᠩᠬᠢᠮ ᠳᠤ ᠸᠠᠩ ᠯᠢ ᠰᠢᠶᠠ ᠲᠥᠰᠦᠪ ᠤᠨ ᠬᠠᠮᠢᠶᠠᠷᠤᠯᠲᠠ ᠶᠢ ᠨᠢᠭᠡ ᠴᠤᠬᠴᠠᠵᠢᠭᠤᠯᠬᠤ | ᠰᠢᠰᠲ᠋ᠧᠮ᠂ ᠠᠷᠠᠳ ᠲᠤ ᠠᠰᠢᠭ ᠬᠦᠷᠲᠡᠭᠡᠬᠦ ᠲᠠᠷᠢᠶᠠᠴᠢᠳ ᠲᠤ ᠠᠰᠢᠭ ᠬᠦᠷᠲᠡᠭᠡᠬᠦ ᠨᠥᠬᠦᠪᠥᠷᠢ ᠦᠬᠬᠦ ᠪᠡᠯᠡ | ᠮᠥᠩᠭᠦ ᠶᠢ ᠲᠠᠷᠬᠠᠭᠠᠬᠤ ᠲᠠᠪᠴᠠᠩ᠂ ᠵᠠᠰᠠᠭ ᠤᠨ ᠣᠷᠳᠣᠨ ᠤ ᠬᠤᠳᠠᠯᠳᠤᠨ ᠠᠪᠬᠤ ᠡᠭᠦᠯᠡᠨ ᠲᠠᠪᠴᠠᠩ ᠵᠡᠷᠭᠡ ᠶᠢᠨ | ᠬᠡᠷᠡᠭᠯᠡᠭᠡᠨ ᠤ ᠪᠠᠶᠢᠳᠠᠯ ᠢ ᠨᠠᠷᠢᠨ ᠣᠶᠢᠯᠠᠭᠠᠵᠤ᠂ ᠬᠡᠷᠡᠭᠯᠡᠬᠦ ᠳᠤᠮᠳᠠ ᠲᠠᠰᠤᠷᠠᠯᠳᠠ ᠦᠭᠡᠢ ᠲᠡᠭᠦᠯᠳᠡᠷᠵᠢᠭᠦᠯᠵᠦ᠂ | ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠬᠦ᠂ ᠠᠰᠠᠭᠤᠳᠠᠯ ᠢ ᠱᠠᠯᠠᠪᠳᠠᠭᠤᠯᠤᠨ ᠰᠢᠢᠳᠪᠦᠷᠢᠯᠡᠬᠦ ᠪᠢᠳᠡᠬᠦᠤ | ᠭᠤᠬᠴᠤᠭ᠎ᠠ ᠶᠢ ᠪᠠᠶᠢᠭᠤᠯᠵᠤ᠂ ᠲᠣᠭᠠᠴᠢᠯᠠᠭᠰᠠᠨ ᠠᠷᠭ᠎ᠠ ᠪᠠᠷᠢᠯ ᠢᠶᠠᠷ ᠬᠢᠨᠠᠯᠲᠠ ᠬᠠᠮᠢᠶᠠᠷᠤᠯᠲᠠ ᠶᠢᠨ ᠦᠷ᠎ᠡ | ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ ᠭᠡᠵᠦ ᠱᠠᠭᠠᠷᠳᠠᠪᠠ᠃ | ᠸᠠᠩ ᠯᠢ ᠰᠢᠶᠠ ︽ᠥᠨᠳᠥᠷ ᠪᠦᠲᠦᠮᠵᠢᠲᠡᠢ ᠪᠠᠷ ᠨᠢᠭᠡ ᠤᠴᠢᠷ ᠶᠠᠪᠤᠳᠠᠯ ᠢ ᠬᠢᠵᠤ ᠬᠦᠢᠴᠡᠳᠬᠡᠬᠦ︾ | ᠥᠭᠡᠷᠡᠴᠢᠯᠡᠯᠲᠡ ᠶᠢ ᠲᠦᠢᠯ ᠢᠶᠠᠷ ᠬᠠᠯᠠᠮᠵᠢᠯᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ | ᠬᠠᠮᠢᠶᠠᠷᠤᠯᠳᠠ ᠶᠢᠨ ᠲᠣᠪᠴᠢᠶ᠎ᠠ ᠳᠤ ᠠᠵᠢᠯ ᠤᠨ ᠠᠬᠢᠴᠠ ᠶᠢᠨ ᠪᠠᠶᠢᠳᠠᠯ ᠢ ᠨᠠᠷᠢᠨ ᠣᠶᠢᠯᠠᠭᠠᠵᠤ᠂ ᠥᠨᠳᠥᠷ | ᠪᠦᠲᠦᠮᠵᠢᠲᠡᠢ ᠪᠠᠷ ᠤᠴᠢᠷ ᠶᠠᠪᠤᠳᠠᠯ ᠬᠢᠵᠤ ᠬᠦᠢᠴᠡᠳᠬᠡᠬᠦ ᠡᠭᠦᠳᠡᠨ ᠠᠴᠠ ᠡᠭᠦᠰᠴᠦ᠂ ᠠᠵᠢᠯᠯᠠᠭᠤᠯᠬᠤ ᠰᠢᠰᠲ᠋ᠧᠮ ᠢ | ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠤᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ APP ᠤᠯᠠᠨ ᠪᠠᠶᠢᠬᠤ | ᠂ ᠮᠡᠳᠡᠭᠡ ᠵᠠᠩᠭᠢ ᠶᠢ ᠲᠠᠬᠢᠨ ᠳᠠᠪᠲᠠᠨ ᠲᠠᠭᠯᠠᠬᠤ᠂ ᠵᠠᠷᠢᠮ ᠶᠠᠪᠤᠳᠠᠯ ᠢ ᠰᠢᠯᠵᠢᠶ᠎ᠡ ᠶᠢᠨ ᠦᠵᠦᠬᠦᠷᠯᠢᠭ ᠲᠤ | ᠬᠦᠢᠴᠡᠳᠬᠡᠬᠦ ᠶᠢ ᠳᠡᠮᠵᠢᠬᠦ ᠦᠭᠡᠢ ᠪᠠᠶᠢᠬᠤ ᠵᠡᠷᠭᠡ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠤᠯᠠᠨ ᠲᠦᠮᠡᠨ ᠢ | ᠭᠠᠷ ᠤᠲᠠᠰᠤᠨ ᠳᠡᠭᠡᠷ᠎ᠡ ᠨᠡᠩ ᠳᠥᠭᠦᠮ ᠳᠥᠷᠭᠡᠡ ᠢᠶᠠᠷ ᠤᠴᠢᠷ ᠶᠠᠪᠤᠳᠠᠯ ᠪᠦᠲᠦᠭᠡᠵᠦ ᠴᠢᠳᠠᠬᠤ ᠶᠢ ᠪᠡᠶᠡᠯᠡᠬᠦᠯᠬᠦ | ᠬᠡᠷᠡᠭᠲᠡᠢ᠃ ᠪᠡᠶᠡᠴᠢᠯᠡᠨ ᠣᠶᠢᠯᠠᠭᠠᠬᠤ ᠳᠤᠭᠤᠶᠢᠯᠠᠩ ᠢ ᠵᠣᠬᠢᠶᠠᠨ ᠪᠠᠶᠢᠭᠤᠯᠵᠤ᠂ ︽ᠬᠡᠷᠡᠭᠯᠡᠭᠴᠢ ᠶᠢᠨ ᠬᠤᠪᠢ︾ ᠪᠠᠷ | ᠤᠴᠢᠷ ᠶᠠᠪᠤᠳᠠᠯ ᠬᠦᠢᠴᠡᠳᠬᠡᠬᠦ ᠪᠥᠬᠦ ᠶᠠᠪᠤᠴᠠ ᠶᠢ ᠪᠡᠶᠡᠴᠢᠯᠡᠨ ᠣᠶᠢᠯᠠᠭᠠᠵᠤ᠂ ᠲᠦᠭᠵᠢᠷᠡᠯ ᠤᠨ ᠴᠡᠭ ᠬᠤᠷᠢᠭ᠎ᠠ | ᠴᠡᠭ ᠢ ᠣᠨᠣᠴᠠᠳᠠᠢ ᠡᠷᠢᠨ ᠤᠯᠵᠤ ᠰᠢᠢᠳᠪᠦᠷᠢᠯᠡᠨ᠂ ᠬᠡᠷᠡᠭᠯᠡᠭᠴᠢ ᠶᠢᠨ ᠪᠡᠶᠡᠴᠢᠯᠡᠨ ᠣᠶᠢᠯᠠᠭᠠᠬᠤ ᠲᠥᠷᠥᠭᠳᠡᠯ ᠪᠠ | ᠬᠠᠨᠤᠮᠵᠢ ᠲᠠᠢ ᠪᠠᠶᠢᠬᠤ ᠬᠡᠮᠵᠢᠶ᠎ᠡ ᠶᠢ ᠨᠡᠮᠡᠭᠳᠡᠭᠦᠯᠬᠦ ᠬᠡᠷᠡᠭᠲᠡᠶ ᠭᠡᠵᠤ ᠴᠢᠬᠤᠯᠠᠴᠢᠯᠠᠪᠠ᠃ | ᠳᠠᠷᠠᠭ᠎ᠠ ᠨᠢ ᠸᠠᠩ ᠯᠢ ᠰᠢᠶᠠ ᠲᠤᠰᠬᠠᠶ ᠰᠡᠳᠦᠪᠲᠦ ᠬᠤᠷᠠᠯ ᠡᠷᠭᠢᠯᠡᠨ ᠬᠤᠷᠠᠯᠳᠤᠭᠤᠯᠵᠤ᠂ ᠲᠥᠪ ᠤᠨ ᠨᠠᠢᠮᠠᠨ | ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠠᠢ | ᠤᠶᠠᠯᠳᠤᠭᠤᠯᠤᠨ ᠨᠢᠭᠡ ᠠᠴᠠ ᠨᠥᠭᠦᠭᠡ ᠶᠢ ᠵᠦᠢᠴᠢᠯᠡᠨ ᠮᠡᠳᠡᠵᠤ᠂ ᠪᠥᠬᠦ ᠣᠷᠣᠨ ᠤ ᠮᠡᠳᠡᠭᠡ ᠵᠠᠩᠭᠢ ᠶᠢᠨ | ᠰᠢᠰᠲ᠋ᠧᠮ ᠢ ᠲᠥᠪᠯᠡᠷᠡᠭᠦᠯᠦᠨ ᠥᠭᠡᠷᠡᠴᠢᠯᠡᠬᠦ ᠲᠤᠰᠬᠠᠶ ᠠᠵᠢᠯᠯᠠᠭ᠎ᠠ ᠶᠢ ᠥᠷᠨᠢᠭᠦᠯᠵᠦ᠂ ᠳᠠᠪᠬᠤᠷᠳᠠᠭᠤᠯᠤᠨ ᠪᠥᠲᠥᠭᠡᠨ | ᠪᠠᠶᠢᠭᠤᠯᠬᠤ ᠲᠠᠪᠴᠠᠩ ᠢ ᠨᠡᠶᠢᠳᠭᠡᠵᠤ᠂ ᠬᠡᠷᠡᠭᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠨᠢᠭᠤᠷ ᠲᠠᠯ᠎ᠠ ᠶᠢᠨ | ᠢᠨᠵᠧᠨᠧᠷᠢᠩ᠂ ᠳᠦᠷᠢ ᠲᠥᠷᠬᠦ ᠶᠢᠨ ᠢᠨᠵᠧᠨᠧᠷᠢᠩ ᠢ ᠡᠷᠡᠰ ᠬᠤᠷᠢᠭᠯᠠᠬᠤ ᠬᠡᠷᠡᠭᠲᠡᠶ᠃ ᠠᠰᠠᠭᠤᠳᠠᠯ ᠢᠶᠠᠷ | ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠡᠷᠡᠭᠯᠡᠬᠦ ᠶᠠᠪᠤᠴᠠ ᠳᠤ ᠶᠠᠮᠠᠷ ᠠᠰᠠᠭᠤᠳᠠᠯ ᠲᠤᠯᠭᠠᠷᠠᠪᠠᠯ ᠲᠡᠷᠡ | ᠠᠰᠠᠭᠤᠳᠠᠯ ᠢ ᠰᠢᠢᠳᠪᠦᠷᠢᠯᠡᠵᠦ᠂ ᠶᠠᠭᠠᠬᠢᠵᠤ ᠭᠡᠷᠡᠭᠯᠡᠪᠡᠯ ᠰᠠᠶᠢᠨ ᠪᠤᠯ ᠲᠡᠷᠡ ᠶᠣᠰᠣᠭᠠᠷ ᠰᠠᠶᠢᠵᠢᠷᠠᠭᠤᠯᠵᠤ᠂ | ᠢᠯᠠᠩᠭᠤᠶ᠎ᠠ ᠠᠵᠤ ᠠᠬᠤᠶᠢᠯᠠᠯ ᠪᠣᠯᠤᠨ ᠤᠯᠠᠨ ᠲᠦᠮᠡᠨ ᠤ ᠬᠡᠷᠡᠭᠴᠡᠭᠡ ᠪᠠᠷ ᠵᠤᠷᠢᠯᠳᠠ ᠪᠣᠯᠭᠠᠵᠤ᠂ ᠰᠠᠯᠠᠭ᠎ᠠ | ᠮᠥᠴᠢᠷ ᠤᠨ ᠬᠤᠭᠤᠷᠣᠨᠳᠣᠬᠢ ᠳ᠋ᠡᠶᠢᠲ᠋ᠠ ᠶᠢᠨ ᠪᠠᠬᠢᠯᠡᠯᠲᠡ ᠶᠢ ᠨᠡᠪᠲᠡᠷᠡᠭᠦᠯᠵᠦ᠂ ︽ᠰᠦᠯᠵᠢᠶ᠋ᠨᠨ ᠳᠤ ᠭᠠᠷᠭᠠᠵᠤ | ᠪᠤᠯᠬᠤ ᠶᠢ ᠨᠢ ᠪᠦᠬᠦᠨ ᠢ ᠰᠦᠯᠵᠢᠶᠡᠨ ᠳᠤ ᠭᠠᠷᠭᠠᠬᠤ︾ ᠵᠠᠷᠴᠢᠮ ᠢᠶᠠᠷ ᠳ᠋ᠡᠶᠢᠲ᠋ᠠ ᠶᠢ ᠡᠭᠦᠯᠡᠨ ᠲᠠᠪᠴᠠᠩ ᠳᠤ | ᠭᠠᠷᠭᠠᠬᠤ ᠶᠢ ᠠᠬᠢᠭᠤᠯᠵᠤ᠂ ᠬᠤᠯᠪᠣᠯᠳᠤᠨ ᠨᠡᠪᠲᠡᠷᠡᠯᠴᠡᠬᠦ ᠶᠢ ᠪᠡᠶᠡᠯᠡᠭᠦᠯᠵᠦ᠂ ᠵᠠᠰᠠᠭ ᠤᠨ ᠶᠠᠪᠤᠳᠠᠯ ᠤᠨ | ᠦᠢᠯᠡᠴᠢᠯᠡᠭᠡ ᠶᠢ ︽ᠬᠦᠢᠴᠡᠳᠬᠡᠵᠤ ᠳᠡᠶᠢᠯᠬᠦ︾ ᠠᠴᠠ ︽ᠲᠦᠷᠭᠡᠨ ᠬᠦᠢᠴᠡᠳᠬᠡᠬᠦ᠂ ᠠᠮᠠᠷᠬᠠᠨ ᠬᠦᠢᠴᠡᠳᠬᠡᠬᠦ᠂ | ᠰᠠᠶᠢᠳᠤᠷ ᠬᠦᠢᠴᠡᠳᠬᠡᠬᠦ︾ ᠲᠡᠶᠢᠰᠢ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ᠃ ᠳ᠋ᠡᠶᠢᠲ᠋ᠠ ᠶᠢᠨ ᠠᠮᠤᠷ | ᠲᠦᠪᠰᠢᠨ ᠤ ᠰᠡᠷᠭᠡᠶᠢᠯᠡᠨ ᠡᠵᠡᠮᠳᠡᠬᠦ ᠲᠣᠭᠲᠠᠴᠠ ᠶᠢ ᠪᠦᠷᠢᠨᠰᠢᠬᠦᠯᠵᠤ᠂ ᠬᠠᠯᠳᠠᠨ ᠣᠷᠣᠬᠤ ᠶᠢ ᠰᠡᠷᠭᠡᠶᠢᠯᠡᠵᠦ᠂ | ᠬᠤᠯᠠᠭᠠᠶᠢᠯᠠᠨ ᠠᠪᠬᠤ ᠶᠢ ᠰᠡᠷᠭᠡᠶᠢᠯᠡᠵᠦ᠂ ᠨᠢᠭᠤᠴᠠ ᠶᠢ ᠵᠠᠳᠠᠷᠠᠭᠤᠯᠬᠤ ᠶᠢ ᠰᠡᠷᠭᠡᠶᠢᠯᠡᠵᠦ᠂ ᠳ᠋ᠡᠶᠢᠲ᠋ᠠ ᠶᠢᠨ ᠠᠮᠤᠷ | ᠲᠦᠪᠰᠢᠨ ᠤ ᠬᠤᠷᠢᠭ᠎ᠠ ᠱᠤᠭᠤᠮ ᠢ ᠰᠠᠬᠢᠬᠤ ᠬᠡᠷᠡᠭᠲᠡᠢ ᠭᠡᠵᠤ ᠴᠢᠬᠤᠯᠠᠴᠢᠯᠠᠪᠠ᠃ | ᠪᠦᠦ ᠰᠢᠶᠠᠨ ᠬᠤᠸᠠ ᠠᠵᠢᠯᠯᠠᠭ᠎ᠠ ᠳᠤ ᠣᠷᠣᠯᠴᠠᠵᠠᠢ᠃ |