ᠰᠢᠨᠬᠤᠸᠠ ᠬᠤᠷᠢᠶ᠎ᠠ ᠶᠢᠨ ᠮᠣᠰᠺᠸᠠ ᠶᠢᠨ 5 ᠰᠠᠷ᠎ᠠ ᠶᠢᠨ 8 ᠤ ᠴᠠᠭᠢᠯᠭᠠᠨ ᠮᠡᠳᠡᠭᠡ ᠲᠤᠬᠠᠢ ᠶᠢᠨ ᠭᠠᠵᠠᠷ ᠤᠨ ᠴᠠᠭ ᠢᠶᠠᠷ | 5 ᠰᠠᠷ᠎ᠠ ᠶᠢᠨ 8 ᠤ ᠦᠳᠡ ᠳᠤ᠂ ᠤᠯᠤᠰ ᠤᠨ ᠲᠡᠷᠢᠭᠦᠯᠡᠭᠴᠢ ᠰᠢ ᠶᠢᠨ ᠫᠢᠩ ᠤᠷᠤᠰ ᠤᠨ ᠶᠡᠷᠦᠩᠬᠡᠶᠢᠯᠡᠭᠴᠢ ᠫᠦᠲ᠋ᠢᠨ ᠲᠠᠢ | ᠮᠣᠰᠺᠸᠠ ᠶᠢᠨ ᠺᠷᠧᠮᠯᠢ ᠣᠷᠳᠣᠨ ᠳᠤ ᠬᠡᠯᠡᠯᠴᠡᠭᠡ ᠬᠢᠭᠰᠡᠨ ᠤ ᠳᠠᠷᠠᠭ᠎ᠠ ᠬᠠᠮᠲᠤ ᠪᠠᠷ ᠰᠤᠷᠪᠤᠯᠵᠢᠯᠠᠬᠴᠢᠳ ᠲᠠᠢ ᠠᠭᠤᠯᠵᠠᠪᠠ᠃ | ᠰᠢ ᠶᠢᠨ ᠫᠢᠩ᠂ ᠪᠢ ᠰᠠᠶ᠋ᠢᠬᠠᠨ ᠶᠡᠷᠦᠩᠬᠡᠶᠢᠯᠡᠭᠴᠢ ᠫᠦᠲ᠋ᠢᠨ ᠲᠠᠢ ᠭᠦᠨᠵᠡᠭᠡᠢ ᠨᠥᠭᠦᠷᠰᠡᠭ᠂ ᠪᠠᠶᠠᠯᠢᠭ ᠦᠷ᠎ᠡ | ᠪᠦᠲᠦᠭᠡᠯ ᠲᠠᠢ ᠬᠡᠯᠡᠯᠴᠡᠭᠡ ᠬᠢᠵᠦ᠂ ᠮᠠᠰᠢ ᠤᠯᠠᠨ ᠰᠢᠨ᠎ᠡ ᠴᠢᠬᠤᠯᠠ ᠬᠠᠮᠲᠤ ᠶᠢᠨ ᠲᠠᠨᠢᠯᠲᠠ ᠲᠠᠢ ᠪᠣᠯᠪᠠ᠃ ᠪᠢᠳᠡ | ᠬᠠᠮᠲᠤ ᠪᠠᠷ ︽ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠤᠷᠤᠰ ᠤᠨ ᠬᠤᠯᠪᠣᠭᠠᠨ ᠤ ᠳᠤᠮᠳᠠᠳᠤ | ᠤᠯᠤᠰ ᠤᠨ ᠠᠷᠠᠳ ᠲᠦᠮᠡᠨ ᠤ ᠶᠠᠫᠤᠨ ᠢ ᠡᠰᠡᠷᠭᠦᠴᠡᠬᠦ ᠲᠠᠶᠢᠨ᠂ ᠵᠥᠪᠯᠡᠯᠲᠦ ᠶᠢᠨ ᠠᠭᠤᠤ ᠶᠡᠭᠡ ᠤᠯᠤᠰ ᠢᠶᠠᠨ ᠬᠠᠮᠠᠭᠠᠯᠠᠬᠤ | ᠲᠠᠶᠢᠨ ᠤ ᠢᠯᠠᠯᠲᠠ ᠣᠯᠣᠭᠰᠠᠨ ᠵᠢᠴᠢ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠶᠢᠭᠤᠯᠤᠭᠳᠠᠭᠰᠠᠨ 80 ᠵᠢᠯ ᠤᠨ | ᠤᠢ ᠶᠢ ᠳᠤᠷᠠᠰᠬᠠᠬᠤ ᠲᠠᠰᠢᠷᠠᠮ ᠳᠤ ᠳᠤᠮᠳᠠᠳᠤ ᠤᠷᠤᠰ ᠤᠨ ᠰᠢᠨ᠎ᠡ ᠴᠠᠭ ᠦᠶ᠎ᠡ ᠶᠢᠨ ᠪᠦᠭᠦ ᠲᠠᠯ᠎ᠠ ᠶᠢᠨ ᠪᠠᠶᠢᠯᠳᠤᠬᠤ | ᠪᠣᠳᠣᠯᠭ᠎ᠠ ᠶᠢᠨ ᠬᠠᠮᠵᠢᠯᠴᠠᠭᠠᠨ ᠤ ᠬᠠᠨᠢᠲᠠᠨ ᠤ ᠬᠠᠷᠢᠯᠴᠠᠭ᠎ᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠲᠤᠬᠠᠢ | ᠬᠠᠮᠲᠤᠷᠠᠭᠰᠠᠨ ᠢᠯᠡᠷᠬᠡᠶᠢᠯᠡᠯᠲᠡ︾ ᠳᠤ ᠭᠠᠷ ᠤᠨ ᠦᠰᠦᠭ ᠵᠢᠷᠤᠵᠤ᠂ ᠬᠤᠶᠠᠷ ᠤᠯᠤᠰ ᠤᠨ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠤᠯᠠᠨ ᠬᠤᠪᠢ ᠬᠠᠮᠲᠤᠷᠠᠯᠴᠠᠭᠠᠨ ᠤ ᠪᠢᠴᠢᠭ ᠰᠣᠯᠢᠯᠴᠠᠵᠤ᠂ ᠳᠤᠮᠳᠠᠳᠤ ᠤᠷᠤᠰ ᠤᠨ ᠬᠠᠷᠢᠯᠴᠠᠭᠠᠨ ᠤ | ᠬᠥᠭᠵᠢᠯᠲᠡ ᠳᠤ ᠰᠢᠨ᠎ᠡ ᠬᠥᠳᠡᠯᠭᠡᠬᠦ ᠡᠨᠧᠷᠭᠢ ᠨᠡᠮᠡᠷᠢᠯᠡᠭᠰᠡᠨ ᠢ ᠭᠡᠷᠡᠴᠢᠯᠡᠪᠡ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠤᠷᠤᠰ ᠪᠣᠯ ᠮᠢᠨᠤ ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠶᠢᠨ | ᠬᠤᠪᠢ ᠪᠠᠷ ᠬᠠᠮᠤᠭ ᠤᠨ ᠤᠯᠠᠨ ᠠᠶᠢᠯᠴᠢᠯᠠᠯᠲᠠ ᠬᠢᠭᠰᠡᠨ ᠤᠯᠤᠰ ᠪᠠᠶᠢᠵᠤ᠂ ᠡᠨᠡ ᠤᠳᠠᠭ᠎ᠠ ᠪᠣᠯ ᠠᠷᠪᠠᠨ ᠨᠢᠭᠡᠳᠦᠭᠡᠷ | ᠤᠳᠠᠭ᠎ᠠ ᠤᠷᠤᠰ ᠲᠤ ᠢᠷᠡᠵᠦ ᠪᠠᠶᠢᠭ᠎ᠠ ᠶᠠᠪᠤᠳᠠᠯ ᠪᠣᠯᠣᠨ᠎ᠠ᠃ ᠮᠠᠷᠭᠠᠰᠢ ᠪᠢ ᠵᠥᠪᠯᠡᠯᠲᠦ ᠶᠢᠨ ᠠᠭᠤᠤ ᠶᠡᠭᠡ ᠤᠯᠤᠰ ᠢᠶᠠᠨ | ᠬᠠᠮᠠᠭᠠᠯᠠᠬᠤ ᠲᠠᠶᠢᠨ ᠢᠯᠠᠯᠲᠠ ᠣᠯᠣᠭᠰᠠᠨ 80 ᠵᠢᠯ ᠤᠨ ᠤᠢ ᠶᠢ ᠳᠤᠷᠠᠰᠬᠠᠬᠤ ᠪᠠᠶᠠᠷ ᠤᠨ ᠶᠣᠰᠣᠯᠠᠯ ᠳᠤ ᠣᠷᠣᠯᠴᠠᠨ᠎ᠠ᠂ | ᠡᠨᠡ ᠨᠢ ᠮᠥᠨ ᠴᠦ ᠪᠢ 10 ᠵᠢᠯ ᠤᠨ ᠲᠠᠷᠠᠭ᠎ᠠ ᠡᠨᠡ ᠬᠦ ᠦᠪᠡᠳᠡᠭᠰᠢ ᠶᠡᠭᠡ ᠳᠤᠷᠠᠰᠬᠠᠬᠤ ᠠᠵᠢᠯᠯᠠᠭ᠎ᠠ ᠳᠤ ᠳᠠᠬᠢᠨᠲᠠ | ᠣᠷᠤᠯᠴᠠᠬᠤ ᠶᠠᠪᠤᠳᠠᠯ ᠪᠣᠯᠣᠨ᠎ᠠ᠃ ᠥᠩᠭᠡᠷᠡᠭᠰᠡᠨ 10 ᠵᠢᠯ ᠪᠣᠯ ᠳᠡᠯᠡᠬᠡᠢ ᠶᠢᠨ ᠪᠠᠶᠢᠳᠠᠯ ᠳᠤ ᠶᠡᠭᠡ ᠦᠢᠮᠡᠭᠡᠨ ᠶᠡᠭᠡ | ᠬᠤᠪᠢᠰᠤᠯᠲᠠ ᠭᠠᠷᠤᠭᠰᠠᠨ 10 ᠵᠢᠯ ᠮᠥᠨ᠂ ᠪᠠᠰᠠ ᠴᠤ ᠳᠤᠮᠳᠠᠳᠤ ᠤᠷᠤᠰ ᠤᠨ ᠬᠠᠷᠢᠯᠴᠠᠭᠠᠨ ᠤ ᠶᠡᠭᠡ ᠬᠥᠭᠵᠢᠯᠲᠡ ᠶᠡᠭᠡ | ᠳᠠᠪᠠᠯᠲᠠ ᠲᠠᠢ ᠪᠣᠯᠤᠭᠰᠠᠨ 10 ᠵᠢᠯ ᠮᠥᠨ᠃ ᠪᠢᠳᠡ ᠳᠤᠮᠳᠠᠳᠤ ᠣᠷᠣᠰ ᠬᠤᠶᠠᠷ ᠤᠯᠤᠰ ᠤᠨ ᠤᠯᠤᠰ ᠲᠥᠷᠥ ᠶᠢᠨ | ᠢᠲᠡᠭᠡᠯᠴᠡᠭᠡ ᠲᠠᠰᠤᠷᠠᠯᠲᠠ ᠦᠭᠡᠢ ᠪᠠᠬᠢᠵᠢᠨ ᠭᠦᠨᠵᠡᠭᠡᠶᠢᠷᠡᠬᠦ ᠶᠢ ᠬᠠᠮᠲᠤ ᠪᠠᠷ ᠭᠡᠷᠡᠴᠢᠯᠡᠵᠦ᠂ ᠬᠤᠶᠠᠷ ᠤᠯᠤᠰ ᠤᠨ ᠡᠯ᠎ᠡ | ᠬᠦᠷᠢᠶᠡᠨ ᠳᠠᠬᠢ ᠬᠠᠮᠲᠤᠷᠠᠯᠴᠠᠭ᠎ᠠ ᠶᠢᠨ ︽ᠡᠳᠦᠷ ᠠᠴᠠ ᠡᠳᠦᠷ ᠥᠭᠡᠳᠡᠯᠡᠨ ᠳᠠᠪᠰᠢᠬᠤ︾ ᠶᠢ ᠭᠡᠷᠡᠴᠢᠯᠡᠪᠡ᠃ ᠳᠡᠯᠡᠬᠡᠢ ᠶᠢᠨ | ᠬᠤᠪᠢᠷᠠᠯᠲᠠ᠂ ᠴᠠᠭ ᠦᠶ᠎ᠡ ᠶᠢᠨ ᠬᠤᠪᠢᠷᠠᠯᠲᠠ᠂ ᠲᠡᠦᠬᠡ ᠶᠢᠨ ᠬᠤᠪᠢᠷᠠᠯᠲᠠ ᠶᠢᠨ ᠡᠮᠦᠨ᠎ᠡ ᠳᠤᠮᠳᠠᠳᠤ ᠤᠷᠤᠰ ᠬᠤᠶᠠᠷ | ᠤᠯᠤᠰ ᠬᠤᠶᠠᠷ ᠲᠠᠯ᠎ᠠ ᠶᠢᠨ ᠬᠠᠷᠢᠯᠴᠠᠭᠠᠨ ᠤ ᠤᠷᠤᠭᠰᠢᠯᠠᠯᠲᠠ ᠶᠢᠨ ᠴᠢᠭᠯᠡᠯ ᠪᠣᠯᠣᠨ ᠬᠥᠮᠥᠨ ᠲᠥᠷᠥᠯᠬᠢᠲᠡᠨ ᠤ ᠨᠡᠶᠢᠭᠡᠮ ᠤᠨ | ᠬᠥᠭᠵᠢᠯᠲᠡ ᠶᠢᠨ ᠶᠡᠭᠡ ᠬᠠᠨᠳᠤᠰᠢ ᠶᠢ ᠪᠠᠲᠤ ᠡᠵᠡᠮᠳᠡᠵᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠪᠦᠭᠦ ᠲᠠᠯ᠎ᠠ ᠪᠠᠷ | ᠬᠠᠮᠵᠢᠯᠴᠠᠵᠤ᠂ ᠬᠤᠶᠠᠷ ᠤᠯᠤᠰ ᠤᠨ ᠬᠥᠭᠵᠢᠯ ᠮᠠᠨᠳᠤᠯ ᠢ ᠠᠬᠢᠭᠤᠯᠬᠤ᠂ ᠳᠡᠯᠡᠬᠡᠢ ᠶᠢᠨ ᠲᠥᠪ ᠭᠤᠣᠯᠴᠢ ᠰᠢᠳᠤᠷᠭᠤ | ᠶᠣᠰᠣ ᠶᠢ ᠬᠠᠮᠠᠭᠠᠯᠠᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ᠃ | ᠦᠶ᠎ᠡ ᠶᠢᠨ ᠦᠶ᠎ᠡ ᠳᠡᠭᠡᠨ ᠨᠥᠭᠦᠷᠰᠡᠭ ᠪᠠᠶᠢᠬᠤ ᠶᠢ ᠪᠠᠷᠢᠮᠲᠠᠯᠠᠵᠤ᠂ ᠳᠠᠪᠲᠠᠭᠳᠠᠨ ᠪᠣᠯᠪᠠᠰᠤᠷᠠᠭᠰᠠᠨ ᠵᠢᠩᠬᠢᠨᠢ ᠨᠠᠶᠢᠵᠠ | ᠪᠣᠯᠣᠨ᠎ᠠ᠃ 80 ᠵᠢᠯ ᠤᠨ ᠡᠮᠦᠨ᠎ᠡ ᠴᠡᠷᠢᠭᠯᠡᠬᠦ ᠦᠵᠡᠯ ᠪᠣᠯᠣᠨ ᠨᠠᠼᠢᠰ ᠦᠵᠡᠯ ᠤᠨ ᠨᠢᠭᠦᠯᠲᠦ ᠰᠠᠪᠠᠷ ᠤᠨ ᠡᠮᠦᠨ᠎ᠡ | ᠳᠤᠮᠳᠠᠳᠤ ᠤᠷᠤᠰ ᠬᠤᠶᠠᠷ ᠤᠯᠤᠰ ᠤᠨ ᠴᠡᠷᠢᠭ ᠠᠷᠠᠳ ᠬᠠᠷᠭᠢᠰ ᠳᠠᠶᠢᠰᠤᠨ ᠢ ᠬᠠᠮᠲᠤ ᠪᠠᠷ ᠬᠤᠷᠣᠰᠤᠨ ᠡᠰᠡᠷᠭᠦᠴᠡᠵᠦ᠂ | ᠮᠥᠷᠥ ᠵᠡᠷᠭᠡᠴᠡᠨ ᠪᠠᠶᠢᠯᠳᠤᠵᠤ᠂ ᠰᠦᠷ ᠳᠠᠯᠠᠶᠢᠴᠠᠲᠠᠢ ᠮᠠᠭᠲᠠᠨ ᠳᠠᠭᠤᠯᠠᠭᠤᠰᠢᠲᠠᠢ ᠲᠡᠦᠬᠡ ᠶᠢᠨ ᠬᠠᠭᠤᠳᠠᠰᠤ ᠶᠢ | ᠪᠢᠴᠢᠭᠯᠡᠭᠰᠡᠨ ᠶᠤᠮ᠃ ᠬᠤᠶᠠᠷ ᠤᠯᠤᠰ ᠤᠨ ᠠᠷᠠᠳ ᠲᠦᠮᠡᠨ ᠤ ᠴᠢᠰᠤ ᠪᠠ ᠭᠠᠯ ᠤᠨ ᠳᠤᠮᠳᠠ ᠳᠠᠪᠲᠠᠭᠳᠠᠨ ᠪᠦᠷᠢᠯᠳᠦᠭᠰᠡᠨ | ᠠᠭᠤᠤ ᠶᠡᠭᠡ ᠨᠥᠬᠦᠷᠯᠡᠯ ᠨᠢ ᠬᠤᠶᠠᠷ ᠲᠠᠯ᠎ᠠ ᠶᠢᠨ ᠬᠠᠷᠢᠯᠴᠠᠭ᠎ᠠ ᠶᠢᠨ ᠥᠨᠳᠥᠷ ᠲᠦᠪᠰᠢᠨ ᠪᠦᠬᠦᠢ ᠬᠥᠭᠵᠢᠯᠲᠡ ᠳᠤ ᠪᠠᠲᠤ | ᠪᠠᠬᠢ ᠰᠠᠭᠤᠷᠢ ᠶᠢ ᠲᠠᠯᠪᠢᠵᠤ ᠥᠭᠴᠡᠢ᠃ ᠳᠤᠮᠳᠠᠳᠤ ᠤᠷᠤᠰ ᠬᠤᠶᠠᠷ ᠲᠠᠯ᠎ᠠ ᠪᠠᠷ ᠢᠶᠠᠨ ᠤᠯᠤᠰ ᠲᠦᠷᠦ ᠶᠢᠨ | ᠢᠲᠡᠭᠡᠯᠴᠡᠭᠡ ᠪᠠᠨ ᠭᠦᠨᠵᠡᠭᠡᠶᠢᠷᠡᠭᠦᠯᠵᠦ᠂ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭ᠎ᠠ ᠪᠠᠨ ᠨᠢᠭᠲᠠᠷᠠᠭᠤᠯᠵᠤ᠂ ᠬᠤᠶᠠᠷ | ᠲᠠᠯ᠎ᠠ ᠶᠢᠨ ᠬᠠᠷᠢᠯᠴᠠᠭ᠎ᠠ ᠶᠢᠨ ᠨᠡᠩ ᠪᠣᠯᠪᠠᠰᠤᠷᠠᠩᠭᠤᠢ ᠪᠠ ᠪᠠᠲᠤ ᠴᠢᠩᠭ᠎ᠠ ᠢᠷᠡᠭᠡᠳᠦᠢ ᠲᠡᠶᠢᠰᠢ ᠤᠷᠤᠭᠰᠢᠯᠠᠬᠤ ᠶᠢ | ᠠᠬᠢᠭᠤᠯᠤᠨ᠎ᠠ᠃ | ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠶᠢ ᠪᠠᠷᠢᠮᠲᠠᠯᠠᠵᠤ᠂ ᠬᠠᠷᠢᠯᠴᠠᠨ ᠠᠮᠵᠢᠯᠲᠠ ᠣᠯᠣᠭᠰᠠᠨ ᠰᠠᠶᠢᠨ | ᠬᠠᠨᠢᠲᠠᠨ ᠪᠣᠯᠣᠨ᠎ᠠ᠃ ᠳᠡᠯᠡᠬᠡᠢ ᠶᠢᠨ ᠬᠤᠶᠠᠳᠤᠭᠠᠷ ᠶᠡᠭᠡ ᠲᠠᠶᠢᠨ ᠤ ᠬᠤᠭᠤᠴᠠᠭᠠᠨ ᠳᠤ ᠬᠦᠴᠢᠷ ᠪᠡᠷᠬᠡᠰᠢᠶᠡᠯ ᠬᠠᠷᠰᠢ | ᠰᠠᠭᠠᠳ ᠢ ᠢᠯᠠᠨ ᠳᠠᠪᠠᠵᠤ ᠬᠠᠷᠢᠯᠴᠠᠨ ᠶᠡᠭᠡ ᠬᠡᠮᠵᠢᠶᠡᠨ ᠤ ᠪᠠᠴᠢᠮ ᠬᠡᠷᠡᠭᠰᠡᠬᠦ ᠡᠳ᠋ ᠪᠣᠳᠠᠰ ᠬᠦᠷᠭᠡᠭᠰᠡᠨ ᠠᠴᠠ ᠠᠪᠤᠭᠠᠳ | ᠡᠳᠦᠭᠡ ᠬᠤᠶᠠᠷ ᠲᠠᠯ᠎ᠠ ᠶᠢᠨ ᠠᠷᠠᠯᠵᠢᠶᠠᠨ ᠤ ᠬᠡᠮᠵᠢᠶ᠎ᠡ ᠤᠳᠠᠭ᠎ᠠ ᠳᠠᠷᠠᠭᠠᠯᠠᠨ ᠰᠢᠨ᠎ᠡ ᠲᠡᠮᠳᠡᠭᠯᠡᠯ ᠢ ᠡᠭᠦᠳᠦᠭᠰᠡᠨ ᠭᠦᠷᠲᠡᠯ᠎ᠡ | ᠳᠤᠮᠳᠠᠳᠤ ᠤᠷᠤᠰ ᠤᠨ ᠬᠠᠷᠢᠯᠴᠠᠨ ᠠᠰᠢᠭᠲᠠᠢ ᠬᠠᠮᠲᠤᠷᠠᠯᠴᠠᠭᠠᠨ ᠤ ︽ᠲᠦᠷᠭᠡᠨ ᠤ ᠭᠠᠯᠲᠤ ᠲᠡᠷᠭᠡ︾ ᠬᠦᠴᠢᠷ ᠢ | ᠲᠤᠭᠤᠯᠤᠨ ᠪᠡᠷᠬᠡ ᠶᠢ ᠳᠠᠪᠠᠵᠤ᠂ ᠲᠦᠢᠯ ᠤᠨ ᠶᠡᠷᠦ ᠪᠤᠰᠤ ᠶᠢᠨ ᠲᠡᠦᠬᠡᠨ ᠶᠠᠪᠤᠴᠠ ᠶᠢ ᠥᠩᠭᠡᠷᠡᠭᠦᠯᠵᠡᠢ᠃ ᠳᠤᠮᠳᠠᠳᠤ | ᠤᠷᠤᠰ ᠬᠤᠶᠠᠷ ᠲᠠᠯ᠎ᠠ ᠪᠠᠷ ᠢᠶᠠᠨ ᠦᠷᠭᠦᠯᠵᠢᠯᠡᠨ ᠡᠯ᠎ᠡ ᠬᠦᠷᠢᠶᠡᠨ ᠳᠠᠬᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ | ᠭᠦᠨᠵᠡᠭᠡᠶᠢᠷᠡᠭᠦᠯᠵᠦ᠂ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭᠠᠨ ᠤ ᠪᠣᠳᠠᠰ ᠤᠨ ᠰᠠᠭᠤᠷᠢ ᠶᠢ | ᠪᠠᠬᠢᠵᠢᠭᠦᠯᠵᠦ᠂ ᠬᠤᠶᠠᠷ ᠤᠯᠤᠰ ᠤᠨ ᠠᠷᠠᠳ ᠲᠦᠮᠡᠨ ᠳᠤ ᠲᠠᠰᠤᠷᠠᠯᠲᠠ ᠦᠭᠡᠢ ᠪᠤᠶᠠᠨ ᠦᠢᠯᠡᠳᠴᠦ᠂ ᠪᠦᠭᠦ | ᠪᠥᠮᠪᠥᠷᠴᠡᠭ ᠤᠨ ᠬᠥᠭᠵᠢᠯᠲᠡ ᠳᠤ ᠨᠡᠩ ᠬᠦᠴᠦᠷᠬᠡᠭ ᠶᠡᠭᠡ ᠬᠥᠳᠡᠯᠭᠡᠬᠦ ᠡᠨᠧᠷᠭᠢ ᠨᠡᠮᠡᠷᠢᠯᠡᠨ᠎ᠡ᠃ | ᠲᠥᠪ ᠭᠤᠣᠯᠴᠢ ᠰᠢᠳᠤᠷᠭᠤ ᠶᠣᠰᠣ ᠶᠢ ᠪᠠᠷᠢᠮᠲᠠᠯᠠᠵᠤ᠂ ᠤᠯᠠᠨ ᠤᠯᠤᠰ ᠤᠨ ᠡᠮᠬᠢ ᠳᠢᠭᠯᠢᠮ ᠤᠨ ᠬᠠᠮᠠᠭᠠᠯᠠᠭᠴᠢ ᠪᠣᠯᠣᠨ᠎ᠠ | ᠃ ᠳᠤᠮᠳᠠᠳᠤ ᠤᠯᠤᠰ ᠪᠣᠯᠣᠨ ᠣᠷᠣᠰ ᠬᠤᠶᠠᠳᠤᠭᠠᠷ ᠤᠳᠠᠭᠠᠨ ᠤ ᠳᠡᠯᠡᠬᠡᠢ ᠶᠢᠨ ᠶᠡᠭᠡ ᠳᠠᠶᠢᠨ ᠤ ᠠᠽᠢᠶ᠎ᠠ ᠲᠢᠪ ᠪᠣᠯᠣᠨ | ᠡᠸᠦ᠋ᠷᠦᠫᠡ ᠲᠢᠪ ᠤᠨ ᠭᠤᠣᠯ ᠳᠠᠶᠢᠨ ᠤ ᠲᠠᠯᠠᠪᠤᠷ ᠪᠣᠯᠤᠭᠰᠠᠨ ᠤ ᠬᠤᠪᠢ ᠳᠤ ᠳᠡᠯᠡᠬᠡᠢ ᠶᠢᠨ ᠹᠠᠱᠢᠰ ᠢ ᠡᠰᠡᠷᠭᠦᠴᠡᠬᠦ | ᠳᠠᠶᠢᠨ ᠤ ᠢᠯᠠᠯᠲᠠ ᠶᠢ ᠣᠯᠬᠤ ᠳᠤ ᠰᠢᠢᠳᠪᠦᠷᠢᠲᠦ ᠴᠢᠨᠠᠷᠲᠠᠢ ᠬᠤᠪᠢ ᠨᠡᠮᠡᠷᠢ ᠦᠵᠡᠭᠦᠯᠦᠭᠰᠡᠨ ᠪᠥᠭᠡᠳ ᠳᠠᠶᠢᠨ ᠤ | ᠳᠠᠷᠠᠭᠠᠬᠢ ᠣᠯᠠᠨ ᠤᠯᠤᠰ ᠤᠨ ᠡᠮᠬᠢ ᠳᠢᠭᠯᠢᠮ ᠤᠨ ᠪᠠᠶᠢᠭᠤᠯᠤᠭᠳᠠᠬᠤ ᠰᠠᠭᠤᠷᠢ ᠶᠢ ᠲᠠᠯᠪᠢᠭᠰᠠᠨ ᠪᠠᠶᠢᠨ᠎ᠠ᠃ ᠳᠡᠯᠡᠬᠡᠢ | ᠨᠡᠶᠢᠭᠡᠮ ᠤᠨ ᠲᠣᠭᠲᠠᠭᠤᠨ᠂ ᠢᠳᠡᠪᠬᠢᠲᠡᠢ᠂ ᠳᠠᠪᠰᠢᠩᠭᠤᠢ ᠬᠦᠴᠦᠨ ᠪᠣᠯᠤᠭᠰᠠᠨ ᠤ ᠬᠤᠪᠢ ᠳᠤ ᠳᠤᠮᠳᠠᠳᠤ ᠤᠷᠤᠰ ᠬᠤᠶᠠᠷ | ᠤᠯᠤᠰ ᠦᠷᠭᠦᠯᠵᠢᠯᠡᠨ ᠡᠷᠡᠰ ᠪᠠᠲᠤ ᠪᠠᠷ ᠬᠠᠮᠲᠤ ᠵᠣᠭᠰᠣᠵᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠣᠯ | ᠪᠤᠯᠭᠠᠬᠰᠠᠨ ᠤᠯᠠᠨ ᠤᠯᠤᠰ ᠤᠨ ᠰᠢᠰᠲ᠋ᠧᠮ ᠪᠣᠯᠣᠨ ᠤᠯᠠᠨ ᠤᠯᠤᠰ ᠤᠨ ᠬᠠᠤᠯᠢ ᠪᠠᠷ ᠰᠠᠭᠤᠷᠢ ᠪᠤᠯᠭᠠᠬᠰᠠᠨ ᠤᠯᠠᠨ | ᠤᠯᠤᠰ ᠤᠨ ᠡᠮᠬᠢ ᠳᠢᠭᠯᠢᠮ ᠢ ᠡᠷᠡᠰ ᠬᠠᠮᠠᠭᠠᠯᠠᠵᠤ᠂ ᠡᠷᠬᠡ ᠲᠡᠭᠰᠢ ᠡᠮᠬᠢ ᠵᠢᠷᠤᠮ ᠲᠠᠢ ᠳᠡᠯᠡᠬᠡᠢ ᠶᠢᠨ ᠤᠯᠠᠨ | ᠲᠦᠢᠯᠵᠢᠯᠳᠡ ᠶᠢ ᠦᠷᠭᠦᠯᠵᠢᠯᠡᠨ ᠠᠬᠢᠭᠤᠯᠤᠨ᠎ᠠ᠃ | ᠰᠡᠳᠬᠢᠯ ᠨᠢᠭᠡᠳᠦᠨ ᠬᠦᠴᠦ ᠪᠠᠨ ᠬᠠᠮᠲᠤᠳᠬᠠᠬᠤ ᠶᠢ ᠪᠠᠷᠢᠮᠲᠠᠯᠠᠵᠤ᠂ ᠪᠦᠭᠦ ᠪᠥᠮᠪᠥᠷᠴᠡᠭ ᠤᠨ ᠵᠠᠰᠠᠯᠲᠠ ᠶᠢᠨ | ᠳᠠᠭᠠᠭᠤᠯᠤᠭᠴᠢ ᠪᠣᠯᠣᠨ᠎ᠠ᠃ ᠳᠡᠯᠡᠬᠡᠢ ᠶᠢᠨ ᠢᠷᠡᠭᠡᠳᠦᠢ ᠬᠤᠪᠢ ᠵᠠᠶᠠᠭ᠎ᠠ ᠶᠢ ᠡᠯ᠎ᠡ ᠤᠯᠤᠰ ᠬᠠᠮᠲᠤ ᠪᠠᠷ ᠡᠵᠡᠮᠰᠢᠪᠡᠯ ᠵᠣᠬᠢᠨ᠎ᠠ | ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠦᠷ᠎ᠡ ᠪᠦᠲᠦᠭᠡᠯ ᠢ ᠡᠯ᠎ᠡ ᠤᠯᠤᠰ ᠬᠠᠮᠲᠤ ᠪᠠᠷ ᠡᠳ᠋ᠯᠡᠪᠡᠯ ᠵᠣᠬᠢᠨ᠎ᠠ᠃ ᠳᠤᠮᠳᠠᠳᠤ | ᠤᠷᠤᠰ ᠴᠥᠮ ᠳᠡᠯᠡᠬᠡᠢ ᠶᠢᠨ ᠲᠣᠮᠣ ᠤᠯᠤᠰ ᠪᠠ ᠴᠢᠬᠤᠯᠠ ᠰᠢᠨ᠎ᠡ ᠪᠠᠷ ᠮᠠᠨᠳᠤᠭᠰᠠᠨ ᠵᠠᠬ᠎ᠠ ᠳᠡᠯᠭᠡᠭᠦᠷ ᠤᠨ ᠤᠯᠤᠰ ᠪᠣᠯᠬᠤᠷ | ᠴᠥᠮ ᠪᠦᠭᠦ ᠪᠥᠮᠪᠥᠷᠴᠡᠭ ᠤᠨ ᠵᠠᠰᠠᠯᠲᠠ ᠶᠢᠨ ᠨᠡᠩ ᠲᠥᠪ ᠭᠤᠣᠯᠴᠢ ᠵᠦᠢ ᠵᠣᠬᠢᠰᠲᠠᠢ ᠴᠢᠭᠯᠡᠯ ᠲᠡᠶᠢᠰᠢ ᠬᠥᠭᠵᠢᠬᠦ ᠶᠢ | ᠠᠬᠢᠭᠤᠯᠬᠤ ᠡᠷᠬᠢᠮ ᠳᠡᠭᠡᠳᠦ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠨ᠎ᠠ᠃ ᠬᠤᠶᠠᠷ ᠲᠠᠯ᠎ᠠ ᠪᠠᠷ ᠢᠶᠠᠨ ᠤᠯᠠᠨ | ᠤᠯᠤᠰ ᠤᠨ ᠬᠤᠯᠪᠣᠭᠠᠲᠤ ᠪᠠᠶᠢᠭᠤᠯᠭ᠎ᠠ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ᠂ ᠠᠯᠳᠠᠨ | ᠲᠣᠭᠤᠰᠭ᠋᠎ᠠ ᠤᠯᠤᠰ ᠤᠳ ᠵᠡᠷᠭᠡ ᠤᠯᠠᠨ ᠲᠠᠯᠠᠲᠤ ᠲᠠᠪᠴᠠᠩ ᠳᠠᠬᠢ ᠬᠠᠮᠵᠢᠯᠴᠠᠭ᠎ᠠ ᠪᠠᠨ ᠴᠢᠩᠭᠠᠳᠬᠠᠵᠤ᠂ ᠵᠢᠩᠬᠢᠨᠢ ᠤᠯᠠᠨ | ᠲᠠᠯᠠᠲᠤ ᠦᠵᠡᠯ ᠢ ᠪᠠᠲᠤ ᠰᠠᠬᠢᠵᠤ᠂ ᠪᠦᠭᠦ ᠪᠥᠮᠪᠥᠷᠴᠡᠭ ᠤᠨ ᠵᠠᠰᠠᠯᠲᠠ ᠶᠢ ᠵᠥᠪ ᠴᠢᠭᠯᠡᠯ ᠢᠶᠠᠷ ᠬᠥᠲᠥᠯᠥᠨ ᠳᠠᠭᠠᠭᠤᠯᠵᠤ᠂ | ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠶᠢ ᠠᠬᠢᠭᠤᠯᠤᠨ᠎ᠠ ᠭᠡᠵᠦ ᠴᠢᠬᠤᠯᠠᠴᠢᠯᠠᠪᠠ᠃ | ᠰᠢ ᠶᠢᠨ ᠫᠢᠩ᠂ ᠤᠷᠪᠠᠭᠠᠨ ᠬᠥᠷᠪᠡᠭᠡᠨ ᠬᠤᠪᠢᠷᠠᠯᠲᠠ ᠰᠤᠯᠪᠢᠴᠠᠨ ᠣᠷᠣᠰᠢᠭᠰᠠᠨ ᠳᠡᠯᠡᠬᠡᠢ ᠶᠢᠨ ᠪᠠᠶᠢᠳᠠᠯ ᠤᠨ ᠡᠮᠦᠨ᠎ᠡ | ᠳᠤᠮᠳᠠᠳᠤ ᠤᠷᠤᠰ ᠬᠤᠶᠠᠷ ᠤᠯᠤᠰ ᠥᠨᠢᠳᠡ ᠶᠢᠨ ᠡᠶᠡᠯᠳᠡᠭ ᠬᠥᠷᠰᠢ ᠶᠢᠨ ᠨᠥᠭᠦᠷᠰᠡᠭ ᠬᠠᠷᠢᠯᠴᠠᠭ᠎ᠠ᠂ ᠪᠦᠭᠦ ᠲᠠᠯ᠎ᠠ ᠶᠢᠨ | ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭ᠎ᠠ᠂ ᠬᠠᠷᠢᠯᠴᠠᠨ ᠠᠰᠢᠭᠲᠠᠢ ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠵᠣᠷᠢᠭ | ᠰᠠᠨᠠᠭ᠎ᠠ ᠶᠢ ᠡᠷᠡᠰ ᠪᠠᠷᠢᠮᠲᠠᠯᠠᠵᠤ᠂ ᠰᠠᠯᠬᠢ ᠪᠣᠷᠣᠭᠠᠨ ᠢ ᠬᠠᠮᠲᠤ ᠪᠠᠷ ᠥᠩᠭᠡᠷᠡᠭᠦᠯᠵᠦ᠂ ᠬᠦᠴᠢᠷ ᠪᠡᠷᠬᠡᠰᠢᠶᠡᠯ ᠢ ᠬᠠᠮᠲᠤ ᠪᠠᠷ | ᠲᠤᠭᠤᠯᠵᠤ᠂ ᠳᠤᠮᠳᠠᠳᠤ ᠤᠷᠤᠰ ᠤᠨ ᠬᠠᠷᠢᠯᠴᠠᠭᠠᠨ ᠤ ᠥᠨᠳᠥᠷᠴᠡ᠂ ᠥᠷᠭᠡᠴᠡ᠂ ᠤᠶᠠᠨ ᠬᠠᠳᠠᠨ ᠴᠢᠨᠠᠷ ᠢ ᠪᠦᠭᠦ | ᠲᠠᠯ᠎ᠠ ᠪᠠᠷ ᠳᠡᠭᠡᠭᠰᠢᠯᠡᠭᠦᠯᠵᠦ᠂ ᠳᠡᠯᠡᠬᠡᠢ ᠶᠢᠨ ᠡᠩᠬᠡ ᠲᠠᠶᠢᠪᠤᠩ ᠪᠣᠯᠣᠨ ᠠᠮᠤᠷ ᠲᠦᠪᠰᠢᠨ ᠳᠤ ᠨᠡᠩ ᠤᠯᠠᠨ ᠲᠣᠭᠲᠠᠭᠤᠨ | ᠴᠢᠨᠠᠷ ᠨᠡᠮᠡᠷᠢᠯᠡᠵᠦ᠂ ᠪᠦᠭᠦ ᠪᠥᠮᠪᠥᠷᠴᠡᠭ ᠤᠨ ᠬᠥᠭᠵᠢᠯ ᠴᠡᠴᠡᠭᠯᠡᠯ ᠳᠤ ᠨᠡᠩ ᠬᠦᠴᠦᠷᠬᠡᠭ ᠶᠡᠭᠡ ᠬᠥᠳᠡᠯᠭᠡᠬᠦ ᠬᠦᠴᠦᠨ | ᠬᠠᠩᠭᠠᠨ᠎ᠠ ᠭᠡᠵᠦ ᠴᠢᠬᠤᠯᠠᠴᠢᠯᠠᠪᠠ᠃ | ᠼᠠᠢ ᠴᠢ᠂ ᠸᠠᠩ ᠢ ᠨᠠᠷ ᠣᠷᠣᠯᠴᠠᠵᠠᠢ᠃ |